ᠣᠶᠢᠷ᠎ᠠ ᠶᠢᠨ ᠵᠢᠯ ᠳᠤ ᠪᠦᠬᠦ ᠣᠷᠤᠨ ᠤ ᠰᠣᠷᠭᠠᠨ ᠬᠦᠮᠦᠵᠢᠯ ᠤᠨ ᠰᠢᠰᠲ᠋ᠧᠮ ᠤᠨ ᠬᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠣᠰᠠᠯᠠᠬᠤ ᠪᠠᠭᠰᠢ ᠶᠢᠨ | ᠪᠣᠯᠪᠠᠰᠤᠷᠠᠯ ᠢ ᠦᠷᠭᠦᠯᠵᠢᠯᠡᠨ ᠦᠷᠨᠢᠭᠦᠯᠵᠦ᠂ ᠦᠷᠭᠡᠨ ᠣᠯᠠᠨ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ᠂ ᠦᠪᠡᠷ ᠢ ᠪᠠᠨ | ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠣᠰᠠᠯᠠᠬᠤ ᠪᠠᠭᠰᠢ ᠶᠢᠨ ᠬᠦᠴᠦᠨ ᠢ | ᠲᠡᠭᠦᠯᠳᠡᠷᠵᠢᠭᠦᠯᠪᠡ᠃ ᠣᠳᠤᠬᠠᠨ ᠪᠣᠯᠳᠠᠯ᠎ᠠ᠂ 386 ᠨᠡᠷᠡᠰ ᠪᠠᠭᠰᠢ ᠶᠢ ᠪᠣᠯᠪᠠᠰᠤᠷᠠᠭᠤᠯᠵᠤ᠂ ᠨᠡᠶᠢᠲᠡ 39 ᠲᠦᠮᠡᠨ ᠬᠦᠮᠦᠨ ᠤᠳᠠᠭᠠᠨ ᠤ ᠪᠠᠴᠢᠮ ᠠᠪᠤᠷᠠᠯᠲᠠ ᠶᠢᠨ | ᠮᠡᠳᠡᠯᠭᠡ ᠶᠢᠨ ᠪᠣᠯᠪᠠᠰᠤᠷᠠᠯ ᠢ ᠪᠡᠶᠡᠯᠡᠬᠦᠯᠵᠦ᠂ 58 ᠶᠡᠭᠡ ᠳᠡᠭᠡᠳᠦ ᠰᠤᠷᠭᠠᠭᠤᠯᠢ ᠪᠠ 12 ᠠᠶᠢᠮᠠᠭ ᠬᠤᠲᠠ ᠳᠤ ᠪᠦᠬᠦᠨ ᠢ ᠪᠦᠷᠭᠦᠬᠦᠯᠪᠡ᠃ | ᠣᠶᠢᠷ᠎ᠠ ᠶᠢᠨ ᠵᠢᠯ ᠤᠳ ᠲᠤ ᠮᠠᠨ ᠤ ᠣᠷᠤᠨ ᠰᠣᠷᠭᠠᠨ ᠬᠦᠮᠦᠵᠢᠯ ᠤᠨ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠣᠰᠠᠯᠠᠬᠤ ᠠᠵᠢᠯᠯᠠᠭ᠎ᠠ | ᠶᠢ ᠪᠦᠬᠦ ᠲᠠᠯ᠎ᠠ ᠪᠠᠷ ᠡᠭᠢᠯᠡᠭᠦᠯᠵᠦ᠂ ᠰᠣᠷᠭᠠᠭᠤᠯᠢ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠣᠰᠠᠯᠠᠬᠤ ᠦᠢᠯᠡᠴᠢᠯᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠲᠦᠭᠡᠮᠡᠯᠵᠢᠬᠦᠯᠬᠦ ᠪᠤᠯᠪᠠᠰᠤᠷᠠᠯ ᠦᠷᠨᠢᠭᠦᠯᠦᠭᠰᠡᠨ ᠪᠦᠭᠡᠳ ᠪᠠᠴᠢᠮ ᠠᠪᠤᠷᠠᠬᠤ ᠮᠡᠳᠡᠯᠭᠡ ᠶᠢ ᠰᠢᠨ᠎ᠡ | ᠰᠤᠷᠤᠭᠴᠢᠳ ᠤᠨ ᠴᠡᠷᠢᠭ ᠤᠨ ᠪᠤᠯᠪᠠᠰᠤᠷᠠᠯ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠭᠠᠳᠠᠨᠠᠬᠢ ᠠᠵᠢᠯᠯᠠᠭ᠎ᠠ ᠦᠢᠯᠡᠳᠦᠯᠭᠡ ᠳᠤ | ᠣᠷᠤᠭᠤᠯᠵᠤ᠂ ᠪᠠᠭᠰᠢ ᠰᠣᠷᠤᠭᠴᠢᠳ ᠤᠨ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠢᠯᠡᠳᠳᠡ ᠳᠡᠭᠡᠭᠰᠢᠯᠡᠭᠦᠯᠪᠡ᠃ | |