ᠰᠦᠯᠵᠢᠶᠡᠨ ᠳᠡᠭᠡᠷ᠎ᠡ ᠪᠤᠰᠤᠳ ᠢ ᠭᠦᠳᠬᠡᠨ ᠳᠣᠷᠣᠮᠵᠢᠯᠠᠪᠠᠯ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ
ᠨᠡᠶᠢᠲᠡᠯᠡᠭᠰᠡᠨ ᠴᠠᠭ᠄
2024/12/18
    ᠣᠶᠢᠷ᠎ᠠ ᠳᠤ᠂ ᠭᠦᠭᠡᠬᠤᠳᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢᠭᠡ ᠤᠳᠠᠭᠠᠨ ᠤ ᠨᠡᠷ᠎ᠡ ᠲᠥᠷᠥ ᠶᠢᠨ ᠡᠷᠬᠡ ᠶᠢᠨ ᠵᠠᠭᠤᠷᠠᠯᠳᠤᠭᠠᠨ ᠤ ᠬᠡᠷᠡᠭ ᠢ ᠠᠮᠵᠢᠯᠲᠠ ᠲᠠᠢ ᠡᠶᠡᠳᠡᠭᠦᠯᠪᠡ᠃    ᠴᠧᠨ ᠣᠪᠣᠭᠲᠤ ᠪᠠ ᠯᠢᠦ ᠣᠪᠣᠭᠲᠤ ᠬᠤᠶᠠᠭᠤᠯᠠ ᠪᠣᠯ ᠬᠠᠮᠲᠤ ᠰᠤᠷᠤᠯᠭᠠᠲᠠᠨ᠂ ᠵᠢᠵᠢᠭᠬᠡᠨ ᠶᠠᠪᠤᠳᠠᠯ ᠠᠴᠠ ᠵᠥᠷᠢᠴᠡᠯ ᠭᠠᠷᠴᠤ᠂ ᠳᠤᠷ᠎ᠠ ᠦᠭᠡᠶᠢᠴᠡᠯ ᠢᠶᠠᠨ ᠭᠠᠷᠭᠠᠬᠤ ᠶᠢᠨ ᠲᠥᠯᠥᠭᠡ᠂ ᠯᠢᠦ ᠣᠪᠣᠭᠲᠤ ᠣᠬᠤᠷ ᠸᠢᠳᠢᠤ᠋ ᠶᠢᠨ ᠲᠠᠪᠴᠠᠩ ᠳᠤ ᠴᠧᠨ ᠣᠪᠣᠭᠲᠤ ᠶᠢ ᠢᠯᠡ ᠪᠠᠷ ᠭᠦᠳᠬᠡᠨ ᠬᠠᠷᠢᠶᠠᠪᠠ᠃ ᠴᠧᠨ ᠣᠪᠣᠭᠲᠤ ᠮᠡᠳᠡᠭᠰᠡᠨ ᠤ ᠲᠠᠷᠠᠭ᠎ᠠ ᠪᠠᠰᠠ ᠣᠬᠤᠷ ᠸᠢᠳᠢᠤ᠋ ᠰᠢᠩᠭᠡᠭᠡᠵᠦ ᠯᠢᠦ ᠣᠪᠣᠭᠲᠤ ᠶᠢ ᠬᠠᠷᠢᠶᠠᠪᠠ᠃ ᠬᠤᠶᠠᠷ ᠬᠥᠮᠥᠨ ᠤ ᠰᠦᠯᠵᠢᠶᠡᠨ ᠳᠡᠭᠡᠷᠡᠬᠢ ᠵᠠᠭᠤᠷᠠᠯᠳᠤᠭᠠᠨ ᠨᠢ ᠮᠠᠰᠢ ᠣᠯᠠᠨ ᠬᠠᠮᠲᠤ ᠰᠤᠷᠤᠬᠴᠢ᠂ ᠰᠦᠯᠵᠢᠶᠡᠨ ᠠᠨᠳᠠ ᠶᠢᠨ ᠠᠩᠬᠠᠷᠤᠯ ᠢ ᠲᠠᠲᠠᠪᠠ᠃ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠲᠥᠯᠥᠭᠡ ᠴᠧᠨ ᠣᠪᠣᠭᠲᠤ ᠯᠢᠦ ᠣᠪᠣᠭᠲᠤ ᠶᠢ ᠰᠢᠭᠦᠬᠦ ᠬᠤᠷᠢᠶ᠎ᠠ ᠳᠤ ᠵᠠᠭᠠᠯᠳᠤᠵᠤ᠂ ᠯᠢᠦ ᠣᠪᠣᠭᠲᠤ ᠶᠢ ᠪᠤᠷᠤᠭᠤ ᠬᠦᠯᠢᠶᠡᠬᠦ ᠶᠢ ᠱᠠᠭᠠᠷᠳᠠᠵᠠᠢ᠃ ᠯᠢᠦ ᠣᠪᠣᠭᠲᠤ ᠪᠠᠰᠠ ᠭᠡᠳᠡᠷᠭᠦ ᠵᠠᠭᠠᠯᠳᠤᠵᠤ᠂ ᠴᠧᠨ ᠣᠪᠣᠭᠲᠤ ᠪᠠᠷ ᠪᠤᠷᠤᠭᠤ ᠬᠦᠯᠢᠶᠡᠯᠭᠡᠬᠦ ᠭᠡᠪᠡ᠃    ᠬᠡᠷᠡᠭ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠰᠢᠭᠦᠬᠦ ᠲᠤᠰᠢᠶᠠᠯᠲᠠᠨ ᠬᠡᠷᠡᠭ ᠤᠨ ᠪᠠᠶᠢᠳᠠᠯ ᠢ ᠨᠠᠷᠢᠨ ᠣᠶᠢᠯᠠᠭᠠᠵᠤ᠂ ᠲᠤᠰ ᠬᠡᠷᠡᠭ ᠨᠢ ᠲᠡᠶᠢᠮᠦ ᠪᠤᠳᠤᠯᠢᠶᠠᠨᠲᠠᠢ ᠪᠢᠰᠢ᠂ ᠬᠤᠯᠪᠣᠭᠳᠠᠯ ᠪᠦᠬᠦᠢ ᠣᠬᠤᠷ ᠸᠢᠳᠢᠤ᠋ ᠶᠢ ᠴᠤ ᠨᠢᠭᠡᠨᠲᠡ ᠬᠠᠰᠤᠭᠰᠠᠨ ᠢ ᠣᠯᠵᠤ ᠮᠡᠳᠡᠪᠡ᠂ ᠭᠡᠪᠡᠴᠦ ᠬᠤᠶᠠᠷ ᠲᠠᠯ᠎ᠠ ᠪᠠᠷ ᠢᠶᠠᠨ ᠴᠥᠮ ᠨᠦᠭᠦᠭᠡ ᠡᠲᠡᠭᠡᠳ ᠢᠶᠠᠨ ᠪᠤᠷᠤᠭᠤ ᠲᠠᠢ ᠭᠡᠵᠦ ᠦᠵᠡᠭᠡᠳ ᠴᠥᠮ ᠨᠦᠭᠦᠭᠡ ᠡᠲᠡᠭᠡᠳ ᠲᠡᠭᠡᠨ ᠪᠤᠷᠤᠭᠤ ᠬᠦᠯᠢᠶᠡᠬᠦ ᠳᠤᠷ᠎ᠠ ᠦᠭᠡᠢ ᠪᠠᠶᠢᠪᠠ᠃ ᠰᠢᠭᠦᠬᠦ ᠲᠤᠰᠢᠶᠠᠯᠲᠠᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠲᠠᠢ ᠣᠯᠠᠨᠲᠠ ᠶᠠᠷᠢᠯᠴᠠᠨ ᠨᠡᠪᠲᠡᠷᠡᠯᠴᠡᠵᠦ᠂ ᠡᠶᠡᠳᠡᠭᠦᠯᠬᠦ ᠠᠷᠭ᠎ᠠ ᠬᠡᠮᠵᠢᠶ᠎ᠡ ᠶᠢ ᠵᠥᠪᠳᠡᠯᠴᠡᠪᠡ᠃ ᠡᠴᠦᠰ ᠲᠡᠭᠡᠨ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠡᠶᠡᠳᠡᠭᠦᠯᠭᠡ ᠶᠢᠨ ᠬᠡᠯᠡᠯᠴᠡᠭᠡᠷ ᠲᠣᠬᠢᠷᠠᠭᠰᠠᠨ ᠪᠥᠭᠡᠳ ᠬᠠᠷᠢᠯᠴᠠᠨ ᠪᠤᠷᠤᠭᠤ ᠬᠦᠯᠢᠶᠡᠵᠦ ᠭᠠᠷ ᠠᠳᠬᠤᠨ ᠡᠶᠡᠳᠡᠪᠡ᠃    ᠰᠢᠭᠦᠭᠴᠢ ᠠᠴᠠ᠂ ᠰᠦᠯᠵᠢᠶ᠎ᠡ ᠪᠣᠯ ᠬᠠᠤᠯᠢ ᠶᠢᠨ ᠭᠠᠳᠠᠨᠠᠬᠢ ᠣᠷᠣᠨ ᠵᠠᠢ ᠪᠢᠰᠢ᠂ ᠰᠦᠯᠵᠢᠶᠡᠨ ᠤ ᠳᠥᠭᠦᠮ ᠳᠥᠲᠡ ᠶᠢ ᠡᠳ᠋ᠯᠡᠬᠦ ᠶᠢᠨ ᠬᠠᠮᠲᠤ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠠᠷᠠᠳ ᠢᠷᠭᠡᠨ ᠨᠢᠭᠡᠪᠦᠷᠢ ᠶᠢᠨ ᠨᠡᠶᠢᠲᠡᠯᠡᠭᠰᠡᠨ ᠶᠠᠷᠢᠶ᠎ᠠ ᠬᠡᠯᠡᠯᠴᠡᠭᠡ ᠨᠢ ᠦᠨᠡᠨ ᠪᠣᠳᠠᠲᠠᠢ᠂ ᠳᠦᠷᠢᠮ ᠲᠣᠭᠲᠠᠭᠠᠯ ᠢ ᠵᠢᠷᠤᠮᠯᠠᠭᠰᠠᠨ ᠪᠠᠶᠢᠬᠤ ᠬᠡᠷᠡᠭᠲᠡᠢ᠃ ᠵᠦᠢ ᠵᠣᠬᠢᠰ ᠦᠭᠡᠢ ᠦᠭᠡ ᠶᠠᠷᠢᠶ᠎ᠠ ᠨᠡᠶᠢᠲᠡᠯᠡᠵᠦ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠳᠠᠪᠠᠪᠠᠯ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠮᠡᠳᠡᠨ᠎ᠠ ᠭᠡᠵᠦ ᠰᠠᠨᠠᠭᠤᠯᠵᠤ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠡ