ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ ᠳᠤ ᠡᠭᠡᠯᠢᠲᠡᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ | ︵ᠳᠣᠣᠷ᠎ᠠ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠠᠷᠭ᠎ᠠ ᠬᠡᠮᠵᠢᠶ᠎ᠡ ᠨᠦᠭᠦᠳ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠲᠠᠨᠢᠵᠤ᠂ ᠵᠣᠬᠢᠴᠠᠵᠤ᠂ ᠬᠥᠲᠥᠯᠥᠨ ᠳᠠᠭᠠᠭᠤᠯᠵᠤ᠂ ᠦᠷᠡᠵᠢᠯ ᠢ | ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠬᠥᠮᠥᠰ᠂ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠥᠮᠥᠨ ᠠᠮᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠲᠦᠷᠦᠵᠦ ᠬᠥᠩᠭᠡᠵᠢᠬᠦ᠂ ᠥᠰᠬᠡᠨ | ᠪᠤᠶᠢᠵᠢᠭᠤᠯᠬᠤ᠂ ᠰᠤᠷᠭᠠᠨ ᠬᠥᠮᠥᠵᠢᠭᠦᠯᠬᠦ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠪᠥᠬᠦ ᠨᠡᠶᠢᠭᠡᠮ ᠢᠶᠠᠷ ᠢᠶᠠᠨ ᠦᠷᠡᠵᠢᠯ ᠢ ᠬᠦᠨᠳᠦᠳᠬᠡᠬᠦ᠂ | ᠦᠷᠡᠵᠢᠯ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠣᠬᠢᠰᠲᠠᠢ ᠦᠷᠡᠵᠢᠯ ᠤᠨ ᠬᠢᠷᠢ ᠲᠦᠪᠰᠢᠨ ᠲᠠᠢ ᠪᠣᠯᠭᠠᠬᠤ ᠶᠢ ᠲᠦᠯᠬᠢᠨ ᠠᠬᠢᠭᠤᠯᠵᠤ᠂ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ | ︽ᠠᠷᠭ᠎ᠠ ᠬᠡᠮᠵᠢᠶ᠎ᠡ ᠨᠦᠭᠦᠳ︾ ᠲᠤ ᠦᠷᠡᠵᠢᠯ ᠢ ᠳᠡᠮᠵᠢᠬᠦ ᠰᠢᠷᠢᠰ ᠠᠷᠭ᠎ᠠ ᠬᠡᠮᠵᠢᠶ᠎ᠡ ᠶᠢ 4 ᠲᠠᠯ᠎ᠠ ᠠᠴᠠ ᠳᠤᠷᠠᠳᠤᠨ ᠭᠠᠷᠭᠠᠪᠠ᠃ | ᠨᠢᠭᠡ ᠳᠤ᠂ ᠦᠷᠡᠵᠢᠯ ᠤᠨ ᠦᠢᠯᠡᠴᠢᠯᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠦᠷᠡᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ | ᠨᠥᠬᠦᠴᠡᠯ ᠲᠠᠢ ᠭᠠᠵᠠᠷ ᠢ ᠵᠢᠯᠣᠭᠤᠳᠴᠤ ᠪᠠᠶᠢᠭᠠᠳ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠠᠮᠢᠳᠤᠯᠢᠭ ᠢᠶᠠᠷ ᠠᠵᠢᠯ | ᠣᠯᠣᠭᠰᠠᠳ᠂ ᠬᠦᠯᠦᠰᠦᠨ ᠠᠵᠢᠯᠴᠢᠳ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠦᠬᠦᠢ ᠬᠥᠮᠥᠰ ᠢ ᠦᠷᠡᠵᠢᠯ ᠤᠨ ᠳᠠᠭᠠᠳᠬᠠᠯ ᠳᠤ ᠣᠷᠣᠯᠴᠠᠭᠤᠯᠤᠨ᠎ᠠ᠃ | ᠦᠷᠡᠵᠢᠯ ᠤᠨ ᠠᠮᠠᠷᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠩᠭᠡᠵᠢᠬᠦ ᠴᠢᠯᠦᠭᠡ᠂ ᠬᠥᠩᠭᠡᠵᠢᠬᠦ ᠶᠢ | ᠱᠠᠩᠨᠠᠬᠤ ᠴᠢᠯᠦᠭᠡ᠂ ᠬᠥᠩᠭᠡᠵᠢᠬᠦ ᠳᠤ ᠪᠠᠷ᠎ᠠ ᠪᠣᠯᠬᠤ ᠴᠢᠯᠦᠭᠡ᠂ ᠬᠡᠦᠬᠡᠳ ᠰᠠᠭᠠᠲᠠᠭᠤᠯᠬᠤ ᠴᠢᠯᠦᠭᠡ ᠵᠡᠷᠭᠡ ᠦᠷᠡᠵᠢᠯ ᠤᠨ ᠠᠮᠠᠷᠠᠯᠲᠠ ᠶᠢ ᠰᠠᠶᠢᠲᠤᠷ | ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠪᠠᠲᠤᠯᠠᠨ᠎ᠠ᠃ ᠦᠷᠡᠵᠢᠯ ᠤᠨ ᠨᠡᠮᠡᠭᠦᠷᠢ ᠶᠢᠨ ᠳᠦᠷᠢᠮ ᠢ ᠪᠠᠶᠢᠭᠤᠯᠵᠤ᠂ ᠣᠷᠣᠨ ᠨᠤᠲᠤᠭ ᠤᠨ ᠬᠢᠨ ᠢ ᠵᠢᠯᠣᠭᠤᠳᠴᠤ | ᠪᠠᠶᠢᠭᠠᠳ ᠲᠥᠷᠥ ᠶᠢᠨ ᠪᠣᠳᠣᠯᠭ᠎ᠠ ᠪᠠᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠪᠦᠭᠡᠳ ᠯᠠᠪᠳᠠᠭᠤᠨ ᠰᠠᠶᠢᠲᠤᠷ | ᠠᠳᠬᠤᠨ᠎ᠠ᠃ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠵᠢᠯᠣᠭᠤᠳᠴᠤ ᠪᠠᠶᠢᠭᠠᠳ ᠬᠥᠩᠭᠡᠵᠢᠬᠦ ᠳᠤ | ᠡᠪᠡᠳᠬᠦ ᠶᠢ ᠵᠣᠭᠰᠣᠭᠠᠬᠤ ᠵᠢᠴᠢ ᠦᠷᠡᠵᠢᠯ ᠳᠤ ᠲᠤᠰᠠᠯᠠᠬᠤ ᠲᠣᠬᠢᠷᠠᠮᠵᠢᠲᠠᠢ ᠮᠡᠷᠭᠡᠵᠢᠯ ᠤᠨ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠤᠨ᠎ᠠ᠃ | ᠬᠤᠶᠠᠷ ᠲᠤ᠂ ᠨᠢᠯᠬᠠᠰ ᠢ ᠪᠤᠶᠢᠵᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠡᠦᠬᠡᠳ ᠤᠨ ᠡᠮᠴᠢᠯᠡᠭᠡᠨ ᠤ | ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ ᠬᠡᠦᠬᠡᠳ ᠲᠤ ᠬᠡᠷᠡᠭᠯᠡᠬᠦ ᠡᠮ ᠢ ᠴᠠᠭ ᠲᠤᠬᠠᠢ ᠳᠤ ᠨᠢ ᠲᠠᠰ ᠳᠠᠷᠠᠭᠠᠯᠠᠯ | ᠶᠣᠰᠣᠭᠠᠷ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ ᠲᠦᠭᠡᠮᠡᠯ ᠬᠠᠷᠠᠭᠠᠯᠵᠠᠯᠲᠤ ᠨᠠᠶᠢᠳᠠᠨ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠠᠶᠢᠳᠠᠨ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠲᠤᠰᠬᠠᠢ ᠣᠷᠣᠨ ᠤ ᠳᠡᠰ ᠤᠨ ᠣᠷᠣᠨ | ᠬᠤᠲᠠ ᠶᠢᠨ ᠱᠠᠲᠤᠨ ᠳᠤ ᠨᠡᠶᠢᠳᠡᠮ ᠪᠦᠷᠬᠦᠭᠦᠯᠬᠦ ᠶᠢ ᠤᠷᠢᠳ ᠢᠶᠠᠷ ᠪᠡᠶᠡᠯᠡᠭᠦᠯᠵᠦ᠂ ᠨᠡᠶᠢᠭᠡᠮ ᠲᠣᠭᠤᠷᠢᠭ ᠲᠤ ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ ᠶᠢ | ᠶᠡᠭᠡ ᠪᠠᠷ ᠬᠥᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠬᠦ᠂ ᠭᠡᠷ ᠪᠦᠯᠢ ᠳᠤ ᠨᠠᠶᠢᠳᠠᠨ | ᠰᠠᠭᠠᠲᠠᠭᠤᠯᠬᠤ ᠴᠡᠭ ᠭᠠᠷᠭᠠᠬᠤ ᠵᠡᠷᠭᠡ ᠣᠯᠠᠨ ᠵᠦᠢᠯ ᠤᠨ ᠬᠡᠪ ᠵᠠᠭᠪᠤᠷ ᠢᠶᠠᠷ ᠬᠥᠭᠵᠢᠭᠦᠯᠬᠦ ᠶᠢ ᠢᠳᠡᠪᠬᠢᠲᠡᠢ ᠳᠡᠮᠵᠢᠵᠦ᠂ ᠬᠡᠦᠬᠡᠳ ᠢ ᠨᠠᠶᠢᠳᠠᠨ ᠰᠠᠭᠠᠲᠠᠭᠤᠯᠬᠤ ᠪᠠ | ᠠᠰᠠᠷᠠᠵᠤ ᠬᠥᠮᠥᠵᠢᠭᠦᠯᠬᠦ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯᠲᠤ ᠨᠠᠶᠢᠳᠠᠨ ᠰᠠᠭᠠᠲᠠᠭᠤᠯᠬᠤ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ | ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ᠡᠵᠡᠩᠨᠡᠨ ᠠᠵᠢᠯᠯᠠᠭᠤᠯᠬᠤ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ᠃ ᠬᠡᠦᠬᠡᠳ ᠤᠨ | ᠥᠰᠥᠯᠲᠡ ᠪᠤᠶᠢᠵᠢᠯᠲᠠ ᠪᠠ ᠬᠠᠮᠠᠭᠠᠯᠠᠯᠲᠠ ᠶᠢ ᠠᠬᠢᠭᠤᠯᠤᠨ᠎ᠠ᠃ | ᠭᠤᠷᠪᠠ ᠳᠤ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠪᠠᠷ ᠳᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠴᠢᠨᠠᠷᠯᠢᠭ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ | ᠨᠡᠶᠢᠭᠡᠮ ᠤᠨ ᠦᠢᠯᠡᠳᠦᠯᠭᠡ ᠶᠢᠨ ᠲᠦᠷᠦᠯ ᠵᠦᠢᠯ ᠢ ᠢᠳᠡᠪᠬᠢᠲᠡᠢ ᠥᠷᠨᠢᠭᠦᠯᠬᠦ ᠶᠢ ᠳᠡᠮᠵᠢᠵᠦ᠂ ᠡᠯ᠎ᠡ ᠭᠠᠵᠠᠷ ᠤᠨ ᠬᠢᠨ ᠤ ᠤᠯᠠᠨ ᠬᠡᠦᠬᠡᠳ ᠲᠠᠢ ᠭᠡᠷ ᠪᠦᠯᠢ ᠶᠢᠨ ᠦᠷ᠎ᠡ | ᠬᠡᠦᠬᠡᠳ ᠢ ᠠᠳᠠᠯᠢ ᠨᠢᠭᠡ ᠰᠤᠷᠭᠠᠭᠤᠯᠢ ᠳᠤ ᠰᠤᠷᠤᠯᠴᠠᠭᠤᠯᠬᠤ ᠪᠣᠳᠠᠲᠠᠢ ᠬᠡᠷᠡᠭᠵᠢᠭᠦᠯᠬᠦ ᠠᠷᠭ᠎ᠠ ᠨᠡᠶᠢᠲᠡᠯᠡᠬᠦ ᠶᠢ ᠨᠢ ᠵᠣᠷᠢᠭᠵᠢᠭᠤᠯᠤᠨ᠎ᠠ᠃ ᠣᠷᠣᠨ ᠰᠠᠭᠤᠴᠠ ᠪᠠᠷ | ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠣᠯᠠᠨ ᠬᠡᠦᠬᠡᠳ ᠲᠠᠢ ᠭᠡᠷ ᠪᠦᠯᠢ ᠶᠢᠨ ᠭᠡᠷ ᠪᠠᠶᠢᠰᠢᠩ ᠬᠤᠳᠠᠯᠳᠤᠨ | ᠠᠪᠬᠤ ᠳᠤ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠨᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ | ᠬᠥᠮᠥᠨ ᠬᠡᠷᠡᠭᠯᠡᠬᠦ ᠨᠢᠭᠡᠴᠢ ᠶᠢ ᠪᠤᠲᠠᠲᠠᠢ ᠲᠠᠢ ᠪᠠᠨ ᠤᠶᠠᠯᠳᠤᠭᠤᠯᠤᠨ ᠬᠠᠷᠢᠮᠠᠬᠠᠢ ᠠᠵᠢᠯᠯᠠᠵᠤ ᠠᠮᠠᠷᠠᠬᠤ᠂ ᠭᠡᠷ ᠲᠤ ᠪᠠᠨ ᠰᠠᠭᠤᠵᠤ ᠠᠵᠢᠯᠯᠠᠬᠤ ᠵᠡᠷᠭᠡ ᠠᠷᠭ᠎ᠠ | ᠬᠡᠯᠪᠡᠷᠢ ᠶᠢ ᠠᠪᠴᠤ᠂ ᠭᠡᠷ ᠪᠦᠯᠢ ᠳᠤ ᠡᠭᠡᠯᠢᠲᠡᠢ ᠠᠵᠢᠯᠯᠠᠬᠤ ᠣᠷᠴᠢᠨ ᠨᠦᠬᠦᠴᠡᠯ ᠢ ᠪᠣᠶ ᠪᠣᠯᠭᠠᠬᠤ ᠶᠢ ᠨᠢ ᠵᠣᠷᠢᠭᠵᠢᠭᠤᠯᠤᠨ᠎ᠠ᠃ | ᠳᠥᠷᠪᠡ ᠳᠤ᠂ ᠦᠷᠡᠵᠢᠯ ᠳᠤ ᠡᠭᠡᠯᠢᠲᠡᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠰᠢᠨ᠎ᠡ ᠮᠠᠶ᠋ᠢᠭ ᠤᠨ ᠤᠷᠤᠭ ᠦᠷᠡᠵᠢᠯ ᠤᠨ ᠰᠣᠶᠣᠯ ᠢ ᠢᠳᠡᠪᠬᠢᠲᠡᠢ | ᠪᠤᠢ ᠪᠣᠯᠭᠠᠵᠤ᠂ ᠥᠭᠡᠳᠡᠷᠬᠡᠭ ᠢᠨᠠᠭᠯᠠᠵᠤ ᠤᠷᠤᠭᠯᠠᠬᠤ ᠦᠵᠡᠯᠲᠡ᠂ ᠦᠷᠡᠵᠢᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠶᠡᠭᠡ ᠪᠠᠷ ᠰᠠᠨᠠᠭᠠᠴᠢᠯᠠᠨ᠎ᠠ᠃ | ᠨᠡᠶᠢᠭᠡᠮ ᠤᠨ ᠤᠬᠠᠭᠤᠯᠭ᠎ᠠ ᠪᠠ ᠰᠠᠨᠠᠭᠠᠴᠢᠯᠠᠭ᠎ᠠ ᠶᠢ ᠴᠢᠩᠭᠠᠳᠬᠠᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢᠨ ᠤᠬᠠᠭᠤᠯᠭ᠎ᠠ ᠬᠥᠮᠦᠵᠢᠯ ᠤᠨ ᠲᠤᠰᠬᠠᠢ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠮᠥᠨ ᠠᠮᠠ ᠶᠢᠨ ᠲᠤᠬᠠᠢ ᠤᠯᠤᠰ ᠤᠨ ᠪᠠᠶᠢᠳᠠᠯ ᠤᠯᠤᠰ ᠤᠨ ᠪᠣᠳᠣᠯᠭ᠎ᠠ ᠶᠢᠨ ᠬᠥᠮᠦᠵᠢᠯ ᠢ ᠴᠢᠩᠭᠠᠳᠬᠠᠵᠤ᠂ ᠬᠠᠮᠢᠶ᠎ᠠ ᠪᠦᠬᠦᠢ | ᠠᠭᠤᠯᠭ᠎ᠠ ᠶᠢ ᠳᠤᠮᠳᠠᠳᠤ ᠪᠠᠭ᠎ᠠ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠨ | ᠬᠥᠮᠦᠵᠢᠯ ᠳᠤ ᠠᠭᠤᠰᠤᠯᠴᠠᠭᠤᠯᠤᠨ᠎ᠠ᠃ | ︽ᠠᠷᠭ᠎ᠠ ᠬᠡᠮᠵᠢᠶ᠎ᠡ ᠨᠦᠭᠦᠳ︾ ᠲᠤ ᠱᠠᠭᠠᠷᠳᠠᠭᠰᠠᠨ ᠢᠶᠠᠷ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠥᠮᠥᠨ ᠠᠮᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠴᠢᠩᠭᠠᠳᠬᠠᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠤᠲᠠᠲᠠᠶᠢᠵᠢᠭᠤᠯᠤᠨ ᠰᠢᠯᠢᠳᠡᠭᠵᠢᠭᠦᠯᠵᠦ᠂ ᠵᠠᠰᠠᠭ ᠤᠨ ᠣᠷᠳᠣᠨ᠂ ᠬᠥᠮᠥᠨ | ᠬᠡᠷᠡᠭᠯᠡᠬᠦ ᠨᠢᠭᠡᠴᠢ᠂ ᠬᠤᠪᠢ ᠬᠥᠮᠥᠨ ᠵᠡᠷᠭᠡ ᠣᠯᠠᠨ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠷᠡᠵᠢᠯ ᠢ ᠳᠡᠮᠵᠢᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠ ᠡᠭᠦᠷᠭᠡ ᠶᠢ ᠪᠤᠲᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | | |