ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ | ᠬᠡᠰᠡᠭ ᠪᠣᠯᠬᠤ ᠪᠥᠭᠡᠳ ᠨᠡᠶᠢᠭᠡᠮ ᠨᠡᠶᠢᠲᠡ ᠶᠢᠨ ᠠᠰᠠᠷᠠᠮᠵᠢ ᠶᠢᠨ ᠴᠢᠬᠤᠯᠠ ᠦᠢᠯᠡᠰ ᠪᠣᠯᠬᠤ ᠪᠥᠭᠡᠳ ᠲᠦᠭ ᠲᠦᠮᠡᠨ ᠬᠡᠦᠬᠡᠳ ᠤᠨ ᠡᠷᠡᠭᠦᠯ ᠢᠶᠠᠷ ᠥᠰᠦᠨ | ᠪᠤᠶᠢᠵᠢᠬᠤ ᠳᠤ ᠬᠤᠯᠪᠣᠭᠳᠠᠬᠤ ᠶᠤᠮ᠃ 2024 ᠣᠨ ᠤ 11 ᠰᠠᠷ᠎ᠠ ᠶᠢᠨ 8 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ | ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ | ᠪᠠᠲᠤᠯᠠᠵᠤ᠂ ᠲᠣᠰ ᠬᠠᠤᠯᠢ ᠶᠢ 2025 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠢ ᠃ | ︽ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ ᠬᠡᠷᠡᠭᠵᠢᠭᠦᠯᠬᠦ ᠠᠴᠠ ᠡᠮᠦᠨᠡᠬᠢ ᠤᠬᠠᠭᠤᠯᠭ᠎ᠠ ᠶᠢᠨ ᠠᠵᠢᠯ ᠢ ᠰᠠᠶᠢᠲᠤᠷ | ᠬᠢᠬᠦ ᠶᠢᠨ ᠲᠥᠯᠥᠭᠡ᠂ 12 ᠰᠠᠷ᠎ᠠ ᠶᠢᠨ 13 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠯᠢᠦ ᠬᠤᠩ ᠪᠠᠶᠢᠴᠠᠭᠠᠬᠤ | ᠲᠤᠰᠢᠶᠠᠯᠲᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠬᠤᠪᠢ ᠪᠠᠷ ᠬᠤᠩ ᠹᠧᠩ ᠬᠡᠤᠬᠡᠳ ᠤᠨ ᠴᠡᠴᠡᠷᠯᠢᠭ ᠲᠤ ᠬᠦᠷᠴᠦ ᠂ ︽ᠰᠣᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢᠨ ᠲᠤᠯᠤᠭᠠᠨ ᠶᠡᠭᠡ ᠣᠨᠴᠠᠯᠢᠭ᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠶᠢᠨ ᠬᠠᠮᠢᠶ᠎ᠠ | ᠪᠥᠬᠦᠶ ᠠᠭᠤᠯᠭ᠎ᠠ ᠶᠢᠨ ᠲᠣᠭᠤᠷᠢᠨ ᠳᠤ᠂ ᠬᠠᠤᠯᠢ ᠴᠠᠭᠠᠵᠠ ᠪᠠ ᠬᠡᠷᠡᠭ ᠤᠨ ᠵᠢᠱᠢᠶ᠎ᠡ ᠶᠢ ᠬᠠᠷᠢᠯᠴᠠᠨ ᠤᠶᠠᠯᠳᠤᠭᠤᠯᠵᠤ᠂ ᠪᠥᠬᠦ ᠪᠠᠭᠰᠢ ᠠᠵᠢᠯᠲᠠᠨ ᠳᠤ ᠲᠤᠰᠬᠠᠶ | ᠰᠡᠳᠦᠪᠲᠦ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠯᠢᠦ ᠬᠤᠩ ᠪᠠᠶᠢᠴᠠᠭᠠᠬᠤ ᠲᠤᠰᠢᠶᠠᠯᠲᠠᠨ ︽ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠬᠠᠤᠯᠢ︾ ᠶᠢᠨ ᠡᠯ᠎ᠡ ᠪᠦᠯᠦᠭ ᠢ ᠬᠤᠷᠢᠶᠠᠩᠭᠤᠶᠢᠯᠠᠨ ᠡᠮᠬᠢᠯᠡᠬᠦ ᠶᠢᠨ ᠬᠠᠮᠲᠤ ᠬᠠᠤᠯᠢ ᠴᠠᠭᠠᠵᠠ ᠶᠢᠨ ᠳᠣᠲᠣᠷᠠᠬᠢ ᠭᠤᠤᠯᠳᠠᠯᠭ᠎ᠠ ᠲᠠᠢ ᠵᠦᠢᠯ ᠵᠤᠷᠪᠤᠰ ᠲᠤ | ᠴᠢᠭᠯᠡᠭᠦᠯᠦᠨ᠂ ᠬᠡᠤᠬᠡᠳ ᠤᠨ ᠴᠡᠴᠡᠷᠯᠢᠭ ᠤᠨ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ ᠭᠦᠨᠵᠡᠭᠡᠶ | ᠪᠥᠭᠡᠳ ᠣᠶᠢᠯᠠᠭᠠᠮᠵᠢᠲᠠᠶ ᠪᠠᠷ ᠵᠠᠳᠠᠯᠤᠯᠲᠠ ᠬᠢᠵᠦ᠂ ᠪᠠᠭᠰᠢ ᠠᠵᠢᠯᠲᠠᠨ ᠳᠤ ︽ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ | ᠨᠡᠶᠢᠲᠡᠯᠡᠨ ᠬᠡᠷᠡᠭᠵᠢᠭᠦᠯᠦᠭᠰᠡᠨ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠴᠢᠬᠤᠯᠠ ᠠᠴᠢ | ᠬᠤᠯᠪᠣᠭᠳᠠᠯ ᠢ ᠨᠠᠩ ᠰᠢᠭᠤᠳ ᠣᠶᠢᠯᠠᠭᠠᠭᠤᠯᠪᠠ᠃ ᠪᠦᠬᠦ ᠪᠠᠭᠰᠢ ᠠᠵᠢᠯᠲᠠᠨ ᠢ ᠬᠤᠶᠢᠰᠢᠳᠠ ᠶᠢᠨ ᠠᠵᠢᠯ ᠤᠨ ᠳᠤᠮᠳᠠ᠂ ᠬᠠᠤᠯᠢ ᠶᠢ ᠰᠠᠬᠢᠵᠣ ᠂ ᠡᠯ᠎ᠡ ᠵᠦᠢᠯ ᠤᠨ | ᠠᠮᠤᠷ ᠲᠦᠪᠰᠢᠨ ᠤ ᠳᠦᠷᠢᠮ ᠵᠢᠴᠢ ᠴᠡᠴᠡᠷᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠢᠭᠠᠨ ᠰᠤᠷᠭᠠᠬᠤ ᠶᠢ ᠦᠨᠡᠨᠬᠦ | ᠪᠡᠶᠡᠯᠡᠭᠦᠯᠵᠦ᠂ ᠬᠡᠦᠬᠡᠳ ᠲᠤ ᠨᠡᠩ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢ ᠬᠦᠲᠦᠯᠦᠨ | ᠵᠢᠯᠣᠭᠤᠳᠪᠠ ᠃ | ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠭᠴᠢ ᠪᠣᠯᠬᠤ ᠪᠥᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ | ᠲᠦᠪᠰᠢᠨ ᠵᠡᠷᠭᠡ ᠶᠢᠨ ᠲᠣᠭᠤᠷᠢᠨ ᠳᠤ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠶᠢᠷ᠎ᠠ ᠬᠠᠯᠠᠮᠵᠢ ᠪᠠ ᠬᠠᠷᠢᠭᠤᠴᠠᠯᠭᠠᠲᠤ ᠰᠡᠳᠬᠢᠯᠭᠡ ᠪᠠᠷ ᠰᠤᠷᠭᠠᠭᠤᠯᠢ ᠲᠠᠢ | ᠬᠠᠮᠲᠤ ᠪᠠᠷ ᠬᠠᠤᠯᠢ ᠪᠠᠷ ᠵᠠᠰᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠠᠰᠤᠨ ᠳᠤ ᠦᠯᠦ ᠬᠦᠷᠦᠭᠰᠡᠳ ᠢ ᠬᠠᠣᠯᠢ ᠪᠠᠷ ᠵᠠᠰᠠᠬᠤ ᠳᠣᠮᠳᠠ ᠡᠷᠡᠭᠦᠯ ᠢᠶᠠᠷ | ᠦᠰᠦᠨ ᠪᠣᠶᠢᠵᠢᠭᠤᠯᠬᠤ ᠪᠠᠷ ᠪᠣᠢ ᠃ | |