ᠰᠣᠳᠣᠨ ᠰᠤᠷᠤᠭᠴᠢᠳ ᠲᠠᠢ ᠣᠳᠣᠨ ᠪᠠᠭᠰᠢ -- ᠪᠦᠦ ᠬᠦᠢ ᠵᠧᠨ
ᠨᠡᠶᠢᠲᠡᠯᠡᠭᠰᠡᠨ ᠴᠠᠭ᠄
2024/12/23
    ᠲᠡᠦᠬᠡ ᠰᠣᠶᠣᠯ ᠤᠨ ᠮᠡᠳᠡᠯᠭᠡ ᠶᠢ ᠤᠯᠠᠮᠵᠢᠯᠠᠨ᠂ ᠲᠦᠬᠦᠭᠡᠢ ᠰᠢᠬᠦᠷᠭᠡᠢ ᠤᠬᠠᠭᠠᠨ ᠢ ᠰᠡᠯᠪᠢᠵᠦ ᠥᠭᠳᠡᠭ ᠪᠠᠭᠰᠢ ᠶᠢᠨ ᠠᠯᠳᠠᠷ ᠬᠦᠨᠳᠦᠳᠠᠢ᠃ ᠣᠶᠤᠨ ᠢ ᠭᠡᠭᠡᠷᠡᠭᠦᠯᠬᠦ ᠦᠢᠯᠡᠰ ᠲᠤ ᠬᠤᠷᠢᠭᠠᠳ ᠵᠢᠯ ᠵᠢᠳᠬᠦᠵᠦ ᠦᠢ ᠤᠯᠠᠨ ᠱᠠᠪᠢ ᠬᠥᠮᠦᠵᠢᠭᠦᠯᠵᠦ ᠶᠠᠪᠤᠭᠰᠠᠨ ᠪᠦᠦ ᠬᠦᠢ ᠵᠧᠨ ᠪᠠᠭᠰᠢ ᠪᠣᠯ ᠤᠷᠠᠳ ᠤᠨ ᠳᠤᠮᠳᠠᠳᠤ ᠬᠤᠰᠢᠭᠤᠨ ᠤ ᠲᠤᠷᠰᠢᠯᠲᠠ ᠶᠢᠨ ᠰᠤᠷᠭᠠᠭᠤᠯᠢ ᠶᠢᠨ ᠵᠢᠷ ᠤᠨ ᠨᠢᠭᠡᠨ ᠠᠷᠠᠳ ᠤᠨ ᠪᠠᠭᠰᠢ ᠶᠤᠮᠰᠠᠨ᠃    ᠪᠦᠦ ᠬᠦᠢ ᠵᠧᠨ ᠪᠠᠭᠰᠢ 1998 ᠣᠨ ᠳᠤ ᠤᠯᠠᠭᠠᠨᠬᠠᠳᠠ ᠳᠡᠭᠡᠳᠦ ᠰᠤᠷᠭᠠᠭᠤᠯᠢ ᠠᠴᠠ ᠲᠡᠭᠦᠰᠦᠨ ᠤᠷᠠᠳ ᠤᠨ ᠳᠤᠮᠳᠠᠳᠤ ᠬᠤᠰᠢᠭᠤᠨ ᠤ ᠰᠤᠮᠤᠨ ᠤ ᠪᠠᠶᠠᠨᠬᠠᠳᠠᠢ ᠪᠠᠭ᠎ᠠ ᠰᠤᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠤ ᠦᠨᠳᠦᠰᠦᠨ ᠱᠠᠲᠤᠨ ᠤ ᠰᠤᠷᠭᠠᠭᠤᠯᠢ ᠳᠤ ᠬᠤᠶᠠᠷ ᠵᠢᠯ ᠳᠠᠪᠲᠠᠨ ᠪᠣᠯᠪᠠᠰᠤᠷᠠᠭᠰᠠᠨ ᠢᠶᠠᠨ 2000 ᠣᠨ ᠠᠴᠠ ᠡᠬᠢᠯᠡᠨ ᠤᠷᠠᠳ ᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠳᠤ ᠠᠵᠢᠯ ᠰᠢᠯᠵᠢᠨ ᠠᠵᠢᠯᠯᠠᠭᠠᠳ ᠤᠳᠤ ᠬᠦᠷᠴᠡᠶ᠃
   微信图片_20241223102407.jpg
    ᠪᠣᠯᠣᠳ ᠳᠠᠪᠳᠠᠬᠤ ᠳᠤ ᠥᠪᠡᠷ ᠢᠶᠠᠨ ᠬᠠᠲᠠᠭᠤ ᠪᠠᠢᠬᠤ ᠬᠡᠷᠡᠭᠲᠡᠶ ᠭᠡᠳᠡᠭ ᠢᠶᠠᠷ᠂ ᠲᠡᠷᠡ ᠠᠵᠢᠯ ᠤᠨ ᠪᠠᠶᠢᠷᠢᠨ ᠳᠤ ᠭᠠᠷᠤᠭᠰᠠᠨ ᠠᠴᠠ ᠨᠠᠭᠠᠰᠢ ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ ᠰᠤᠷᠤᠯᠴᠠᠯᠭ᠎ᠠ ᠪᠠᠨ ᠴᠢᠩᠭᠠᠳᠬᠠᠨ ᠰᠤᠷᠤᠭᠴᠢᠳ ᠲᠠᠭᠠᠨ ᠰᠠᠶᠢᠨ ᠬᠡᠪ ᠳᠠᠭᠤᠷᠢᠶᠠᠯ ᠦᠵᠡᠭᠦᠯᠬᠦ ᠶᠢ ᠬᠢᠴᠢᠶᠡᠵᠦ᠂ ᠣᠷᠭᠤᠬᠤ ᠨᠠᠷᠠ ᠲᠠᠢ ᠤᠷᠤᠯᠳᠤᠨ ᠦᠳᠡᠰᠢ ᠶᠢᠨ ᠪᠦᠷᠦᠢ  ᠲᠠᠢ ᠲᠡᠮᠡᠴᠡᠨ᠂ ᠠᠩᠭᠢ ᠶᠢᠨ ᠰᠤᠷᠤᠭᠴᠢᠳ ᠤᠨ ᠢᠶᠠᠨ ᠶᠣᠰᠣ ᠮᠣᠷᠠᠯ᠂ ᠠᠷᠢᠭᠤᠨ ᠴᠡᠪᠡᠷ᠂ ᠰᠤᠷᠤᠯᠭ᠎ᠠ ᠵᠡᠷᠭᠡ ᠡᠯ᠎ᠡ ᠲᠠᠯ᠎ᠠ ᠶᠢᠨ ᠠᠵᠢᠯ ᠳᠤ ᠴᠢᠷᠮᠠᠢᠨ ᠠᠵᠢᠯᠯᠠᠵᠤ ᠪᠠᠶᠢᠳᠠᠭ ᠠᠴᠠ ᠠᠩᠭᠢ ᠶᠢᠨ ᠰᠤᠷᠤᠭᠴᠢᠳ ᠤᠨ ᠬᠢᠨᠢ ᠶᠣᠰᠣ ᠮᠣᠷᠠᠯ ᠰᠤᠷᠤᠯᠭ᠎ᠠ ᠶᠢᠨ ᠬᠢᠷᠢ ᠪᠦᠲᠦᠮᠵᠢ ᠨᠡᠯᠢᠶᠡᠳ ᠰᠠᠶᠢᠨ ᠪᠠᠶᠢᠳᠠᠭ᠃ ᠲᠡᠷᠡ ᠤᠷᠢᠳ ᠬᠤᠵᠢᠳ ᠵᠢᠷᠭᠤᠭᠠᠨ ᠵᠢᠯ ᠬᠤᠶᠠᠷ ᠬᠤᠭᠤᠴᠠᠭᠠᠨ ᠤ ᠠᠩᠭᠢ ᠲᠡᠭᠦᠰᠬᠡᠵᠦ᠂ 2012 ᠣᠨ ᠳᠤ ᠲᠡᠭᠦᠨ ᠤ ᠡᠷᠬᠢᠯᠡᠵᠦ ᠪᠠᠶᠢᠭᠰᠠᠨ 126 ᠳ᠋ᠤᠭᠠᠷ ᠠᠩᠭᠢ ᠨᠢ ᠬᠤᠰᠢᠭᠤ ᠱᠠᠲᠤᠨ ᠤ ᠰᠢᠯᠢᠳᠡᠭ ᠠᠩᠭᠢ ᠨᠢᠭᠡᠴᠢ ᠪᠠᠷ ᠦᠨᠡᠯᠡᠭᠳᠡᠨ᠂ ᠪᠠᠭᠰᠢ ᠰᠤᠷᠤᠭᠴᠢ ᠭᠡᠷ ᠤᠨ ᠠᠬᠠᠮᠠᠳ ᠤᠨ ᠢᠶᠠᠨ ᠬᠦᠷᠢᠶᠡᠯᠡᠯ ᠢ ᠣᠯᠵᠤ ᠶᠠᠪᠤᠭᠰᠠᠨ ᠪᠢᠯᠡ᠃ ᠠᠳᠤᠭᠤᠨ ᠤ ᠠᠯᠠᠭ ᠰᠠᠶᠢᠬᠠᠨ  ᠠᠶᠠᠭᠠᠨ ᠤ ᠠᠯᠠᠭ ᠮᠠᠭᠤᠬᠠᠶ ᠭᠡᠳᠡᠭᠴᠢᠯᠡᠨ᠂ ᠪᠠᠭᠰᠢ ᠪᠣᠯᠤᠭᠰᠠᠳ ᠡᠷᠬᠡᠪᠰᠢ ᠰᠤᠷᠤᠭᠴᠢ ᠨᠢᠭᠡᠪᠦᠷᠢ ᠳᠡᠭᠡᠨ ᠠᠳᠠᠯᠢ ᠲᠡᠭᠰᠢ ᠪᠠᠷ ᠬᠠᠨᠳᠤᠵᠤ᠂ ᠣᠨᠴᠠᠭᠠᠶᠢᠯᠠᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ᠂ ᠦᠵᠡᠯ ᠰᠠᠨᠠᠭᠠᠨ ᠤ ᠳᠠᠷᠤᠭᠠᠰᠤ ᠲᠠᠢ ᠬᠡᠦᠬᠡᠳ ᠢ ᠢᠯᠡᠭᠦᠦ ᠬᠠᠯᠠᠮᠵᠢᠯᠠᠬᠤ ᠬᠡᠷᠡᠭᠲᠡᠶ ᠭᠡᠵᠦ ᠦᠵᠡᠳᠡᠭ ᠪᠥᠭᠡᠳ ᠢᠩᠭᠢᠵᠦ ᠬᠢᠭᠰᠡᠭᠡᠷ ᠣᠳᠣ ᠬᠦᠷᠴᠡᠶ᠃
   未命名.jpg
      ᠬᠠᠶᠢᠷ᠎ᠠ ᠶᠢᠨ ᠬᠥᠮᠦᠵᠢᠯ ᠢᠶᠠᠷ ᠰᠤᠷᠤᠭᠴᠢᠳ ᠤᠨ ᠢᠶᠠᠨ ᠰᠡᠳᠬᠢᠯ ᠢ ᠣᠯᠵᠤ᠂ ᠰᠤᠷᠤᠭᠴᠢᠳ ᠲᠠᠢ ᠪᠠᠨ ᠰᠠᠨᠠᠯ ᠰᠡᠳᠬᠢᠯ ᠢᠶᠠᠨ ᠣᠶᠢᠯᠠᠭᠠᠯᠴᠠᠬᠤ ᠪᠣᠯ ᠪᠠᠭᠰᠢ ᠪᠣᠯᠤᠭᠰᠠᠳ ᠤᠨ ᠪᠠᠰᠠ ᠨᠢᠭᠡᠨ ᠤᠪᠠᠳᠢᠰ ᠪᠣᠯᠤᠨ᠎ᠠ ᠭᠡᠵᠦ ᠪᠦᠦ ᠬᠦᠢ ᠵᠧᠨ ᠪᠠᠭᠰᠢ ᠦᠵᠡᠳᠡᠭ᠃ ᠥᠩᠭᠡᠷᠡᠭᠰᠡᠨ ᠤ ᠬᠠᠷᠢᠶᠠᠵᠤ ᠵᠦᠭᠡᠬᠦ ᠵᠣᠳᠣᠵᠤ ᠴᠣᠬᠢᠬᠤ ᠵᠢᠭᠠᠨ ᠰᠤᠷᠭᠠᠬᠤ ᠠᠪᠴᠠᠯ ᠨᠢ ᠣᠳᠣ ᠶᠢᠨ ᠬᠡᠦᠬᠡᠳ ᠤᠨ ᠰᠡᠳᠬᠢᠬᠦᠶ ᠦᠰᠦᠨ ᠪᠤᠶᠢᠵᠢᠬᠤ ᠣᠷᠴᠢᠨ ᠳᠤ ᠲᠣᠬᠢᠷᠠᠬᠤ ᠪᠠᠨ ᠪᠣᠯᠢᠵᠤ᠂ ︽ᠵᠤᠳᠤᠯ ᠦᠭᠡᠢ ᠨᠣᠮ ᠰᠤᠷᠬᠤ ᠦᠭᠡᠢ ᠵᠣᠪᠠᠯ ᠦᠭᠡᠢ ᠵᠣᠭᠤᠰ ᠣᠯᠬᠤ ᠦᠭᠡᠢ︾ ᠭᠡᠬᠦ ᠰᠤᠷᠭᠠᠯ ᠨᠢ ᠲᠡᠭᠦᠨ ᠤ ᠠᠳᠡ ᠨᠢᠭᠡᠨᠲᠡ ᠶᠠᠪᠤᠭᠤᠷᠢ ᠦᠭᠡᠢ ᠪᠣᠯᠤᠭᠰᠠᠨ ᠶᠤᠮ᠃    
     ᠬᠠᠳᠠᠭᠤ ᠴᠢᠩᠭ᠎ᠠ ᠴᠢᠷᠮᠠᠶᠢᠯᠭ᠎ᠠ ᠶᠢᠨ ᠡᠴᠦᠰ ᠲᠤ ᠵᠢᠮᠢᠰ ᠠᠮᠲᠠᠯᠠᠭᠳᠠᠳᠠᠭ ᠤᠨ ᠵᠢᠮ᠎ᠡ ᠪᠠᠷ ᠲᠡᠷᠡ ᠤᠷᠢᠳ ᠬᠤᠵᠢᠳ ᠬᠤᠲᠠ ᠶᠢᠨ ᠲᠡᠰ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢᠲᠠᠨ᠂ ᠬᠤᠲᠠ ᠶᠢᠨ ᠲᠡᠰ ᠤᠨ ᠶᠣᠰᠣ ᠰᠤᠷᠲᠠᠬᠤᠨ ᠬᠠᠤᠯᠢ ᠳᠦᠷᠢᠮ ᠤᠨ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤ ᠳᠡᠰ ᠤᠨ ᠵᠠᠯᠠᠭᠤ ᠪᠠᠭᠰᠢ ᠨᠠᠷ ᠤᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠬᠤᠶᠠᠳᠤᠭᠠᠷ ᠳᠡᠰ᠂ ᠪᠦᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠠᠩᠬ᠎ᠠ ᠳᠤᠮᠳᠠᠳᠤ ᠶᠢᠨ ᠪᠠᠭᠰᠢ ᠨᠠᠷ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠢᠴᠢᠶᠡᠯ ᠤᠨ ᠤᠷᠤᠯᠳᠤᠭᠠᠨ ᠤ ᠬᠤᠶᠠᠳᠤᠭᠠᠷ ᠳᠡᠰ᠂ ᠪᠦᠬᠦ ᠬᠤᠲᠠ ᠶᠢᠨ ᠦᠨᠳᠦᠰᠦᠲᠡᠨ ᠤ ᠰᠤᠷᠭᠠᠭᠤᠯᠢ ᠶᠢᠨ ᠮᠣᠩᠭᠤᠯ ᠬᠡᠯᠡᠨ ᠤ ᠵᠣᠬᠢᠶᠠᠯ ᠤᠨ ᠤᠷᠤᠯᠳᠤᠭᠠᠨ ᠤ ᠪᠠᠭᠰᠢ ᠶᠢᠨ ᠲᠤᠭᠤᠶᠢᠯᠠᠩ ᠤᠨ ᠭᠤᠷᠪᠠᠳᠤᠭᠠᠷ ᠳᠡᠰ᠂ ᠪᠦᠬᠦ ᠬᠤᠰᠢᠭᠤᠨ  ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯᠯᠡᠬᠦ ᠤᠷᠠᠨ ᠤᠩᠰᠢᠯᠭ᠎ᠠ ᠶᠢᠨ ᠤᠷᠤᠯᠳᠤᠭᠠᠨ ᠤ ᠰᠢᠯᠢᠳᠡᠭ ᠳᠡᠰ᠂ ᠰᠤᠷᠭᠠᠭᠤᠯᠢ ᠶᠢᠨ ᠢᠶᠠᠨ ᠰᠤᠨᠳᠤᠷᠳᠤ ᠪᠠᠭᠠᠲᠤᠷ᠂ ᠰᠢᠯᠢᠳᠡᠭ ᠵᠢᠭᠠᠨ ᠰᠤᠷᠭᠠᠬᠤ ᠲᠤᠭᠤᠶᠢᠯᠠᠩ  ᠤᠨ ᠳᠠᠷᠤᠭ᠎ᠠ᠂ ᠰᠢᠯᠢᠳᠡᠭ ᠠᠩᠭᠢ ᠶᠢᠨ ᠡᠷᠬᠢᠯᠡᠭᠴᠢ ᠵᠡᠷᠭᠡ ᠣᠯᠠᠨ ᠢᠷᠠᠭᠤ ᠠᠯᠳᠠᠷ ᠬᠦᠷᠲᠡᠵᠦ ᠶᠠᠪᠤᠭᠰᠠᠨ ᠪᠥᠭᠡᠳ ︽ᠳᠤᠮᠳᠠᠳᠤ ᠰᠤᠷᠭᠠᠭᠤᠯᠢ ᠶᠢᠨ ᠤᠯᠤᠰ ᠲᠥᠷᠥ ᠶᠢᠨ ᠬᠢᠴᠢᠶᠡᠯ ᠳᠤᠮᠳᠠ ᠰᠤᠷᠤᠭᠴᠢᠳ ᠤᠨ ᠤᠷᠮ᠎ᠠ ᠪᠠᠬ᠎ᠠ ᠶᠢ ᠬᠡᠷᠬᠢᠨ ᠲᠠᠲᠠᠬᠤ ᠪᠤᠢ︾ ᠭᠡᠬᠦ ᠵᠢᠭᠠᠨ ᠰᠤᠷᠭᠠᠯᠲᠠ ᠶᠢᠨ ᠥᠭᠦᠯᠡᠯ ᠨᠢ ᠪᠦᠬᠦ ᠤᠯᠤᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠲᠤ ᠲᠣᠳᠣᠷᠠᠨ᠂ ᠪᠠᠰᠠ ᠠᠷᠪᠠᠭᠠᠳ ᠥᠭᠦᠯᠡᠯ ᠨᠢ ᠤᠯᠤᠰ ᠣᠷᠣᠨ ᠤ ᠲᠡᠰ ᠤᠨ ᠨᠢᠭᠡ ᠬᠤᠶᠠᠳᠤᠭᠠᠷ ᠳᠡᠰ ᠤᠨ ᠱᠠᠩᠨᠠᠯ ᠬᠦᠷᠲᠡᠵᠡᠢ᠃    ᠬᠡᠵᠢᠶᠡᠳᠡ ᠣᠷᠢ ᠵᠠᠯᠠᠭᠤ ᠪᠠᠷ ᠢᠶᠠᠨ ᠪᠠᠶᠢᠳᠠᠭ  ᠂ ᠡᠪᠦᠭᠡᠷᠡᠰᠢ ᠦᠭᠡᠢ ᠪᠠᠭᠰᠢ ᠶᠢᠨ ᠦᠢᠯᠡᠰ ᠢ ᠲᠡᠷᠡ ᠶᠡᠷᠦᠨᠢ ᠬᠠᠶᠢᠷᠠᠯᠠᠨ ᠳᠡᠭᠡᠳᠦᠯᠡᠵᠦ ᠶᠠᠪᠤᠳᠠᠭ᠃ ᠤᠬᠠᠭᠠᠨ ᠡᠷᠳᠡᠮ ᠢᠶᠠᠨ ᠥᠰᠪᠦᠷᠢ ᠶᠢᠨ ᠬᠡᠦᠬᠡᠳ ᠲᠤ ᠶᠡᠭᠦᠯᠡᠵᠦ ᠶᠠᠪᠤᠳᠠᠭ ᠪᠠᠭᠰᠢ ᠶᠢᠨ ᠠᠴᠢ ᠳᠤ ᠲᠠᠯᠠᠷᠬᠠᠨᠠᠮ᠃                                                  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ      ᠬᠦᠰᠡᠯ 
ᠢᠷᠡᠯᠲᠡ᠄ ᠪᠠᠶᠠᠨ ᠨᠠᠭᠤᠷ ᠤᠨ ᠡᠳᠦᠷ ᠤᠨ ᠰᠤᠨᠢᠨ