10 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠮᠠᠨ ᠤ ᠬᠤᠰᠢᠭᠤ ᠪᠥᠬᠦ ᠬᠤᠰᠢᠭᠤᠨ ᠤ ᠭᠤᠷᠪᠠᠳᠤᠭᠠᠷ ᠤᠯᠠᠷᠢᠯ ᠤᠨ ᠴᠢᠬᠤᠯᠠ ᠶᠡᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠡᠷᠢᠭᠦᠨ ᠳᠤ ᠣᠷᠣᠬᠤ ᠪᠠᠷ ᠴᠢᠷᠮᠠᠶᠢᠨ ᠣᠷᠣᠯᠳᠤᠨ ᠲᠡᠮᠡᠴᠡᠬᠦ ︾ ᠲᠤᠬᠠᠶ ᠶᠢᠨ ᠲᠠᠯᠠᠪᠠᠶ ᠶᠢᠨ | ᠦᠵᠡᠭᠦᠯᠦᠯᠭᠡ ᠶᠢᠨ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠲᠥᠪᠯᠡᠷᠡᠭᠦᠯᠦᠨ ᠰᠢᠯᠭᠠᠨ ᠦᠵᠡᠪᠡ᠃ 2024 ᠣᠨ ᠳᠤ᠂ ᠪᠥᠬᠦ ᠬᠤᠰᠢᠭᠤ 238 ᠲᠥᠷᠥᠯ ᠤᠨ ᠲᠥᠷᠥᠯ ᠵᠦᠢᠯ ᠢ ᠰᠢᠪᠳᠤᠯᠤᠨ ᠪᠠᠶᠢᠭᠤᠯᠵᠤ᠂ ᠡᠭᠦᠨ ᠤ ᠳᠣᠲᠣᠷ᠎ᠠ | ᠰᠢᠨ᠎ᠡ ᠪᠠᠷ ᠪᠠᠶᠢᠭᠤᠯᠤᠭᠰᠠᠨ 169 ᠲᠥᠷᠥᠯ ᠵᠦᠢᠯ ᠪᠠᠶᠢᠵᠤ᠂ 57 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ 193 ᠲᠥᠷᠥᠯ ᠵᠦᠢᠯ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ ᠪᠠᠶᠢᠨ᠎ᠠ᠃ | 1 — 9 ᠰᠠᠷ᠎ᠠ ᠳᠤ᠂ ᠪᠦᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ | 141 ᠪᠠᠶᠢᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ | ᠨᠢ ᠪᠦᠬᠦ ᠬᠤᠲᠠ ᠳᠤ ᠪᠠᠨ ᠬᠤᠶᠠᠳᠤᠭᠠᠷ ᠲᠤ ᠣᠷᠣᠪᠠ᠃ | | |