12 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ | ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠶ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ | ᠬᠤᠰᠢᠭᠤᠨ ᠤ ᠤᠯᠠᠭᠠᠨᠮᠥ᠋ᠴᠢᠷ ᠤᠨ ᠰᠣᠶᠣᠯ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽2024 ᠣᠨ ᠤ ᠰᠢᠯᠢᠳᠡᠭ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠢ ᠭᠥᠷᠳᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠣᠷ ᠲᠤ ᠂ ᠬᠤᠰᠢᠭᠤᠨ ᠤ ᠤᠯᠠᠭᠠᠨᠮᠥ᠋ᠴᠢᠷ ᠮᠣᠷᠢᠨ ᠬᠤᠭᠤᠷ ᠤᠨ ᠬᠥᠭᠵᠢᠮ ︽ᠲᠦᠮᠡᠨ ᠠᠭᠳᠠ ᠶᠢᠨ ᠲᠦᠪᠡᠷᠭᠡᠨ︾ ᠢ | ᠬᠥᠭᠵᠢᠮᠳᠡᠵᠦ᠂ ᠭᠱᠠᠨ ᠵᠠᠭᠤᠷ᠎ᠠ ᠲᠠᠯᠠᠪᠠᠢ ᠳᠠᠶᠠᠭᠠᠷ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠠᠯ᠎ᠠ ᠨᠤᠲᠤᠭ ᠤᠨ ᠰᠦᠷᠯᠢᠭ ᠰᠠᠶᠢᠬᠠᠨ ᠥᠷᠭᠡᠨ ᠠᠭᠤᠳᠠᠮ ᠪᠠ | ᠲᠦᠮᠡᠨ ᠠᠭᠳᠠ ᠶᠢᠨ ᠰᠦᠷ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠦᠬᠦ᠋ᠢᠯᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠥᠪᠡᠷᠮᠢᠴᠡ | ᠰᠣᠶᠣᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | ᠬᠤᠰᠢᠭᠤᠨ ᠤ ᠤᠯᠠᠭᠠᠨᠮᠥ᠋ᠴᠢᠷ ᠨᠢ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ︽ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠬᠦ︾ ᠵᠣᠷᠢᠯᠲᠠ ᠶᠢ ᠪᠠᠷᠢᠮᠲᠠᠯᠠᠵᠤ᠂ 2024 ᠣᠨ ᠳᠤ᠂ | ᠤᠯᠠᠭᠠᠨᠮᠥ᠋ᠴᠢᠷ ᠨᠢ ᠭᠠᠴᠠᠭ᠎ᠠ ᠲᠣᠰᠬᠤᠨ ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠳᠤ ᠬᠦᠷᠴᠦ ᠦᠨᠳᠦᠰᠦᠨ ᠱᠠᠲᠤᠨ ᠤ ᠦᠢᠯᠡᠴᠢᠯᠡᠭᠡᠨ ᠤ | ᠲᠣᠭᠯᠠᠯᠲᠠ ᠶᠢᠨ ᠠᠵᠢᠯᠯᠠᠭ᠎ᠠ ᠶᠢ 107 ᠲᠠᠯᠠᠪᠤᠷ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠨ ᠪᠣᠯᠤᠨ ᠭᠡᠷ ᠲᠡᠭᠡᠨ ᠬᠤᠴᠣᠷᠤᠭᠰᠠᠨ ᠬᠡᠦᠬᠡᠳ ᠲᠤ ᠤᠶᠤᠨ | ᠰᠠᠨᠠᠭᠠᠨ ᠤ ᠲᠠᠶᠢᠳᠬᠤᠷᠠᠭᠤᠯᠤᠯ ᠪᠠ ᠬᠠᠶᠢᠷ᠎ᠠ ᠬᠠᠯᠠᠮᠵᠢ ᠶᠢ ᠬᠦᠷᠭᠡᠵᠦ᠂ ᠰᠣᠶᠣᠯ ᠤᠷᠠᠯᠢᠭ ᠤᠨ ᠬᠦᠴᠦᠨ ᠢᠶᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ | ᠰᠠᠨᠠᠭᠠᠨ ᠤ ᠭᠦᠨᠵᠡᠭᠡᠢ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠪᠠ ᠃ | ᠬᠤᠶᠢᠰᠢᠳᠠ᠂ ᠣᠷᠠᠳ ᠤᠨ ᠳᠣᠮᠳᠠᠳᠣ ᠬᠤᠰᠢᠭᠤᠨ ᠤ ᠤᠯᠠᠭᠠᠨᠮᠥ᠋ᠴᠢᠷ ᠦᠷᠭᠦᠯᠵᠢᠯᠡᠨ ᠰᠣᠶᠣᠯ ᠢᠶᠠᠷ ᠠᠴᠢᠶᠠᠯᠠᠪᠣᠷᠢ ᠪᠣᠯᠭᠠᠵᠤ᠂ ᠰᠠᠶᠢᠨ ᠳᠤᠷ᠎ᠠ ᠠᠴᠠ ᠪᠠᠨ | ᠦᠢᠯᠡᠴᠢᠯᠡᠬᠦ ᠢᠲᠡᠭᠡᠯ ᠵᠣᠷᠢᠭ ᠢ ᠪᠠᠷᠢᠮᠲᠠᠯᠠᠵᠤ᠂ ᠠᠷᠠᠳ ᠲᠦᠮᠡᠨ ᠤ ᠳᠡᠷᠭᠡᠲᠡ ᠬᠦᠷᠴᠦ ᠦᠨᠳᠦᠰᠦᠨ ᠱᠠᠲᠣ ᠪᠠᠷ ᠭᠦᠨᠵᠡᠭᠡᠶᠢᠷᠡᠵᠣ ᠂ ᠲᠣᠰ ᠭᠠᠵᠠᠷ ᠣᠷᠣᠨ ᠤ | ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠣᠯᠠᠨ ᠲᠦᠮᠡᠨ ᠳᠤ ᠲᠠᠭᠠᠰᠢᠶᠠᠭᠳᠠᠭᠰᠠᠨ ᠂ ᠤᠯᠠᠮᠵᠢᠯᠠᠭᠳᠠᠭᠰᠠᠨ᠂ ᠦᠯᠡᠳᠡᠭᠡᠵᠦ ᠳᠡᠶᠢᠯᠬᠦ ᠰᠢᠯᠢᠳᠡᠭ | ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ | ᠤᠷᠠᠳ ᠤᠨ ᠳᠤᠮᠳᠠᠳᠤ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠵᠦ᠂ ᠬᠤᠪᠢᠰᠬᠠᠯᠲᠤ ᠤᠳᠬ᠎ᠠ ᠤᠷᠠᠯᠢᠭ ᠤᠨ | ᠬᠥᠩᠭᠡᠨ ᠮᠣᠷᠢᠲᠤ ᠴᠡᠷᠢᠭ ᠤᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠠᠷ ᠪᠣᠢ ᠃ | |