ᠲᠠᠬᠢᠶ᠎ᠠ ᠮᠢᠬᠠᠯᠠᠬᠤ ᠦᠭᠡᠢ ᠪᠠᠶᠢᠳᠠᠭ ᠤᠨ ᠤᠴᠢᠷ
ᠨᠡᠶᠢᠲᠡᠯᠡᠭᠰᠡᠨ ᠴᠠᠭ᠄
2024/12/19
    ᠲᠠᠬᠢᠶ᠎ᠠ ᠲᠡᠵᠢᠭᠡᠬᠦ ᠶᠠᠪᠤᠴᠠ ᠳᠤ᠂ ᠲᠠᠬᠢᠶ᠎ᠠ ᠶᠢᠨ ᠡᠴᠡᠵᠦ ᠲᠤᠷᠠᠬᠤ ᠨᠢ ᠲᠡᠭᠦᠨ ᠤ ᠥᠰᠦᠯᠲᠡ ᠪᠤᠶᠢᠵᠢᠯᠲᠠ ᠶᠢ ᠨᠥᠯᠥᠭᠡᠯᠡᠬᠦ ᠪᠠᠷ ᠪᠠᠷᠠᠬᠤ ᠦᠭᠡᠢ᠂ ᠮᠢᠬᠠᠨ ᠤ ᠴᠢᠨᠠᠷ ᠴᠢᠨᠰᠠᠭ᠎ᠠ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠴᠤ ᠪᠠᠭᠤᠷᠠᠭᠤᠯᠳᠠᠭ᠃    ᠲᠡᠭᠡᠪᠡᠯ ᠡᠨᠡ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖    ᠨᠢᠭᠡ᠂ ᠲᠡᠵᠢᠭᠡᠯ ᠪᠣᠷᠳᠣᠭᠠᠨ ᠤ ᠠᠰᠠᠭᠤᠳᠠᠯ    ︵1︶ ᠬᠡᠷᠪᠡ ᠲᠠᠬᠢᠶᠠᠨ ᠤ ᠲᠡᠵᠢᠭᠡᠯ ᠪᠣᠷᠳᠣᠭᠠᠨ ᠳᠤ ᠴᠢᠬᠤᠯᠠ ᠪᠦᠬᠦᠢ ᠰᠢᠮ᠎ᠡ ᠲᠡᠵᠢᠭᠡᠯ ᠤᠨ ᠪᠣᠳᠠᠰ ᠳᠤᠲᠠᠭᠳᠠᠪᠠᠯ ᠲᠠᠬᠢᠶᠠᠨ ᠤ ᠥᠰᠦᠯᠲᠡ ᠪᠤᠶᠢᠵᠢᠯᠲᠠ ᠶᠢ ᠬᠠᠷᠰᠢᠯᠠᠨ᠎ᠠ᠃    ︵2︶ ᠲᠠᠬᠢᠶᠠᠨ ᠤ ᠲᠡᠵᠢᠭᠡᠯ ᠪᠣᠷᠳᠣᠭᠠᠨ ᠳᠤ ᠬᠤᠣᠷᠲᠤ ᠪᠣᠳᠠᠰ ᠣᠷᠣᠰᠢᠬᠤ ᠪᠤᠶᠤ ᠰᠢᠨ᠎ᠡ ᠰᠣᠷᠭᠤᠭ ᠲᠡᠵᠢᠭᠡᠯ ᠪᠣᠷᠳᠤᠭ᠎ᠠ ᠪᠠᠶᠢᠬᠤ ᠦᠭᠡᠢ ᠪᠣᠯ ᠲᠠᠬᠢᠶ᠎ᠠ ᠡᠴᠡᠭᠡᠳ ᠮᠢᠬᠠᠯᠠᠳᠠᠭ ᠦᠭᠡᠢ᠃    ᠬᠤᠶᠠᠷ᠂ ᠡᠪᠡᠳᠴᠢᠨ ᠡᠮᠭᠡᠭ ᠤᠨ ᠠᠰᠠᠭᠤᠳᠠᠯ    ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠩᠭᠡᠭᠡᠯᠲᠡ ᠶᠢᠨ ᠵᠠᠮ ᠤᠨ ᠡᠪᠡᠳᠴᠢᠨ ᠳᠤ ᠨᠡᠷᠪᠡᠭᠳᠡᠵᠦ ᠮᠡᠳᠡᠨ᠎ᠡ᠂ ᠵᠢᠱᠢᠶᠡᠯᠡᠪᠡᠯ ᠰᠠᠭᠤᠯᠭᠠᠬᠤ᠂ ᠢᠳᠡᠰᠢ ᠢᠳᠡᠬᠦ ᠦᠭᠡᠢ ᠵᠡᠷᠭᠡ᠂ ᠡᠲᠡᠭᠡᠷ ᠡᠪᠡᠳᠴᠢᠨ ᠠᠴᠠ ᠪᠣᠯᠵᠤ ᠲᠤᠷᠠᠭᠠᠳ ᠮᠢᠬᠠᠯᠠᠬᠤ ᠦᠭᠡᠢ ᠪᠠᠶᠢᠳᠠᠭ᠃    ᠭᠤᠷᠪᠠ᠂ ᠰᠢᠮᠡᠭᠦᠷ ᠬᠤᠷᠣᠬᠠᠢ ᠶᠢᠨ ᠠᠰᠠᠭᠤᠳᠠᠯ ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠮᠡᠭᠦᠷ ᠬᠤᠷᠣᠬᠠᠢ ᠳᠤ ᠬᠠᠯᠳᠠᠪᠤᠷᠢᠯᠠᠭᠳᠠᠵᠤ ᠮᠡᠳᠡᠨ᠎ᠡ᠂ ᠵᠢᠱᠢᠶᠡᠯᠡᠪᠡᠯ ᠬᠦᠵᠢ ᠬᠤᠷᠣᠬᠠᠢ᠂ ᠨᠣᠬᠠᠢ ᠶᠢᠨ ᠪᠥᠭᠡᠰᠦ ᠵᠡᠷᠭᠡ ᠨᠢ ᠪᠦᠷ ᠲᠠᠬᠢᠶ᠎ᠠ ᠲᠤᠷᠠᠬᠤ᠂ ᠴᠢᠰᠤ ᠳᠤᠲᠠᠬᠤ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠠᠰᠠᠭᠤᠳᠠᠯ ᠡᠬᠦᠰᠭᠡᠳᠡᠭ᠃    ᠳᠥᠷᠪᠡ᠂ ᠤᠤᠭᠤᠬᠤ ᠤᠰᠤᠨ ᠤ ᠠᠰᠠᠭᠤᠳᠠᠯ    ︵1︶ ᠲᠠᠬᠢᠶ᠎ᠠ ᠥᠰᠴᠦ ᠪᠤᠶᠢᠵᠢᠬᠤ ᠶᠠᠪᠤᠴᠠ ᠳᠠᠭᠠᠨ ᠤᠰᠤ ᠤᠮᠳᠠ ᠪᠠᠷ ᠢᠳᠡᠰᠢ ᠪᠡ ᠢᠳᠡᠰᠢᠨ ᠤ ᠳᠣᠲᠣᠷᠠᠬᠢ ᠰᠢᠮ᠎ᠡ ᠲᠡᠵᠢᠭᠡᠯ ᠤᠨ ᠪᠣᠳᠠᠰ ᠢ ᠰᠢᠩᠭᠡᠭᠡᠬᠦ ᠳᠤ ᠲᠤᠰᠠᠯᠠᠨ᠎ᠠ᠃ ᠬᠡᠷᠪᠡ ᠲᠠᠬᠢᠶ᠎ᠠ ᠶᠢᠨ ᠤᠤᠭᠤᠬᠤ ᠤᠰᠤ  ᠨᠢ ᠬᠦᠷᠦᠯᠴᠡᠬᠦ ᠦᠭᠡᠢ ᠪᠣᠯ ᠰᠢᠩᠭᠡᠭᠡᠯᠲᠡ ᠶᠢᠨ ᠴᠢᠳᠠᠪᠤᠷᠢ ᠨᠢ ᠬᠢᠵᠠᠭᠠᠷᠯᠠᠭᠳᠠᠵᠤ᠂ ᠥᠰᠦᠨ ᠪᠤᠶᠢᠵᠢᠯᠲᠠ ᠶᠢ ᠨᠢ ᠬᠦᠨᠳᠦ ᠨᠣᠴᠢᠲᠠᠢ ᠨᠥᠯᠥᠭᠡᠯᠡᠳᠡᠭ᠃    ︵2︶ ᠰᠢᠨ᠎ᠡ ᠰᠣᠷᠭᠤᠭ ᠤᠰᠤ ᠨᠢ ᠲᠠᠬᠢᠶ᠎ᠠ ᠶᠢᠨ ᠹᠢᠽᠢᠣᠯᠣᠭᠢ ᠶᠢᠨ ᠱᠠᠭᠠᠷᠳᠠᠯᠭ᠎ᠠ ᠶᠢ ᠨᠡᠩ ᠰᠠᠶᠢᠨ ᠬᠠᠩᠭᠠᠵᠤ᠂ ᠲᠠᠬᠢᠶ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠠᠬᠢᠭᠤᠯᠤᠨ᠎ᠠ᠃ ᠡᠭᠦᠨ ᠤ ᠡᠰᠡᠷᠭᠦ ᠪᠠᠷ᠂ ᠬᠡᠷᠪᠡ ᠤᠰᠤ ᠤᠮᠳᠠ ᠶᠢᠨ ᠲᠥᠬᠦᠭᠡᠷᠦᠮᠵᠢ ᠨᠢ ᠴᠡᠪᠡᠷ ᠪᠤᠰᠤ ᠪᠣᠯ ᠲᠠᠬᠢᠶ᠎ᠠ ᠬᠤᠣᠷᠳᠠᠭᠳᠠᠵᠤ᠂ ᠲᠠᠬᠢᠶ᠎ᠠ ᠶᠢᠨ ᠡᠷᠡᠭᠦᠯ ᠮᠡᠨᠳᠦ ᠪᠠ ᠥᠰᠦᠯᠲᠡ ᠪᠤᠶᠢᠵᠢᠯᠲᠠ ᠶᠢ ᠨᠥᠯᠥᠭᠡᠯᠡᠨ᠎ᠡ᠃ 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ