ᠲᠤᠰ ᠤᠳᠠᠭᠠᠨ ᠤ ᠠᠵᠢᠯᠯᠠᠭ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠨᠣᠮ ᠤᠨ ᠰᠠᠩ ᠠᠩᠭᠢ ᠪᠠᠷ ᠨᠢᠭᠡᠴᠢ ᠪᠣᠯᠭᠠᠨ ᠬᠤᠶᠠᠳᠤᠭᠠᠷ ᠪᠠᠭ᠎ᠠ ᠰᠤᠷᠭᠠᠭᠤᠯᠢ | ᠳᠤ 50 ᠳᠡᠪᠲᠡᠷ ᠨᠣᠮ ᠵᠢᠭᠡᠯᠡᠨ ᠦᠭᠪᠡ᠃ ᠤᠯᠠᠷᠢᠯ ᠪᠦᠷᠢ ᠠᠩᠭᠢ ᠶᠢᠨ ᠬᠡᠷᠡᠭᠴᠡᠭᠡ ᠶᠣᠰᠣᠭᠠᠷ ᠨᠣᠮ ᠳᠡᠪᠲᠡᠷ ᠢᠶᠠᠨ ᠦᠷᠭᠦᠯᠵᠢᠯᠡᠨ ᠰᠢᠨᠡᠳᠬᠡᠬᠦ ᠶᠢᠨ ᠬᠠᠮᠲᠤ | ᠬᠤᠶᠠᠳᠤᠭᠠᠷ ᠪᠠᠭ᠎ᠠ ᠰᠤᠷᠭᠠᠭᠤᠯᠢ ᠶᠢᠨ ᠨᠣᠮ ᠤᠩᠰᠢᠬᠤ ᠰᠢᠷᠢᠰ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠣᠯᠠᠨ ᠨᠡᠶᠢᠲᠡ ᠶᠢᠨ ᠨᠣᠮ ᠤᠨ ᠰᠠᠩ ᠤᠨ ᠨᠡᠶᠢᠭᠡᠮ ᠤᠨ | ᠰᠤᠷᠭᠠᠨ ᠬᠥᠮᠦᠵᠢᠯ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠨᠣᠮ ᠤᠨ ᠰᠠᠩ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ | ︽ᠨᠣᠮ ᠪᠢᠴᠢᠭ ᠢ ᠬᠠᠮᠳᠣᠪᠠᠷ ᠡᠳ᠋ᠯᠡᠬᠦ︾ ᠠᠵᠢᠯᠯᠠᠭ᠎ᠠ ᠪᠣᠯ ᠤᠷᠠᠳ ᠤᠨ ᠳᠤᠮᠳᠠᠳᠤ ᠬᠤᠰᠢᠭᠤᠨ ᠤ ᠨᠣᠮ ᠤᠨ ᠰᠠᠩ ᠤᠨ ᠨᠠᠷᠢᠨ ᠨᠢᠮᠪᠠᠶ ᠪᠠᠶᠢᠭᠤᠯᠤᠭᠰᠠᠨ ᠨᠢᠭᠡ | ᠵᠦᠢᠯ ᠤᠨ ᠨᠡᠶᠢᠲᠡ ᠶᠢᠨ ᠠᠰᠠᠷᠠᠮᠵᠢ ᠶᠢᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠮᠥᠨ᠂ ᠣᠶᠢᠷ᠎ᠠ ᠶᠢᠨ ᠵᠢᠯ ᠤᠳ ᠲᠤ ᠨᠢᠭᠡᠨᠲᠡ ︽ᠨᠣᠮ ᠪᠢᠴᠢᠭ ᠢ | ᠬᠠᠮᠳᠣᠪᠠᠷ ᠡᠳ᠋ᠯᠡᠬᠦ︾ ᠬᠡᠯᠪᠡᠷᠢ ᠪᠠᠷ ᠳᠠᠮᠵᠢᠭᠤᠯᠤᠨ᠂ ᠣᠯᠠᠨ ᠨᠡᠶᠢᠭᠡᠮ ᠲᠣᠭᠤᠷᠢᠭ᠂ ᠰᠤᠷᠭᠠᠭᠤᠯᠢ᠂ ᠴᠡᠷᠢᠭ ᠤᠨ ᠬᠤᠸᠠᠷᠠᠨ ᠲᠠᠢ ᠬᠠᠮᠲᠤᠷᠠᠯᠴᠠᠵᠤ᠂ ᠤᠯᠠᠮ ᠠᠴᠠ | ᠤᠯᠠᠮ ᠣᠯᠠᠨ ᠨᠣᠮ ᠪᠢᠴᠢᠭ ᠢ ᠡᠷᠭᠢᠯᠳᠦᠭᠦᠯᠦᠨ ᠰᠢᠯᠵᠢᠭᠦᠯᠵᠦ᠂ ᠬᠠᠮᠲᠤ ᠪᠠᠷ ᠡᠳ᠋ᠯᠡᠬᠦ ᠪᠣᠯᠭᠠᠪᠠ᠃ | ᠨᠣᠮ ᠤᠨ ᠰᠠᠩ ᠰᠤᠷᠭᠠᠭᠤᠯᠢ ᠶᠢᠨ ᠬᠠᠮᠲᠤᠷᠠᠯᠴᠠᠭ᠎ᠠ ᠨᠢ ᠰᠤᠷᠭᠠᠭᠤᠯᠢ ᠶᠢᠨ ᠬᠦᠷᠢᠶᠡᠨ ᠤ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ | ᠦᠷᠭᠦᠯᠵᠢ ᠨᠣᠮ ᠤᠩᠰᠢᠬᠤ︾ ᠰᠠᠶᠢᠨ ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠳᠤ ᠠᠰᠢᠭᠲᠠᠶ ᠶᠤᠮ᠃ ᠤᠷᠠᠳ ᠤᠨ ᠳᠤᠮᠳᠠᠳᠤ | ᠬᠤᠰᠢᠭᠤᠨ ᠤ ᠨᠣᠮ ᠤᠨ ᠰᠠᠩ ᠦᠷᠭᠦᠯᠵᠢᠯᠡᠨ ︽ᠨᠣᠮ ᠪᠢᠴᠢᠭ ᠢ ᠬᠠᠮᠳᠣᠪᠠᠷ ᠡᠳ᠋ᠯᠡᠬᠦ︾ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ | ᠥᠷᠨᠢᠭᠦᠯᠵᠦ᠂ ᠨᠣᠮ ᠤᠨ ᠰᠠᠩ ᠤᠨ ᠨᠣᠮ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠬᠦᠷᠭᠡᠵᠦ᠂ ᠰᠤᠷᠤᠭᠴᠢᠳ ᠤᠨ ᠤᠩᠰᠢᠯᠭ᠎ᠠ ᠳᠤ ᠬᠠᠩᠭᠠᠵᠤ᠂ ᠲᠡᠳᠡᠨ ᠳᠤ | ᠨᠠᠩ ᠡᠯᠪᠡᠭ ᠪᠠᠶᠠᠯᠢᠭ ᠬᠢᠴᠢᠶᠡᠯ ᠤᠨ ᠭᠠᠳᠠᠨᠠᠬᠢ ᠠᠵᠢᠯᠯᠠᠭᠠᠨ ᠤ ᠰᠣᠩᠭᠤᠯᠲᠠ ᠬᠠᠩᠭᠠᠬᠤ ᠪᠠᠷ ᠪᠣᠢ᠃ | |