ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ 2024 ᠣᠨ ᠤ ᠰᠢᠨᠵᠢᠯᠡᠬᠦ ᠤᠬᠠᠭᠠᠨᠴᠢ ᠪᠠᠷ ᠪᠣᠷᠲᠣᠭᠤᠷ | ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠤᠨ ᠲᠤᠭᠤᠷᠢᠭ᠂ ᠠᠮᠤ ᠲᠤᠰᠤᠨ ᠤ ᠲᠠᠷᠢᠮᠠᠯ ᠤᠨ ᠬᠡᠪᠴᠢᠶᠡᠵᠢᠭᠦᠯᠦᠨ ᠳᠠᠷᠢᠬᠤ ᠭᠤᠤᠯ ᠴᠣᠭᠴᠠ ᠶᠢᠨ | ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠢ ᠪᠤᠶᠢᠵᠢᠭᠤᠯᠬᠤ ᠭᠤᠤᠯ ᠴᠣᠭᠴᠠ ᠶᠢᠨ ᠲᠠᠷᠢᠮᠠᠯ ᠪᠣᠯᠬᠤ ᠡᠷᠳᠡᠨᠢ ᠰᠢᠰᠢ ᠶᠢᠨ ᠥᠨᠳᠥᠷ | ᠤᠨᠠᠯᠲᠠ ᠲᠠᠢ ᠵᠠᠭᠤᠨ ᠮᠦ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠤᠬᠠᠶ ᠶᠢᠨ ᠭᠠᠵᠠᠷ ᠲᠤ ᠤᠨᠠᠯᠲᠠ ᠶᠢ ᠨᠢ ᠬᠡᠮᠵᠢᠪᠡ᠂ ᠲᠡᠭᠦᠨ ᠤ ᠳ᠋ᠦᠩ ᠳᠤ ᠵᠢᠱᠢᠶ᠎ᠡ | ᠦᠵᠡᠭᠦᠯᠬᠦ ᠲᠤᠭᠤᠷᠢᠭ ᠲᠠᠬᠢ ᠡᠷᠳᠡᠨᠢ ᠰᠢᠰᠢ ᠶᠢᠨ ᠮᠥ ᠪᠦᠷᠢ ᠶᠢᠨ ᠨᠢᠭᠡᠴᠢ ᠲᠠᠯᠠᠪᠠᠢ ᠶᠢᠨ ᠤᠨᠠᠯᠲᠠ 1473.27 ᠺᠢᠯᠣᠭ᠍ᠷᠠᠮ ᠳᠤ ᠬᠦᠷᠴᠦ᠂ ᠮᠠᠨ ᠤ ᠣᠷᠣᠨ ᠤ | ᠡᠷᠳᠡᠨᠢ ᠰᠢᠰᠢ ᠶᠢᠨ ᠵᠢᠵᠢᠭ ᠨᠢᠭᠡᠴᠢ ᠲᠠᠯᠠᠪᠠᠢ ᠶᠢᠨ ᠤᠨᠠᠯᠲᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠦᠭᠰᠡᠨ ᠪᠠᠶᠢᠨ᠎ᠠ᠃ ᠵᠢᠱᠢᠶ᠎ᠡ ᠦᠵᠡᠭᠦᠯᠬᠦ ᠲᠤᠭᠤᠷᠢᠭ ᠨᠢ | ᠶᠡᠭᠡ ᠰᠢᠭᠡᠲᠡᠢ ᠪᠠᠯᠭᠠᠰᠤᠨ ᠤ ᠨᠠᠨ ᠶᠤᠸᠠᠨ ᠲᠣᠰᠬᠤᠨ ᠤ ᠨᠠᠨ ᠶᠤᠸᠠᠨ ᠨᠢᠭᠡᠳᠦᠭᠡᠷ ᠳᠤᠭᠤᠶᠢᠯᠠᠩ ᠳᠤ ᠪᠣᠢ᠂ ᠲᠡᠭᠦᠨ ᠢ ᠶᠡᠭᠡ ᠰᠢᠭᠡᠲᠡᠢ ᠶᠢᠨ ᠰᠠᠨ ᠾᠧ ᠶᠢᠨ | ᠲᠠᠷᠢᠶᠠᠯᠠᠩ ᠤᠨ ᠠᠷᠠᠯᠵᠢᠶᠠᠨ ᠤ ᠲᠤᠰᠬᠠᠢ ᠬᠤᠷᠰᠢᠶᠠᠵᠢᠯ ᠡᠵᠡᠩᠨᠡᠨ ᠬᠠᠮᠢᠶᠠᠷᠴᠤ᠂ ᠡᠷᠳᠡᠨᠢ ᠰᠢᠰᠢ ᠶᠢᠨ ᠦᠷ᠎ᠡ ᠡᠭᠦᠯᠳᠡᠷ ᠤᠨ R1831 ᠶᠢ ᠰᠣᠩᠭᠤᠨ ᠬᠡᠷᠡᠭᠯᠡᠵᠦ᠂ | ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠪᠣᠯᠭᠠᠬᠤ ᠨᠠᠷᠢᠯᠢᠭ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠯᠡᠵᠦ᠂ ᠭᠠᠵᠠᠷ | ᠰᠢᠷᠣᠢ ᠶᠢ ᠨᠠᠷᠢᠯᠢᠭ ᠲᠠᠷᠢᠵᠤ ᠠᠷᠠᠴᠢᠯᠠᠬᠤ᠂ ᠦᠷ᠎ᠡ ᠶᠢ ᠣᠨᠣᠴᠠᠲᠠᠢ ᠪᠠᠭᠯᠠᠬᠤ᠂ ᠵᠠᠮᠴᠢᠯᠠᠭᠤᠷ ᠢᠶᠠᠷ ᠭᠠᠭᠴᠠ ᠮᠥᠬᠦᠯᠢᠭ ᠢᠶᠠᠷ ᠨᠠᠷᠢᠯᠢᠭ ᠲᠠᠷᠢᠬᠤ᠂ ᠤᠰᠤ ᠪᠠ | ᠪᠣᠷᠳᠣᠭᠤᠷ ᠢ ᠨᠢᠭᠡ ᠴᠣᠭᠴᠠᠵᠢᠭᠤᠯᠤᠨ ᠨᠠᠷᠢᠯᠢᠭ ᠣᠨᠣᠴᠠᠲᠠᠢ ᠪᠠᠷ ᠬᠠᠮᠢᠶᠠᠷᠤᠨ ᠡᠵᠡᠮᠳᠡᠵᠦ ᠨᠠᠷᠢᠯᠢᠭ ᠣᠨᠣᠴᠠᠵᠢᠭᠤᠯᠤᠨ ᠡᠵᠡᠮᠳᠡᠬᠦ᠂ ᠬᠤᠷᠣᠬᠠᠢ ᠭᠡᠮ ᠪᠠ | ᠡᠪᠡᠰᠦᠨ ᠤ ᠬᠥᠨᠥᠭᠡᠯ ᠢ ᠰᠡᠷᠭᠡᠶᠢᠯᠡᠨ ᠡᠵᠡᠮᠳᠡᠬᠦ᠂ ᠮᠧᠬᠠᠨᠢᠭ ᠢᠶᠠᠷ ᠨᠠᠷᠢᠯᠢᠭ ᠣᠨᠣᠴᠠᠲᠠᠢ ᠬᠤᠷᠢᠶᠠᠬᠤ 6 ᠵᠦᠢᠯ ᠤᠨ ᠭᠤᠣᠯ ᠮᠡᠷᠭᠡᠵᠢᠯ ᠢ ᠳᠡᠯᠭᠡᠷᠡᠭᠦᠯᠵᠦ᠂ | ᠲᠠᠷᠢᠮᠠᠯ ᠤᠨ ᠨᠢᠭᠲᠠᠴᠠ ᠶᠢ 6000 ᠰᠠᠭᠤᠷᠢ ᠠᠴᠠ ᠳᠡᠭᠡᠭᠰᠢ ᠳᠤ ᠬᠦᠷᠴᠦ᠂ ᠤᠯᠠᠮᠵᠢᠯᠠᠯᠲᠤ ᠲᠠᠷᠢᠮᠠᠯ ᠤᠨ ᠨᠢᠭᠲᠠᠴᠠ ᠲᠠᠢ ᠠᠳᠠᠯᠢᠳᠬᠠᠪᠠᠯ 1000 ᠰᠠᠭᠤᠷᠢ | ᠢᠯᠡᠭᠦᠦ ᠪᠣᠯᠵᠤ ᠨᠡᠮᠡᠭᠳᠡᠪᠡ᠃ ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶ | |