— 2024 ᠣᠨ ᠤ 1 ᠰᠠᠷ᠎ᠠ ᠶᠢᠨ 23 ᠤ ᠡᠳᠦᠷ ᠣᠷᠠᠳ ᠤᠨ ᠲᠣᠮᠳᠠᠳᠣ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ ᠲᠡᠭᠡᠷ᠎ᠡ | | ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ | ᠪᠦᠦ ᠯᠢᠨ | | ᠲᠥᠯᠥᠭᠡᠯᠡᠭᠴᠢᠳ ᠠ᠋᠄ | ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠡᠭᠦᠨ ᠤ ᠬᠠᠮᠳᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠦᠭᠦᠳ ᠰᠠᠨᠠᠯ ᠢᠶᠠᠨ ᠲᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠨ ᠤᠳᠤᠭᠰᠠᠨ 2023 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ | ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂ ᠵᠢᠯ ᠤᠨ | ᠡᠬᠢᠨ ᠳᠤ ᠲᠣᠭᠲᠠᠭᠠᠭᠰᠠᠨ ᠲᠡᠮᠡᠴᠡᠬᠦ ᠬᠠᠷᠠᠯᠲᠠ ᠪᠠᠨ ᠨᠡᠯᠢᠶᠡᠳ ᠰᠠᠶᠢᠨ ᠪᠡᠶᠡᠯᠡᠭᠦᠯᠵᠡᠢ᠃ | ᠡᠨᠡ ᠨᠢᠭᠡ ᠵᠢᠯ ᠳᠤ᠂ ᠪᠢᠳᠡ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠶᠡᠷᠦᠩᠬᠡᠶᠢᠯᠡᠭᠰᠡᠨ ᠪᠣᠳᠠᠲᠤ | ᠬᠦᠴᠦᠨ ᠰᠢᠨ᠎ᠡ ᠳᠠᠪᠠᠯᠲᠠ ᠶᠢ ᠪᠡᠶᠡᠯᠡᠭᠦᠯᠪᠡ᠃ ᠬᠦᠭᠵᠢᠯᠲᠡ ᠶᠢ ᠲᠡᠷᠢᠭᠦᠨ ᠴᠢᠬᠤᠯᠠ ᠶᠠᠪᠤᠳᠠᠯ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ | ᠲᠦᠷᠦ ᠶᠢᠨ ᠪᠣᠳᠣᠯᠭ᠎ᠠ᠂ ᠢᠷᠠᠭᠤ ᠠᠯᠳᠠᠷ᠂ ᠪᠡᠯᠡ ᠮᠥᠩᠭᠦ᠂ ᠲᠤᠷᠰᠢᠯᠲᠠ ᠶᠢᠨ ᠴᠡᠭ ᠢ ᠲᠡᠮᠡᠴᠡᠨ ᠣᠯᠵᠤ᠂ ᠡᠯ᠎ᠡ ᠲᠦᠷᠦᠯ ᠤᠨ ᠠᠵᠢᠯ ᠦᠢᠯᠡᠰ ᠤᠨ | ᠬᠥᠭᠵᠢᠯᠲᠡ ᠶᠢᠨ ᠰᠠᠶᠢᠨ ᠪᠠᠶᠢᠳᠠᠯ ᠢ ᠪᠠᠲᠤᠯᠠᠵᠤ᠂ ᠡᠯ᠎ᠡ ᠲᠦᠷᠦᠯ ᠤᠨ ᠠᠰᠢᠭᠲᠠᠢ ᠲᠦᠷᠦ ᠶᠢᠨ ᠪᠣᠳᠣᠯᠭ᠎ᠠ ᠶᠢ ᠨᠡᠶᠢᠳᠡ 28 ᠵᠦᠢᠯ᠂ ᠢᠷᠠᠭᠤ ᠠᠯᠳᠠᠷ ᠤᠨ ᠱᠠᠩᠨᠠᠯ | 61 ᠵᠦᠢᠯ᠂ ᠳᠡᠭᠡᠳᠦ ᠱᠠᠲᠤᠨ ᠤ ᠪᠡᠯᠡ ᠮᠥᠩᠭᠦ ᠶᠢ 40.62 ᠳ᠋ᠦᠩᠰᠢᠭᠤᠷ ᠲᠥᠭᠦᠷᠢᠭ᠂ ᠣᠷᠢᠳᠴᠢᠯᠠᠨ ᠶᠠᠪᠤᠭᠳᠠᠭᠤᠯᠬᠤ ᠲᠤᠷᠰᠢᠯᠲᠠ ᠶᠢᠨ ᠴᠡᠭ 17 ᠶᠢ | ᠲᠡᠮᠡᠴᠡᠨ ᠣᠯᠪᠠ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 132.93 ᠳ᠋ᠦᠩᠰᠢᠭᠤᠷ ᠲᠥᠭᠦᠷᠢᠭ ᠲᠤ ᠬᠦᠷᠴᠦ᠂ 16. | 9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠡᠷᠢᠭᠦᠨ ᠳᠤ ᠣᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠢ 20% ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠭᠤᠷᠪᠠᠳᠤᠭᠠᠷ ᠲᠤ ᠣᠷᠣᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 47.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.5% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠣᠷᠣᠯᠭ᠎ᠠ ᠶᠢ 12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.91% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ | ᠪᠥᠬᠦ ᠬᠤᠲᠠ ᠳᠤ ᠲᠡᠷᠢᠭᠦᠯᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠨᠢ 14.61 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠨᠢ ᠲᠣᠰ ᠲᠣᠰ 41551 ᠲᠥᠭᠦᠷᠢᠭ᠂ 25598 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.2% ᠪᠠ 8.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠥᠷᠨᠢᠨ ᠬᠥᠭᠵᠢᠪᠡ᠃ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ | ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠶᠢ ᠲᠣᠭᠲᠠᠭᠤᠨ ᠢᠶᠠᠷ ᠠᠬᠢᠭᠤᠯᠵᠤ᠂ ᠪᠥᠬᠦ ᠬᠤᠰᠢᠭᠤᠨ ᠤ ᠲᠠᠷᠢᠮᠠᠯ ᠤᠨ ᠳᠠᠷᠢᠬᠤ ᠲᠠᠯᠠᠪᠠᠶ ᠨᠢ 164.3 ᠲᠦᠮᠡᠨ | ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ ᠨᠢ 6.6 ᠳ᠋ᠦᠩᠰᠢᠭᠤᠷ ᠵᠢᠩ ᠳᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15 ᠲᠦᠮᠡᠨ ᠮᠦ ᠰᠢᠨ᠎ᠡ | ᠪᠠᠷ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠷᠥᠯ ᠵᠦᠢᠯ ᠢ 12.74 ᠲᠦᠮᠡᠨ ᠮᠦ ᠬᠡᠷᠡᠭᠵᠢᠭᠦᠯᠵᠦ᠂ 6882.5 ᠮᠦ ᠲᠦᠬᠦᠭᠡᠷᠦᠮᠵᠢᠲᠦ | ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ | 12 ᠰᠢᠨ᠎ᠡ ᠪᠠᠷ ᠪᠠᠶᠢᠭᠤᠯᠵᠤ᠂ ᠮᠢᠬᠠᠨ ᠤ ᠲᠥᠷᠥᠯ ᠤᠨ ᠭᠠᠷᠤᠯᠲᠠ 3.7 ᠲᠦᠮᠡᠨ ᠲᠣᠨ ᠳᠤ ᠬᠦᠷᠴᠡᠢ᠃ ︽ᠨᠢᠭᠡ ᠪᠠᠯᠭᠠᠰᠤ ᠨᠢᠭᠡ ᠨᠡᠷᠡᠲᠦ ᠪᠦᠲᠦᠭᠡᠭᠳᠡᠬᠦᠨ︾ ᠤ | ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ | ᠪᠣᠯᠪᠠᠰᠤᠷᠠᠭᠤᠯᠤᠯᠲᠠ ᠶᠢ ᠲᠦᠷᠭᠡᠳᠬᠡᠨ ᠬᠥᠭᠵᠢᠭᠦᠯᠵᠦ᠂ ᠰᠠᠨ ᠴᠧᠩ᠂ ᠡᠯ ᠬᠠᠨ ᠰᠣᠷᠭᠤᠭ ᠵᠥᠭᠡᠯᠡᠨ ᠡᠷᠳᠡᠨᠢ ᠰᠢᠰᠢ ᠪᠣᠯᠪᠠᠰᠤᠷᠠᠭᠤᠯᠬᠤ ᠲᠦᠷᠦᠯ ᠵᠦᠢᠯ᠂ ᠦ᠋ | ᠵᠧᠨ ᠲᠣᠰᠬᠤᠨ ᠤ ᠯᠠᠵᠤᠤ ᠰᠤᠩᠭᠤᠨ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠪᠠᠶ᠋ᠬᠠᠤᠯᠠᠭᠠᠨ ᠰᠤᠮᠤ ᠶᠢᠨ ᠪᠠᠶᠠᠨᠪᠣᠷᠣ | ᠭᠠᠴᠠᠭ᠎ᠠ ᠤᠯᠤᠰ ᠤᠨ ︽ᠨᠢᠭᠡ ᠭᠠᠴᠠᠭ᠎ᠠ ᠨᠢᠭᠡ ᠨᠡᠷᠡᠲᠦ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠭᠠᠴᠠᠭ᠎ᠠ ᠪᠠᠷ ᠦᠨᠡᠯᠡᠭᠳᠡᠵᠦ᠂ ᠪᠧᠶᠢᠫᠢᠩ ᠨᠡᠬᠡᠮᠡᠯ ᠤᠨ ᠬᠤᠶᠠᠷ | ᠪᠣᠭᠳᠠ ᠶᠢᠨ ᠠᠭᠤᠯᠠ ᠶᠢᠨ ᠮᠠᠯᠵᠢᠯ ᠤᠨ ᠲᠠᠯᠠᠪᠠᠢ ᠨᠢ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠵᠦ᠂ ᠮᠠᠨ ᠤ ᠬᠤᠰᠢᠭᠤ ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠢᠶᠠᠷ ᠠᠮᠤᠷ ᠲᠦᠪᠰᠢᠨ ᠬᠤᠰᠢᠭᠤ ᠰᠢᠶᠠᠨ ᠢ ᠠᠮᠵᠢᠯᠲᠠ ᠲᠠᠢ ᠪᠠᠶᠢᠭᠤᠯᠪᠠ᠃ ᠪᠥᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠵᠦᠢᠯ ᠢᠶᠠᠷ 3᠂ ᠪᠣᠬᠢᠷᠲᠤᠯ ᠦᠭᠡᠢ ᠢᠳᠡᠭᠡᠨ ᠤ ᠵᠦᠢᠯ ᠢᠶᠠᠷ 2 ᠵᠦᠪᠰᠢᠶᠡᠷᠡᠭᠳᠡᠪᠡ᠃ ᠬᠤᠤ ᠯᠢᠶᠠᠨ ᠹᠧᠩ ᠣᠷᠭᠠᠨᠢᠭ ᠲᠠᠷᠢᠶᠠᠯᠠᠩ ᠮᠠᠯ ᠠᠵᠤ | ᠠᠬᠤᠢ ᠶᠢᠨ ᠲᠤᠰᠬᠠᠢ ᠬᠤᠷᠰᠢᠶᠠᠵᠢᠯ ᠨᠢ ᠤᠯᠤᠰ ᠤᠨ ᠲᠡᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ ᠶᠢᠨ ᠢᠷᠠᠭᠤ ᠠᠯᠳᠠᠷ ᠢᠶᠠᠷ ᠦᠨᠡᠯᠡᠭᠳᠡᠵᠦ᠂ ᠭᠤᠤ | ᠲᠠ ᠯᠢᠶᠠᠩ ᠺᠣᠮᠫᠠᠨᠢ ᠨᠢ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠢᠷᠠᠭᠤ ᠠᠯᠳᠠᠷ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠴᠡᠭ 2 ᠢ ᠰᠢᠨ᠎ᠡ ᠪᠠᠷ | ᠪᠠᠶᠢᠭᠤᠯᠵᠤ᠂ ᠬᠤᠲᠠ ᠶᠢᠨ ᠲᠠᠰ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶᠠᠵᠢᠯ ᠢ 54 ᠡᠷᠦᠬᠡ ᠪᠤᠶᠢᠵᠢᠭᠤᠯᠤᠨ ᠲᠡᠳᠬᠦᠵᠦ᠂ ᠲᠠᠷᠢᠶᠠᠯᠠᠩ ᠮᠠᠯ ᠠᠵᠤ | ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 6 ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ ᠤᠯᠤᠰ ᠤᠨ ᠭᠤᠣᠯᠳᠠᠯᠭ᠎ᠠ ᠲᠠᠢ ᠰᠢᠨ᠎ᠡ ᠡᠨᠧᠷᠭᠢ | ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 11 ᠡᠷᠦᠬᠡ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠢ 12 ᠰᠠᠷ᠎ᠠ ᠳᠠᠷᠠᠭᠠᠯᠠᠨ | 20% ᠠᠴᠠ ᠳᠡᠭᠡᠭᠰᠢ ᠪᠠᠶᠢᠬᠤ ᠶᠢ ᠪᠠᠲᠤᠯᠠᠪᠠ᠃ ᠵᠢᠨᠹᠧᠩ ᠤᠨ ᠬᠦᠨᠳᠦ ᠠᠵᠤ ᠦᠢᠯᠡᠳᠪᠦᠷᠢ ᠶᠢᠨ ᠰᠠᠯᠬᠢᠨ ᠴᠠᠬᠢᠯᠭᠠᠨ ᠤ ᠰᠤᠪᠤᠷᠭ᠎ᠠ ᠶᠢᠨ ᠲᠦᠷᠦᠯ ᠵᠦᠢᠯ ᠢ | ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠱᠧᠨ ᠬᠤᠸᠠ ᠶᠢᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠱᠤᠭᠤᠮ᠂ ᠬᠤᠸᠠ ᠴᠢ ᠶᠢᠨ 10 ᠲᠦᠮᠡᠨ ᠲᠣᠨ ᠤ | ᠬᠦᠳᠡᠯᠭᠡᠭᠴᠢ ᠬᠦᠴᠦᠨ ᠤ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠪᠠᠷᠢᠯᠭ᠎ᠠ ᠪᠠᠨ ᠡᠬᠢᠯᠡᠭᠦᠯᠪᠡ᠃ ᠮᠧᠩ ᠳ᠋ᠢᠶᠠᠨ ᠽᠥᠩ ᠨᠧᠩ | ᠡᠨᠧᠷᠭᠢ᠂ ᠬᠤᠸᠠ ᠷᠦᠨ ᠵᠡᠷᠭᠡ 6 ᠰᠠᠯᠬᠢᠨ ᠴᠠᠬᠢᠯᠭᠠᠨ ᠬᠦᠴᠦᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠨ᠂ ᠲᠣᠣᠷ ᠲᠤ | ᠨᠡᠶᠢᠯᠡᠭᠦᠯᠦᠭᠰᠡᠨ ᠬᠡᠪᠴᠢᠶ᠎ᠡ ᠶᠢ 48 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠂ ᠲᠣᠣᠷ ᠲᠤ ᠨᠡᠶᠢᠯᠡᠭᠦᠯᠦᠭᠰᠡᠨ ᠬᠡᠪᠴᠢᠶ᠎ᠡ ᠶᠢ ᠨᠡᠶᠢᠲᠡ 383 ᠲᠦᠮᠡᠨ | ᠺᠢᠯᠣᠸᠠᠲ ᠲᠤ ᠬᠦᠷᠭᠡᠨ᠂ ᠯᠠᠪᠳᠠᠭᠤᠨ ᠢᠶᠠᠷ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠰᠢᠶᠣᠣ ᠯᠦᠩ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠠᠰ | ᠤᠨ ︽ᠪᠣᠬᠢᠷᠲᠤᠯ ᠦᠭᠡᠢ ᠠᠵᠣ ᠦᠢᠯᠡᠳᠪᠦᠷᠢ︾ ᠶᠢᠨ ᠢᠷᠠᠭᠤ ᠠᠯᠳᠠᠷ ᠢ ᠭᠥᠷᠳᠡᠵᠦ᠂ ᠼᠣᠣ ᠶᠤᠸᠠᠨ ᠾᠧᠩ ᠲᠦᠩ᠂ ᠬᠤᠤ ᠰᠢᠶᠠᠩ ᠡᠨᠧᠷᠭᠢ ᠵᠡᠷᠭᠡ 9 ᠠᠵᠤ | ᠠᠬᠤᠶᠢᠯᠠᠯ ᠨᠢ ᠪᠣᠬᠢᠷᠲᠤᠯ ᠦᠭᠡᠢ ᠦᠭᠡᠷᠡᠴᠢᠯᠡᠯᠲᠡ ᠶᠢ ᠪᠡᠶᠡᠯᠡᠭᠦᠯᠪᠡ᠃ ᠱᠧᠨ ᠬᠤᠸᠠ ᠪᠠ ᠨᠧᠩ᠂ ᠵᠥᠩ ᠳ᠋ᠢᠩ ᠠᠭᠤᠷᠬᠠᠢ ᠶᠢᠨ ᠦᠢᠯᠡᠰ ᠵᠡᠷᠭᠡ 5ᠡᠷᠤᠭᠡ ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠢᠶᠠᠷ ᠭᠤᠶᠤᠴᠢᠯᠠᠨ | ᠮᠡᠳᠡᠭᠦᠯᠬᠦ ᠶᠢ ᠠᠮᠵᠢᠯᠲᠠ ᠲᠠᠢ ᠪᠡᠶᠡᠯᠡᠬᠦᠯᠵᠦ᠂ ᠲᠡᠭ ᠤᠨ ᠰᠢᠪᠲᠤᠯᠤᠯᠲᠠ ᠶᠢ ᠪᠡᠶᠡᠯᠡᠬᠦᠯᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠳᠤᠯᠢᠭ ᠬᠦᠴᠦᠨ ᠢ ᠬᠦᠭᠵᠢᠭᠡᠪᠡ᠃ ᠤᠯᠤᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠢᠴᠢ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠴᠣᠩᠵᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠷᠢᠯᠲᠡ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠣ᠂ ᠲᠥᠪ ᠲᠧᠯᠸᠢᠰ ᠤᠨ ᠲᠣᠯᠣᠳᠤᠭᠠᠷ ᠰᠤᠪᠠᠭ ᠢᠶᠠᠷ ᠮᠡᠳᠡᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢᠶᠠᠷ ᠠᠮᠵᠢᠯᠲᠠ ᠲᠠᠢ ᠪᠠᠷ ᠮᠠᠭᠠᠳᠯᠠᠨ ᠲᠣᠭᠲᠠᠭᠠᠭᠳᠠᠪᠠ᠃ ᠥᠪᠥᠷ ᠮᠣᠩᠭᠤᠯ ᠤᠨ ᠪᠠᠭᠰᠢ | ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠦᠢᠯᠡᠳᠪᠦᠷᠢᠯᠡᠯ ᠵᠢᠭᠠᠨ ᠰᠣᠷᠭᠠᠯᠲᠠ ᠶᠢᠨ ᠰᠣᠳᠣᠯᠭᠠᠨ ᠤ | ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠰᠣᠶᠣᠯ ᠤᠨ ᠡᠭᠦᠳᠦᠯᠲᠡ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠭᠰᠠᠨ ᠪᠠᠶᠢᠨ᠎ᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ | ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠵᠢᠴᠢ ᠬᠦᠢᠲᠡᠨ ᠬᠡᠯᠬᠢᠶᠡᠲᠦ ᠬᠥᠮᠥᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠥᠮᠥᠷᠭᠡ ᠶᠢ | ᠪᠦᠬᠦ ᠲᠠᠯ᠎ᠠ ᠪᠠᠷ ᠪᠠᠶᠢᠭᠤᠯᠪᠠ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 2.3 ᠳ᠋ᠦᠩᠰᠢᠭᠤᠷ ᠲᠥᠭᠦᠷᠢᠭ ᠲᠤ ᠬᠦᠷᠴᠦ᠂ | ᠲᠦᠷᠭᠡᠨ ᠬᠦᠷᠭᠡᠯᠲᠡ ᠶᠢᠨ ᠣᠷᠣᠭᠤᠯᠵᠤ ᠭᠠᠷᠭᠠᠭᠰᠠᠨ ᠪᠠᠷᠠᠭ᠎ᠠ ᠲᠠᠸᠠᠷ ᠤᠨ ᠬᠡᠮᠵᠢᠶ᠎ᠡ ᠨᠢ 954 ᠲᠦᠮᠡ ᠬᠤᠪᠢ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 38.26% ᠪᠠᠷ ᠨᠡᠮᠡᠭᠳᠡᠪᠡ᠃ ᠪᠥᠬᠦ ᠵᠢᠯ ᠳᠤ 93.1 ᠲᠦᠮᠡᠨ ᠵᠢᠭᠤᠯᠴᠢᠯᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ | ᠶᠡᠷᠦᠩᠬᠡᠢ ᠣᠷᠣᠯᠭ᠎ᠠ ᠶᠢ 6.95 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠥᠬᠦ ᠣᠷᠣᠨ ᠤ ᠠᠩᠬᠠᠳᠠᠭᠴᠢ ᠥᠨᠳᠥᠷ ᠣᠭᠲᠠᠷᠭᠤᠢ ᠠᠴᠠ ᠰᠢᠬᠦᠷ ᠢᠶᠠᠷ ᠪᠠᠭᠤᠬᠤ ᠶᠢ | ᠪᠡᠶᠡᠯᠡᠭᠦᠯᠵᠦ᠂ ︽ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ + ᠵᠢᠭᠤᠯᠴᠢᠯᠠᠯ︾ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠯ᠎ᠠ | ᠨᠤᠲᠤᠭ ᠤᠨ ᠥᠨᠳᠥᠷ ᠣᠭᠲᠠᠷᠭᠤᠢ ᠠᠴᠠ ᠰᠢᠬᠦᠷ ᠢᠶᠠᠷ ᠪᠠᠭᠤᠬᠤ ᠨᠢ ᠮᠠᠨ ᠤ ᠬᠤᠰᠢᠭᠤᠨ ᠤ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠪᠠ᠃ | ᠤᠷᠠᠳ ᠤᠨ ᠳᠤᠮᠳᠠᠳᠤ ᠬᠤᠰᠢᠭᠤᠨ ᠤ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠤᠭ᠎ᠠ 4321 ᠬᠥᠮᠥᠨ ᠤᠳᠠᠭ᠎ᠠ ᠳᠤ ᠬᠦᠷᠴᠦ᠂ ᠪᠥᠬᠦ ᠣᠷᠣᠨ ᠤ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠬᠤᠶᠠᠳᠤᠭᠠᠷ ᠲᠤ ᠣᠷᠣᠪᠠ᠃ ᠲᠡᠮᠦᠷ ᠵᠠᠮ ᠤᠨ ᠪᠠᠷᠠᠭ᠎ᠠ ᠵᠥᠭᠡᠭᠡᠪᠦᠷᠢᠯᠡᠭᠰᠡᠨ | ᠬᠡᠮᠵᠢᠶ᠎ᠡ ᠨᠢ 1442.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠵᠡᠢ᠃ | ᠡᠨᠡ ᠨᠢᠭᠡ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠠᠷᠢᠨ ᠨᠢᠮᠪᠠᠢ ᠠᠵᠢᠯᠯᠠᠵᠤ ᠂ ︽ᠭᠤᠷᠪᠠᠨ ᠶᠡᠭᠡ ᠪᠣᠭᠤᠮᠲᠠ | ᠰᠢᠪᠲᠤᠯᠤᠯᠲᠠ ᠶᠢᠨ ᠲᠠᠶᠢᠯᠠᠯᠳᠤᠭᠠᠨ︾ ᠤ ᠰᠢᠨ᠎ᠡ ᠠᠮᠵᠢᠯᠲᠠ ᠪᠦᠲᠦᠮᠵᠢ ᠶᠢ ᠣᠯᠪᠠ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠪᠦᠲᠦᠮᠵᠢᠲᠡᠶ ᠪᠣᠯᠭᠠᠪᠠ᠃ ︽ᠲᠥᠷᠥᠯ ᠵᠦᠢᠯ ᠢ ᠠᠳᠬᠤᠬᠤ ᠶᠠᠪᠤᠳᠠᠯ ᠪᠣᠯ ᠳᠠᠷᠤᠢ | ᠬᠥᠭᠵᠢᠯᠲᠡ ᠶᠢ ᠠᠳᠬᠤᠬᠤ ᠶᠠᠪᠤᠳᠠᠯ ᠪᠣᠯᠣᠨ᠎ᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠬᠦᠷᠢᠶ᠎ᠡ ᠴᠠᠷᠠᠭᠠᠨ ᠳᠠᠬᠢ ᠲᠥᠷᠥᠯ ᠵᠦᠢᠯ ᠤᠨ | ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ 245 ᠵᠦᠢᠯ ᠤᠨ ᠲᠥᠷᠥᠯ ᠵᠦᠢᠯ ᠢ ᠰᠢᠪᠲᠤᠯᠤᠨ ᠪᠡᠶᠡᠯᠡᠬᠦᠯᠬᠦ ᠪᠠᠷ ᠲᠥᠯᠥᠪᠯᠡᠵᠦ᠂ 187 ᠵᠦᠢᠯ ᠤᠨ ᠲᠥᠷᠥᠯ | ᠵᠦᠢᠯ ᠢ ᠨᠥᠭᠡᠴᠡᠯᠡᠨ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ ᠪᠥᠬᠦ ᠵᠢᠯ ᠳᠤ 199 ᠵᠦᠢᠯ ᠤᠨ | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 128 ᠵᠦᠢᠯ ᠤᠨ ᠪᠠᠷᠢᠯᠭ᠎ᠠ ᠠᠵᠢᠯ ᠢᠶᠠᠨ ᠲᠠᠭᠤᠰᠬᠠᠵᠤ ᠠᠰᠢᠭᠯᠠᠯᠲᠠ ᠳᠤ ᠤᠷᠤᠵᠤ᠂ 69.19 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠪᠡ᠃ ᠤᠯᠤᠰ ᠤᠨ ᠵᠠᠮ G0616 ᠭᠠᠭᠴᠠᠮᠤᠳᠤ ᠠᠴᠠ ᠬᠠᠯᠢᠭᠤᠲᠤ ᠬᠦᠷᠬᠦ ᠲᠦᠷᠭᠡᠨ ᠤ | ᠵᠠᠰᠠᠮᠠᠯ ᠵᠠᠮ᠂ ᠪᠦᠦ ᠺᠦᠨ ᠤ 100 ᠲᠦᠮᠡᠨ ᠲᠣᠨ ᠨᠡᠭᠦᠷᠡᠰᠦᠳᠦ᠋ᠷᠦᠭᠴᠢ ᠶᠢᠨ ᠴᠠᠬᠢᠭᠤᠷᠠᠯ ᠤᠨ ᠰᠢᠨ᠎ᠡ ᠮᠠᠲ᠋ᠧᠷᠢᠶᠠᠯ ᠪᠠ ᠰᠡᠭᠦᠯ ᠤᠨ ᠬᠡᠢ ᠶᠢᠨ ᠨᠡᠶᠢᠯᠡᠮᠡᠯ 200 | ᠲᠦᠮᠡᠨ ᠲᠣᠨ ᠮᠧᠲ᠋ᠢᠯ ᠠᠯᠺᠣᠣᠯ ᠤᠨ ᠲᠥᠷᠥᠯ ᠵᠦᠢᠯ ᠢ ᠲᠦᠷᠭᠡᠳᠭᠡᠨ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠡᠭᠡᠭᠰᠢᠯᠡᠭᠦᠯᠦᠨ | ᠥᠭᠡᠷᠡᠴᠢᠯᠡᠬᠦ᠂ AGV ᠵᠢᠯᠣᠭᠤᠴᠢ ᠦᠭᠡᠢ ᠤᠶᠤᠨᠴᠢ ᠪᠠᠷ ᠪᠣᠭᠤᠮᠲᠠ ᠥᠩᠭᠡᠷᠡᠬᠦ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠪᠣᠳᠠᠲᠠᠶᠢᠵᠢᠭᠤᠯᠤᠨ | ᠪᠦᠲᠦᠭᠡᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠰᠠᠶᠢᠵᠢᠷᠠᠯᠲᠠ ᠶᠢ ᠬᠦᠴᠦᠲᠡᠢ ᠲᠤᠯᠭᠠᠭᠤᠷᠢᠯᠠᠭᠰᠠᠨ ᠪᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠤᠯᠠᠨ ᠲᠠᠯ᠎ᠠ ᠶᠢᠨ ᠠᠮᠵᠢᠯᠲᠠ ᠣᠯᠪᠠ᠃ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ | ᠬᠤᠳᠠᠯᠳᠤᠭᠠᠴᠢᠳ ᠤᠨ ᠨᠡᠶᠢᠭᠡᠮᠯᠢᠭ ᠢᠶᠠᠷ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ ᠠᠷᠠᠯᠵᠢᠶᠠᠴᠢᠨ ᠤᠷᠢᠬᠤ ᠶᠢ ᠨᠠᠷᠢᠯᠢᠭ ᠤᠨᠤᠪᠴᠢᠳᠠᠢ ᠪᠠᠷ ᠥᠷᠨᠢᠭᠦᠯᠵᠦ᠂ | ᠠᠷᠠᠯᠵᠢᠶᠠᠴᠢᠨ ᠤᠷᠢᠬᠤ ᠬᠠᠷᠢᠯᠴᠠᠭᠠᠨ ᠤ ᠭᠠᠵᠠᠷ ᠢ 8 ᠪᠠᠶᠢᠭᠤᠯᠵᠤ᠂ ᠡᠯ᠎ᠡ ᠲᠦᠷᠦᠯ ᠤᠨ ᠬᠤᠳᠠᠯᠳᠤᠭᠠᠴᠢᠳ ᠤᠨ ᠡᠪᠯᠡᠯ ᠪᠠ ᠠᠵᠢᠯ ᠲᠦᠷᠦᠯ ᠤᠨ ᠨᠡᠶᠢᠭᠡᠮᠯᠢᠭ ᠲᠤ | ᠲᠦᠰᠢᠭᠯᠡᠨ᠂ ᠪᠡᠭᠡᠵᠢᠩ᠂ ᠱᠠᠩᠬᠠᠢ ᠵᠡᠷᠭᠡ ᠭᠠᠵᠠᠷ ᠲᠤ 4 ᠤᠳᠠᠭ᠎ᠠ ᠲᠠᠨᠢᠯᠴᠠᠭᠤᠯᠬᠤ ᠬᠤᠷᠠᠯ ᠢ ᠡᠷᠬᠢᠯᠡᠵᠦ᠂ 17 ᠬᠤᠪᠢ ᠪᠣᠷᠣ ᠲᠥᠯᠥᠪ ᠤᠨ ᠬᠡᠯᠡᠯᠴᠡᠭᠡᠷ ᠲᠤ | ᠭᠠᠷ ᠤᠨ ᠦᠰᠦᠭ ᠵᠢᠷᠤᠪᠠ᠃ ᠪᠥᠬᠦ ᠬᠤᠰᠢᠭᠤ ᠪᠠᠷ ᠢᠶᠠᠨ ᠠᠷᠠᠯᠵᠢᠶᠠᠴᠢᠨ ᠤᠷᠢᠬᠤ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠴᠢᠳᠠᠮᠠᠭᠠᠢ ᠪᠠᠷ ᠬᠦᠴᠦᠯᠡᠵᠦ᠂ ᠨᠡᠶᠢᠲᠡ 872 ᠪᠦᠯᠦᠭ ᠤᠳᠠᠭ᠎ᠠ ᠭᠠᠳᠠᠭᠰᠢ ᠭᠠᠷᠬᠤ ᠪᠤᠶᠤ ᠤᠷᠢᠨ ᠠᠪᠴᠢᠷᠠᠵᠤ᠂ | 1375 ᠡᠷᠤᠭᠡ ᠠᠵᠤ ᠠᠬᠤᠶᠢᠯᠠᠯ ᠲᠠᠢ ᠵᠣᠯᠭᠠᠯᠴᠠᠭ᠎ᠠ ᠬᠢᠵᠦ᠂ ᠪᠥᠬᠦ ᠵᠢᠯ ᠳᠤ 28.62 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ | ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠪᠥᠬᠦ ᠠᠵᠢᠯᠲᠠᠳ ᠤᠨ ᠠᠷᠠᠯᠵᠢᠶᠠᠴᠢᠨ ᠤᠷᠢᠬᠤ ᠠᠭᠤᠷ ᠠᠮᠢᠰᠬᠤᠯ ᠡᠳᠦᠷ ᠢᠷᠡᠬᠦᠶ᠎ᠡ | ᠥᠳᠬᠡᠷᠡᠵᠦ᠂ ᠦᠷ᠎ᠡ ᠪᠦᠲᠦᠮᠵᠢ ᠤᠯᠠᠮ ᠢᠶᠠᠷ ᠢᠯᠡᠷᠬᠡᠢ ᠪᠣᠯᠪᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠰᠦᠢᠳᠬᠡᠯ ᠢ 11.27 | ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠨᠥᠬᠦᠪᠦᠷᠢ ᠮᠦᠩᠭᠦ ᠶᠢ 2049 ᠲᠦᠮᠡᠨ ᠲᠥᠭᠦᠷᠢᠭ | ᠲᠡᠮᠡᠴᠡᠨ ᠣᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 2577 ᠡᠷᠦᠬᠡ ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 45% ᠪᠠᠷ | ᠨᠡᠮᠡᠭᠳᠡᠪᠡ᠃ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ 18 ᠡᠷᠤᠭᠡ ᠰᠢᠯᠢᠳᠡᠭ ᠠᠵᠤ ᠠᠬᠤᠶᠢᠯᠠᠯ ᠪᠠ 10 ᠰᠢᠯᠢᠳᠡᠭ | ᠠᠵᠤ ᠠᠬᠤᠶᠢᠯᠠᠯᠲᠠᠳ ᠢ ᠬᠥᠬᠢᠭᠦᠯᠦᠨ ᠱᠠᠩᠨᠠᠪᠠ᠃ ︽ᠬᠤᠶᠠᠷ ᠰᠢᠯᠢᠳᠡᠭ︾ ᠤᠨ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | 288 ᠵᠦᠢᠯ ᠤᠨ ᠠᠵᠢᠯ ᠶᠠᠪᠤᠳᠠᠯ ᠨᠢ ᠭᠦᠢᠴᠡᠳᠬᠡᠬᠦ ᠭᠤᠭᠴᠤᠭ᠎ᠠ ᠶᠢ 199᠂ 170 ᠬᠤᠪᠢ ᠠᠵᠢᠯ ᠶᠠᠪᠤᠳᠠᠯ ᠤᠨ ᠴᠢᠬᠤᠯᠠ ᠵᠦᠢᠯᠡᠰ ᠢ ᠪᠠᠭᠠᠰᠬᠠᠵᠤ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠵᠦᠢᠯᠡᠰ ᠢ 47 ᠵᠦᠢᠯ ᠠᠴᠠ ᠨᠢ | ᠰᠢᠯᠢᠳᠡᠭᠵᠢᠭᠦᠯᠦᠨ 33 ᠵᠦᠢᠯ ᠪᠣᠯᠭᠠᠨ ᠨᠡᠶᠢᠯᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠨ ᠰᠢᠢᠳᠪᠦᠷᠢᠯᠡᠭᠰᠡᠨ ᠨᠤᠷᠮ᠎ᠠ ᠶᠢ 100% ᠳᠤ ᠬᠦᠷᠭᠡᠵᠦ᠂ ᠪᠦᠬᠦ ᠶᠠᠪᠤᠴᠠ ᠶᠢᠨ | ᠰᠦᠯᠵᠢᠶ᠎ᠡ ᠪᠠᠷ ᠰᠢᠢᠳᠪᠦᠷᠢᠯᠡᠬᠦ ᠬᠠᠷᠢᠴᠠᠯ ᠤᠨ ᠨᠤᠷᠮ᠎ᠠ ᠨᠢ 98.15% ᠳᠤ ᠬᠦᠷᠪᠡ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ | ᠭᠦᠢᠴᠡᠳᠭᠡᠵᠦ ᠣᠷᠣᠯᠠᠨ ᠭᠦᠢᠴᠡᠳᠬᠡᠬᠦ ᠠᠵᠢᠯ ᠢ ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ | ᠥᠷᠲᠡᠭᠡ︶ ᠳᠤ ︽ᠨᠠᠢᠮᠠᠨ ᠪᠠᠶᠢᠬᠤ︾ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ | ᠡᠨᠡ ᠨᠢᠭᠡ ᠵᠢᠯ ᠳᠤ᠂ ᠪᠢᠳᠡ ᠰᠡᠷᠭᠡᠶᠢᠯᠡᠬᠦ ᠵᠠᠰᠠᠬᠤ ᠶᠢ ᠵᠡᠷᠭᠡᠪᠡᠷ ᠴᠢᠬᠤᠯᠠᠴᠢᠯᠠᠵᠤ᠂ ᠵᠠᠰᠠᠬᠤ ᠪᠠ ᠬᠠᠮᠢᠶᠠᠷᠬᠤ ᠶᠢ ᠤᠶᠠᠯᠳᠤᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠰᠢᠨ᠎ᠡ ᠬᠤᠪᠢᠷᠠᠯᠲᠠ ᠲᠠᠢ ᠪᠣᠯᠪᠠ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠡᠰ ᠳᠡᠪᠰᠢᠪᠡ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠪᠥᠬᠦ ᠬᠦᠴᠦᠨ ᠢᠶᠠᠷ | ᠠᠬᠢᠭᠤᠯᠵᠤ᠂ 1.9 ᠲᠦᠮᠡᠨ ᠮᠦ ᠭᠠᠵᠠᠷ ᠲᠤ ᠮᠣᠳᠣ ᠳᠠᠷᠢᠵᠤ ᠣᠶᠢᠵᠢᠭᠤᠯᠤᠨ᠂ 3.9 ᠲᠦᠮᠡᠨ ᠮᠦ ᠣᠶ ᠰᠢᠭᠤᠢ ᠶᠢ ᠠᠷᠠᠴᠢᠯᠠᠨ ᠪᠤᠶᠢᠵᠢᠭᠤᠯᠵᠤ᠂ ᠪᠥᠬᠦ ᠠᠷᠠᠳ | ᠢᠶᠠᠷ ᠢᠶᠠᠨ 22.5 ᠲᠦᠮᠡᠨ ᠠᠯᠪᠠᠨ ᠵᠢᠷᠤᠮ ᠤᠨ ᠮᠣᠳᠣ ᠳᠠᠷᠢᠪᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠱᠢᠶ᠎ᠡ ᠦᠵᠡᠭᠦᠯᠬᠦ ᠲᠤᠭᠤᠷᠢᠭ ᠢ | 10 ᠪᠠᠶᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠷᠡᠭᠯᠡᠬᠦ ᠬᠡᠮᠵᠢᠶ᠎ᠡ ᠶᠢ ᠲᠣᠰ ᠲᠣᠰ 2.1%᠂ 2.6% ᠪᠠᠷ | ᠪᠠᠭᠤᠷᠠᠭᠤᠯᠵᠤ᠂ ᠮᠠᠨ ᠤ ᠬᠤᠰᠢᠭᠤ ᠨᠢ ᠪᠥᠬᠦ ᠤᠯᠤᠰ ᠤᠨ ᠪᠥᠬᠦ ᠰᠢᠶᠠᠨ ᠢᠶᠠᠷ ᠢᠶᠠᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠠᠬᠢᠭᠤᠯᠬᠤ ᠵᠢᠱᠢᠶ᠎ᠡ ᠦᠵᠡᠭᠦᠯᠬᠦ | ᠬᠤᠰᠢᠭᠤ ᠪᠠᠷ ᠵᠢᠭᠰᠠᠭᠠᠭᠳᠠᠪᠠ᠃ ᠴᠦᠯᠯᠡᠷᠬᠡᠭᠵᠢᠯ ᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠤᠲᠤᠭ ᠪᠡᠯᠴᠢᠭᠡᠷ ᠢ ᠰᠡᠷᠭᠦᠭᠡᠬᠦ ᠪᠠ ᠬᠥᠮᠥᠨ ᠤ ᠬᠦᠴᠦ | ᠪᠠᠷ ᠡᠪᠡᠰᠦ ᠲᠠᠷᠢᠬᠤ ᠶᠢ 8.1 ᠲᠦᠮᠡᠨ ᠮᠦ ᠬᠡᠷᠡᠭᠵᠢᠭᠦᠯᠪᠡ᠃ ︽ᠨᠡᠭᠦᠷᠡᠰᠦ ᠶᠢ ᠴᠠᠬᠢᠯᠭᠠᠨ ᠢᠶᠠᠷ ᠤᠷᠤᠯᠠᠭᠤᠯᠬᠤ︾ ᠲᠦᠷᠦᠯ ᠵᠦᠢᠯ 3203 ᠡᠷᠤᠭᠡ ᠶᠢ | ᠪᠡᠶᠡᠯᠡᠭᠦᠯᠵᠦ᠂ ᠬᠤᠳᠠ ᠬᠥᠳᠡᠭᠡ ᠶᠢᠨ ᠠᠭᠠᠷ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ ᠴᠡᠪᠡᠷ ᠰᠠᠶᠢᠬᠠᠨ ᠡᠳᠦᠷ ᠤᠨ ᠲᠤᠭ᠎ᠠ 312 ᠡᠳᠦᠷ ᠲᠤ ᠬᠦᠷᠴᠦ᠂ | ᠴᠡᠪᠡᠷ ᠲᠤᠩᠭᠠᠯᠠᠭ ᠡᠳᠦᠷ ᠤᠨ ᠨᠣᠷᠮ᠎ᠠ ᠨᠢ 95.1% ᠳᠤ ᠬᠦᠷᠴᠦ᠂ ᠲᠤᠭᠳᠠᠭᠤᠨ ᠢᠶᠠᠷ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ | ᠠᠮᠢ ᠠᠬᠤᠢ ᠶᠢᠨ ᠵᠠᠰᠠᠯᠲᠠ ᠲᠣᠪᠣᠶᠢᠮ᠎ᠠ ᠦᠷ᠎ᠡ ᠪᠦᠲᠦᠮᠵᠢ ᠣᠯᠪᠠ᠃ 16 ᠡᠷᠦᠬᠡ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠣᠷᠣᠨ ᠤ ᠭᠠᠵᠠᠷ | ᠰᠢᠨᠵᠢᠯᠡᠭᠡᠨ ᠤ ᠣᠷᠴᠢᠨ ᠠᠬᠤᠢ ᠶᠢᠨ ᠵᠠᠰᠠᠯᠲᠠ ᠶᠢ ᠪᠡᠶᠡᠯᠡᠭᠦᠯᠵᠦ᠂ ᠴᠡᠭᠴᠡᠯᠡᠨ ᠵᠠᠰᠠᠭᠰᠠᠨ ᠲᠠᠯᠠᠪᠠᠶ ᠨᠢ 1.865 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ | ᠲᠡᠦᠬᠡᠨ ᠠᠴᠠ ᠦᠯᠡᠳᠡᠭᠳᠡᠵᠦ ᠢᠷᠡᠭᠰᠡᠨ 10 ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ ᠵᠠᠰᠠᠨ ᠰᠡᠷᠭᠦᠭᠡᠭᠰᠡᠨ | ᠲᠠᠯᠠᠪᠠᠶ ᠨᠢ 0.29 ᠲᠡᠭᠰᠢ ᠳᠥᠷᠪᠡᠯᠵᠢᠨ ᠺᠢᠯᠤᠮᠧᠲᠷ ᠲᠤ ᠬᠥᠷᠪᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠤ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠵᠢᠴᠢ ᠬᠠᠳᠤᠨ ᠭᠤᠣᠯ ᠤᠨ ᠤᠰᠤ ᠪᠠᠷ ᠳᠤᠰᠤᠯᠭᠠᠨ ᠤᠰᠤᠯᠠᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠠᠯᠢᠭᠤᠲᠤ | ᠪᠠᠯᠭᠠᠰᠤᠨ ᠤ ᠡᠷᠬᠢᠨ ᠲᠣᠭᠤᠷᠢᠨ ᠤ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠶᠢ | ᠳᠠᠭᠤᠰᠬᠠᠵᠤ᠂ 20 ᠲᠡᠭᠰᠢ ᠳᠥᠷᠪᠡᠯᠵᠢᠨ ᠺᠢᠯᠤᠮᠧᠲᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ ᠣᠨ ᠤ ᠴᠡᠭᠴᠡᠯᠡᠨ ᠵᠠᠰᠠᠯᠲᠠ ᠶᠢᠨ ᠡᠭᠦᠷᠭᠡ ᠶᠢ | ᠪᠡᠶᠡᠯᠡᠭᠦᠯᠪᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠣᠰᠬᠠᠢ ᠲᠦᠷᠦᠯ ᠢᠶᠠᠷ | ᠴᠡᠭᠴᠡᠯᠡᠨ ᠵᠠᠰᠠᠭᠰᠠᠨ ᠬᠡᠷᠡᠭ ᠤᠨ ᠵᠢᠱᠢᠶ᠎ᠡ ᠶᠢ ᠪᠥᠬᠦ ᠲᠠᠯ᠎ᠠ ᠪᠠᠷ ᠰᠢᠢᠳᠪᠦᠷᠢᠯᠡᠪᠡ᠃ | ᠡᠨᠡ ᠨᠢᠭᠡ ᠵᠢᠯ ᠳᠤ᠂ ᠪᠢᠳᠡ ᠪᠥᠬᠦ ᠣᠷᠣᠨ ᠪᠦᠰᠡ ᠪᠠᠷ ᠨᠢᠭᠡᠳᠦᠯᠲᠡᠢ ᠲᠥᠯᠥᠪᠯᠡᠵᠦ᠂ ᠵᠣᠬᠢᠴᠠᠯᠳᠤᠭᠤᠯᠤᠨ ᠵᠡᠷᠭᠡᠪᠡᠷ ᠣᠷᠣᠭᠰᠢᠯᠠᠨ᠂ ᠬᠤᠲᠠ ᠬᠥᠳᠡᠭᠡ ᠶᠢᠨ | ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠪᠠ | ᠬᠤᠳᠠ ᠶᠢᠨ ᠴᠢᠳᠠᠮᠵᠢ ᠦᠷᠭᠦᠯᠵᠢᠯᠡᠨ ᠳᠡᠭᠡᠭᠰᠢᠯᠡᠪᠡ᠃ ᠬᠠᠭᠤᠴᠢᠨ ᠬᠤᠷᠢᠶᠠᠯᠠᠯ ᠢ 33 ᠰᠢᠨᠡᠳᠭᠡᠨ ᠵᠠᠰᠠᠵᠤ᠂ 11117 ᠡᠷᠤᠭᠡ ᠶᠢᠨ ᠰᠠᠭᠤᠭᠠᠯᠢ ᠠᠷᠠᠳ | ᠲᠤ ᠠᠰᠢᠭ ᠬᠦᠷᠲᠡᠭᠡᠪᠡ᠃ 5 ᠬᠠᠷᠮᠠᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 11 ᠴᠡᠴᠡᠷᠯᠢᠭ ᠤᠨ ᠠᠭᠤᠳᠠᠮ ᠲᠠᠯᠠᠪᠠᠶ ᠶᠢ ᠵᠠᠰᠠᠨ ᠰᠡᠯᠪᠢᠵᠦ᠂ | ᠡᠮᠦᠨ᠎ᠡ ᠲᠡᠭᠦᠷᠭᠡ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠪᠠ ᠴᠡᠴᠡᠷᠯᠢᠭᠵᠢᠭᠦᠯᠭᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ | ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ ᠨᠢ 8.1 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃ ᠰᠢᠨ᠎ᠡ ᠪᠠᠷ ᠪᠠᠶᠢᠭᠤᠯᠤᠭᠰᠠᠨ ᠲᠡᠷᠭᠡᠨ | ᠵᠣᠭᠰᠣᠭᠠᠯ 3 ᠪᠠᠶᠢᠵᠤ᠂ ᠬᠠᠯᠢᠭᠤᠲᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠢᠯᠭᠠᠨ ᠰᠣᠩᠭᠤᠬᠤ᠂ ᠬᠤᠭᠤᠯᠠᠨ ᠭᠡᠷ ᠤᠨ ᠬᠤᠭ ᠨᠣᠪᠰᠢ ᠶᠢ ᠡᠬᠢ | ᠪᠠᠶᠠᠯᠢᠭᠵᠢᠭᠤᠯᠤᠨ ᠰᠢᠢᠳᠪᠦᠷᠢᠯᠡᠬᠦ ᠲᠥᠷᠥᠯ ᠵᠦᠢᠯ ᠪᠠ ᠰᠢᠨ᠎ᠡ ᠪᠠᠷ ᠪᠠᠶᠢᠭᠤᠯᠤᠭᠰᠠᠨ ᠲᠦᠭᠡᠭᠡᠯ ᠤᠰᠤᠨ ᠤ ᠦᠢᠯᠡᠳᠪᠦᠷᠢ ᠠᠰᠢᠭᠯᠠᠯᠲᠠ ᠳᠤ ᠣᠷᠣᠪᠠ︔ | ᠬᠠᠯᠢᠭᠤᠲᠤ ᠵᠠᠮ ᠪᠠ ᠤᠷᠠᠳ ᠵᠠᠮ ᠢ ᠲᠠᠰ ᠳᠡᠪᠰᠢᠭᠦᠯᠦᠨ ᠰᠢᠨᠡᠳᠭᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠠᠬ᠎ᠠ ᠳᠡᠯᠭᠡᠭᠦᠷ ᠢ ᠵᠠᠭᠠᠭᠯᠠᠨ ᠲᠣᠭᠲᠠᠭᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠰᠢᠨ᠎ᠡ ᠪᠠᠷ ᠪᠠᠶᠢᠭᠤᠯᠤᠭᠰᠠᠨ ᠾᠦᠢ ᠰᠢᠶᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠨ ᠭᠠᠯᠠᠭᠤ ᠡᠷᠲᠡᠨ ᠤ ᠪᠠᠯᠭᠠᠰᠤ ᠶᠢᠨ ᠠᠮᠲᠠᠲᠤ ᠢᠳᠡᠭᠡᠨ ᠤ | ᠵᠡᠭᠡᠯᠢ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ᠂ ᠳᠠᠬᠢᠨ ᠠᠰᠢᠭᠯᠠᠬᠤ ᠡᠬᠢ ᠪᠠᠶᠠᠯᠢᠭ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ ᠲᠠᠷᠠᠬᠠᠢ | ᠪᠤᠲᠠᠷᠬᠠᠢ ᠵᠢᠵᠢᠭ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠲᠢᠭᠯᠢᠮ ᠢ ᠤᠯᠠᠮ ᠨᠢᠭᠡ ᠠᠯᠬᠤᠮ ᠲᠦᠷᠢᠮᠵᠢᠭᠦᠯᠵᠦ᠂ ᠬᠤᠳᠠ ᠶᠢᠨ ᠳᠦᠷᠢ ᠲᠥᠷᠬᠦ ᠤᠯᠠᠮ ᠠᠴᠠ | ᠤᠯᠠᠮ ᠭᠤᠶᠤ ᠰᠠᠶᠢᠬᠠᠨ ᠪᠣᠯᠵᠤ᠂ ᠪᠦᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠠᠭᠤᠷᠢ ᠶᠢ ᠨᠡᠩ ᠪᠠᠬᠢᠵᠢᠭᠦᠯᠪᠡ᠃ | ᠪᠣᠯᠪᠠᠰᠤᠷᠠᠭᠤᠯᠤᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ ᠃ ᠪᠣᠯᠪᠠᠰᠤᠷᠠᠭᠤᠯᠤᠯᠲᠠ ᠶᠢᠨ ᠲᠣᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠪᠣᠯᠪᠠᠰᠤᠷᠠᠭᠤᠯᠤᠯᠲᠠ ᠶᠢᠨ ᠲᠣᠭᠤᠷᠢᠭ ᠤᠨ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ | ᠭᠠᠶᠢᠯᠢ ᠲᠠᠲᠠᠪᠤᠷᠢ ᠪᠠ ᠪᠡᠯᠡ ᠣᠷᠣᠭᠤᠯᠤᠯᠲᠠ ᠶᠢᠨ ᠡᠷᠴᠢᠮ ᠲᠣᠰ ᠲᠣᠰ 294.84 ᠲᠦᠮᠡᠨ ᠲᠦᠭᠦᠷᠢᠭ᠂ 153.9 ᠲᠦᠮᠡᠨ ᠲᠦᠭᠦᠷᠢᠭ ᠪᠠ 3.54 ᠲᠦᠮᠡᠨ | ᠲᠦᠭᠦᠷᠢᠭ ᠲᠤ ᠬᠦᠷᠴᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ | ᠲᠥᠪᠯᠡᠷᠡᠭᠰᠡᠨ ᠣᠷᠣᠨ ᠢ ᠲᠦᠷᠭᠡᠳᠬᠡᠨ ᠮᠠᠭᠠᠳᠯᠠᠨ ᠲᠣᠭᠲᠠᠭᠠᠵᠤ᠂ ᠠᠶᠤᠯ ᠲᠠᠢ ᠬᠢᠮᠢ ᠶᠢᠨ ᠪᠤᠳᠠᠰ ᠤᠨ ᠮᠠᠰᠢᠨ ᠲᠡᠷᠭᠡᠨ ᠤ ᠵᠣᠭᠰᠣᠭᠠᠯ᠂ ᠣᠨᠴᠠ | ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ᠂ ᠤᠶᠤᠨᠴᠢ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ 65 ᠵᠦᠢᠯ ᠤᠨ ᠦᠨᠡᠯᠡᠯᠲᠡ ᠶᠢᠨ ᠠᠭᠤᠯᠭ᠎ᠠ ᠶᠢ ᠦᠨᠳᠦᠰᠦᠨ ᠳᠤ ᠪᠠᠨ ᠪᠠᠷᠢᠮᠵᠢᠶ᠎ᠠ ᠳᠤ ᠬᠦᠷᠦᠭᠦᠯᠵᠦ᠂ ᠮᠠᠭᠠᠳᠯᠠᠨ ᠲᠣᠭᠲᠠᠭᠠᠬᠤ ᠨᠥᠬᠦᠴᠡᠯ ᠢ | ᠪᠦᠷᠢᠳᠦᠭᠦᠯᠪᠡ᠃ ᠪᠣᠯᠪᠠᠰᠤᠷᠠᠭᠤᠯᠤᠯᠲᠠ ᠶᠢᠨ ᠲᠣᠭᠤᠷᠢᠭ ᠤᠨ ᠵᠠᠮ ᠱᠤᠭᠤᠮ᠂ ᠲᠣᠣᠷ ᠬᠤᠭᠤᠯᠠᠢ᠂ ᠤᠰᠤ ᠬᠠᠩᠭᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠬᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠣᠬᠢᠷ ᠤᠰᠤ ᠶᠢ ᠭᠠᠳᠠᠭᠰᠢᠯᠠᠭᠤᠯᠬᠤ ᠢᠨᠵᠧᠨᠧᠷᠢᠩ᠂ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠤᠨ ᠬᠤᠯᠪᠣᠬᠤ ᠵᠠᠮ ᠱᠤᠭᠤᠮ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠵᠡᠷᠭᠡ ᠰᠠᠭᠤᠷᠢ ᠲᠦᠬᠦᠭᠡᠷᠦᠮᠵᠢ | ᠶᠢᠨ ᠲᠥᠷᠥᠯ ᠵᠦᠢᠯ ᠢ ᠪᠦᠬᠦᠨ ᠢ ᠪᠦᠲᠦᠭᠡᠨ ᠪᠠᠶᠢᠭᠤᠯᠵᠤ ᠳᠠᠭᠤᠰᠬᠠᠨ᠂ ᠳᠤᠮᠳᠠᠳᠤ ᠮᠣᠩᠭᠤᠯ ᠤᠨ ᠬᠢᠯᠢ ᠠᠯᠣᠰᠯᠠᠭᠰᠠᠨ ᠬᠠᠮᠲᠤᠷᠠᠯᠴᠠᠭᠠᠨ ᠤ ᠠᠵᠤ ᠦᠢᠯᠡᠰ ᠤᠨ | ᠨᠡᠪᠴᠢᠭᠦᠯᠬᠦ ᠲᠥᠪ ᠢ ᠦᠨᠳᠦᠰᠦᠨ ᠳᠤ ᠪᠠᠨ ᠪᠠᠶᠢᠭᠤᠯᠤᠨ ᠳᠠᠭᠤᠰᠬᠠᠵᠤ᠂ ᠬᠠᠭᠤᠴᠢᠨ ᠠᠮᠢᠳᠤᠷᠠᠯ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠂ ᠠᠴᠢᠶᠠᠯᠠᠪᠤᠷᠢ ᠶᠢᠨ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠃ ᠬᠦᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ᠂ ᠲᠣᠰᠬᠤᠨ ᠤ ᠨᠣᠭᠤᠭᠠᠷᠠᠭᠤᠯᠤᠯᠲᠠ ᠳᠤ 4.1 ᠲᠦᠮᠡᠨ ᠰᠠᠭᠤᠷᠢ ᠮᠣᠳᠣ ᠶᠢ ᠲᠠᠷᠢᠵᠤ᠂ | 329 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ | ᠨᠣᠷᠮ᠎ᠠ ᠨᠢ 87.6% ᠳᠤ ᠬᠥᠷᠪᠡ᠃ ᠦᠵᠦᠭᠦᠷ ᠭᠤᠣᠯ ᠪᠠᠯᠭᠠᠰᠤ ᠨᠢ ᠤᠯᠤᠰ ᠤᠨ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠪᠠᠯᠭᠠᠰᠤ ᠶᠢᠨ ᠡᠭᠦᠳᠦᠨ ᠪᠠᠶᠢᠭᠤᠯᠬᠤ ᠨᠡᠷᠡᠰ ᠲᠤ ᠵᠢᠭᠰᠠᠭᠠᠭᠳᠠᠵᠤ᠂ ᠰᠾᠢ ᠢ ᠲᠠᠩ ᠲᠣᠰᠬᠤᠨ᠂ ᠪᠠᠷᠠᠭᠤᠨᠪᠣᠯᠠᠭ ᠲᠣᠰᠬᠤᠨ ᠂ ᠴᠢᠯᠠᠭᠤᠲᠤ ᠲᠣᠰᠬᠤᠨ ᠨᠢ ᠲᠤᠰ | ᠲᠤᠰ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠡᠭᠦᠳᠦᠨ | ᠪᠠᠶᠢᠭᠤᠯᠬᠤ ᠨᠡᠷᠡᠰ ᠤᠨ ᠵᠢᠭᠰᠠᠭᠠᠯᠲᠠ ᠳᠤ ᠣᠷᠣᠪᠠ᠃ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠬᠡᠯᠪᠡᠷᠢ ᠶᠢᠨ ᠤᠰᠤᠨ ᠤ ᠡᠬᠢ | ᠰᠤᠷᠪᠤᠯᠵᠢ ᠶᠢᠨ ᠴᠡᠭ ᠤᠨ ᠤᠰᠤ ᠬᠠᠩᠭᠠᠬᠤ ᠶᠢ ᠪᠠᠲᠤᠯᠠᠬᠤ ᠢᠨᠵᠧᠨᠧᠷᠢᠩ ᠢ ᠬᠡᠷᠡᠭᠵᠢᠭᠦᠯᠵᠦ᠂ 276 ᠮᠠᠯᠴᠢᠨ ᠡᠷᠦᠬᠡ ᠶᠢᠨ ᠬᠥᠮᠥᠨ ᠮᠠᠯ ᠤᠨ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ 1.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠵᠠᠰᠠᠮᠠᠯ | ᠵᠠᠮ ᠤᠨ ᠲᠥᠷᠥᠯ ᠵᠦᠢᠯ ᠢ 429.9 ᠺᠢᠯᠣᠮᠧᠲᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠰᠢᠯᠢᠳᠡᠭ ᠰᠠᠶᠢᠨ ᠤ ᠨᠣᠷᠮ᠎ᠠ ᠨᠢ 82.3% ᠳᠤ | ᠬᠦᠷᠪᠡ᠃ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 574.6 ᠺᠢᠯᠣᠮᠧᠲᠷ ᠣᠷᠳᠣ ᠴᠠᠬᠢᠯᠭᠠᠨ ᠵᠠᠮ ᠱᠤᠭᠤᠮ ᠢ ᠰᠢᠨ᠎ᠡ ᠪᠠᠷ ᠪᠠᠶᠢᠭᠤᠯᠪᠠ᠃ 12 | ᠰᠠᠭᠤᠷᠢ ᠭᠤᠣᠯ ᠳᠣᠬᠢᠶᠠᠨ ᠤ ᠰᠤᠪᠤᠷᠭ᠎ᠠ᠂ 45 ᠰᠠᠭᠤᠷᠢ 5G ᠶᠢᠨ ᠰᠠᠭᠤᠷᠢ ᠥᠷᠲᠡᠭᠡ ᠂ 500 ᠺᠢᠯᠣᠮᠧᠲᠷ ᠣᠷᠳᠣ ᠭᠡᠷᠡᠯᠯᠢᠭ ᠳᠡᠭᠡᠰᠦ ᠶᠢ ᠢᠵᠢ | ᠪᠦᠷᠢᠳᠦᠭᠦᠯᠦᠨ ᠤᠭᠰᠠᠷᠠᠵᠤ᠂ ᠪᠤᠶᠢᠳᠠ ᠪᠥᠭᠯᠡᠭᠦᠦ ᠬᠢᠯᠢ ᠬᠢᠵᠠᠭᠠᠷ ᠮᠠᠯᠵᠢᠬᠤ ᠣᠷᠣᠨ ᠤ ᠴᠢᠮᠡᠭᠡ ᠨᠡᠪᠲᠡᠷᠡᠯᠭᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ | ᠡᠨᠡ ᠨᠢᠭᠡ ᠵᠢᠯ ᠳᠤ᠂ ᠪᠢᠳᠡ ᠠᠵᠠ ᠲᠣᠬᠢᠶᠠᠯ ᠢ ᠠᠮᠵᠢᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ | ᠠᠯᠬᠤᠭ᠎ᠠ ᠶᠢ ᠠᠯᠬᠤᠪᠠ | ᠭᠤᠣᠯᠳᠠᠯᠭ᠎ᠠ ᠲᠠᠢ ᠥᠭᠡᠷᠡᠴᠢᠯᠡᠯᠲᠡ ᠮᠡᠳᠡᠭᠳᠡᠮ᠎ᠡ ᠦᠷ᠎ᠡ ᠪᠦᠲᠦᠮᠵᠢ ᠣᠯᠪᠠ᠃ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠲᠣᠪᠤᠶᠢᠮ᠎ᠠ ᠪᠠᠶᠢᠵᠤ᠂ | 2.68 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠵᠣ᠂ ᠭᠠᠭᠴᠠᠮᠣᠳᠣ ᠪᠠᠯᠭᠠᠰᠤᠨ ᠤ ᠳᠠᠬᠢᠨ ᠠᠰᠢᠭᠯᠠᠵᠤ ᠪᠣᠯᠬᠤ ᠤᠰᠤ ᠶᠢ ᠡᠭᠡᠭᠦᠯᠦᠨ | ᠬᠡᠷᠡᠭᠯᠡᠬᠦ᠂ ᠮᠦᠶᠠᠩᠬᠠᠢ ᠮᠠᠯᠵᠢᠯ ᠤᠨ ᠲᠠᠯᠠᠪᠠᠢ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠤᠨ ᠡᠳ᠋ᠰᠢᠭᠦᠯᠬᠦ ᠠᠵᠤ ᠦᠢᠯᠡᠰ | ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠰᠠᠭᠤᠷᠢ ᠲᠦᠬᠦᠭᠡᠷᠦᠮᠵᠢ ᠵᠡᠷᠭᠡ 7 ᠲᠥᠷᠥᠯ ᠵᠦᠢᠯ ᠢ ᠬᠡᠷᠡᠭᠵᠢᠭᠦᠯᠪᠡ᠃ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ 4 ᠬᠤᠰᠢᠭᠤᠨ ᠤ ᠬᠠᠷᠢᠶ᠎ᠠ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠰᠢᠨ᠎ᠡ ᠪᠠᠷ | ᠪᠠᠶᠢᠭᠤᠯᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠲᠠᠰᠤᠷᠠᠯᠲᠠ ᠦᠭᠡᠢ ᠬᠦᠴᠦᠷᠭᠡᠭᠵᠢᠭᠦᠯᠪᠡ᠃ ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠬᠤᠰᠢᠭᠤ ᠰᠢᠶᠠᠨ | ᠢ ᠠᠮᠵᠢᠯᠲᠠ ᠲᠠᠢ ᠪᠠᠷ ᠲᠡᠮᠡᠴᠡᠨ ᠣᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ | ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ︵ᠦᠷᠳᠡᠭᠡ︶ ᠢ ᠪᠦᠬᠦ ᠲᠠᠯ᠎ᠠ ᠪᠠᠷ ᠴᠡᠭᠴᠡᠯᠡᠨ ᠨᠡᠶᠢᠯᠡᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠪᠡ᠃ | ᠬᠢᠯᠢ ᠶᠢᠨ ᠪᠣᠭᠤᠮᠲᠠ ᠲᠤᠳᠤᠷ ᠭᠠᠵᠠᠷ ᠬᠠᠷᠢᠯᠴᠠᠨ ᠬᠦᠳᠡᠯᠦᠯᠴᠡᠵᠦ ᠨᠡᠩ ᠦᠨᠳᠦᠷ ᠪᠦᠲᠦᠮᠵᠢ ᠣᠯᠪᠠ ᠃ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠵᠥᠪᠯᠡᠯ ᠯᠦᠭᠡ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠠᠶᠢᠩᠭᠤᠵᠢᠭᠤᠯᠤᠨ ᠬᠤᠯᠪᠤᠭᠠᠯᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠤᠯᠪᠣᠭᠠᠯᠠᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠪᠡ᠃ | ᠬᠤᠰᠢᠭᠤᠨ ᠤ ᠬᠠᠷᠢᠶ᠎ᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠠᠯᠠᠪᠤᠷ ᠭᠠᠵᠠᠷ ᠂ AGV | ᠠᠴᠢᠶ᠎ᠠ ᠲᠡᠭᠡᠭᠡᠪᠦᠷᠢ ᠶᠢᠨ ᠲᠥᠷᠥᠯ ᠵᠦᠢᠯ ᠳᠤ ᠬᠤᠪᠢ ᠣᠷᠣᠭᠤᠯᠤᠨ ᠪᠦᠲᠦᠭᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ | ᠪᠣᠳᠠᠲᠠᠶᠢᠵᠢᠭᠤᠯᠤᠨ ᠪᠣᠯᠪᠠᠰᠤᠷᠠᠭᠤᠯᠬᠤ ᠶᠠᠷᠢᠶ᠎ᠠ ᠬᠡᠯᠡᠯᠴᠡᠭᠡᠨ ᠤ ᠡᠷᠬᠡ ᠲᠠᠰᠤᠷᠠᠯᠲᠠ ᠦᠭᠡᠢ ᠳᠡᠭᠡᠭᠰᠢᠯᠡᠪᠡ᠃ ᠠᠷᠠᠯᠵᠢᠶᠠᠨ ᠤ ᠪᠣᠯᠪᠠᠰᠤᠷᠠᠭᠤᠯᠤᠨ ᠡᠳ᠋ᠰᠢᠭᠦᠯᠬᠦ ᠠᠵᠤ | ᠠᠬᠤᠶᠢᠯᠠᠯ ᠤᠨ ᠦᠢᠯᠡᠳᠬᠦᠨ ᠤ ᠥᠷᠲᠡᠭ ᠪᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠭᠠᠶᠢᠯᠢ ᠶᠢᠨ ᠢᠷᠡᠯᠲᠡ ᠶᠢᠨ ᠭᠠᠳᠠᠭᠰᠢ ᠤᠷᠤᠰᠬᠤ ᠠᠰᠠᠭᠤᠳᠠᠯ ᠢ | ᠬᠦᠴᠦᠯᠡᠨ ᠰᠢᠢᠳᠪᠦᠷᠢᠯᠡᠪᠡ᠃ ᠭᠠᠳᠠᠭᠠᠳᠤ ᠠᠷᠠᠯᠵᠢᠶ᠎ᠠ ᠪᠣᠯᠣᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠠᠮᠲᠤᠷᠠᠯᠴᠠᠭᠠᠨ ᠤ ᠲᠦᠪᠰᠢᠨ | ᠦᠷᠭᠦᠯᠵᠢᠯᠡᠨ ᠳᠡᠭᠡᠭᠰᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠢ 3785.67 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 98.54% ᠪᠠᠷ ᠨᠡᠮᠡᠭᠳᠡᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠴᠡᠢ᠃ | ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ ᠦᠷᠭᠡᠳᠭᠡᠪᠡ᠃ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠡᠬᠡ | ᠬᠠᠭᠤᠷᠠᠢ ᠶᠢᠨ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠦ ᠪᠠᠷ ᠲᠣᠭᠲᠠᠭᠠᠭᠳᠠᠭᠰᠠᠨ ᠪᠥᠭᠡᠳ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ ᠶᠢᠨ ᠬᠠᠮᠤᠭ ᠤᠨ ᠲᠦᠷᠦᠭᠦᠨ ᠳᠤ ᠪᠤᠶᠢᠵᠢᠭᠤᠯᠬᠤ ᠡᠲᠡᠭᠡᠳ ᠢᠶᠠᠷ ᠵᠢᠭᠰᠠᠭᠠᠭᠳᠠᠪᠠ᠃ ᠬᠢᠯᠢ ᠶᠢᠨ ᠪᠣᠭᠤᠮᠲᠠ ᠶᠢᠨ ᠳᠦᠷᠢ ᠲᠥᠷᠬᠦ ᠶᠢ | ᠳᠡᠭᠡᠭᠰᠢᠯᠡᠭᠦᠯᠬᠦ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ | ᠲᠠᠰ ᠳᠡᠪᠰᠢᠭᠦᠯᠪᠡ᠃ ᠬᠤᠶᠠᠷ ᠪᠤᠭᠲᠠ ᠶᠢᠨ ᠤᠰᠤᠨ ᠴᠥᠭᠦᠷᠥᠮ — ᠭᠠᠭᠴᠠᠮᠣᠳᠤ ᠬᠢᠯᠢ ᠶᠢᠨ ᠪᠣᠭᠤᠮᠲᠠ ᠶᠢᠨ ᠤᠰᠤ ᠬᠠᠩᠭᠠᠬᠤ ᠢᠨᠵᠧᠨᠧᠷᠢᠩ᠂ ᠳᠤᠯᠠᠭᠠᠯᠠᠭ᠎ᠠ | ᠶᠢᠨ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠤᠰᠤᠨ ᠤ ᠬᠡᠷᠡᠭᠯᠡᠭᠡ᠂ | ᠳᠤᠯᠠᠭᠠᠯᠠᠭ᠎ᠠ ᠵᠡᠷᠭᠡ ᠬᠡᠷᠡᠭᠴᠡᠭᠡ ᠦᠷᠭᠦᠯᠵᠢᠯᠡᠨ ᠰᠢᠢᠳᠪᠦᠷᠢᠯᠡᠭᠳᠡᠵᠦ᠂ ᠥᠷᠨᠢᠭᠦᠨ ᠪᠠᠳᠠᠷᠠᠩᠭᠤᠢ ᠬᠢᠯᠢ ᠶᠢᠨ ᠪᠣᠭᠤᠮᠲᠠ ᠶᠢᠨ ᠳᠦᠷᠢ ᠲᠥᠷᠬᠦ ᠶᠢ ᠪᠣᠢ ᠪᠣᠯᠭᠠᠪᠠ᠃ | ᠡᠨᠡ ᠨᠢᠭᠡ ᠵᠢᠯ ᠳᠤ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠷᠠᠳ ᠤᠨ ᠠᠮᠢᠳᠤᠷᠠᠯ ᠰᠢᠨ᠎ᠡ | ᠳᠡᠭᠡᠭᠰᠢᠯᠡᠯᠲᠡ ᠲᠠᠢ ᠪᠣᠯᠪᠠ | ᠦᠨᠳᠦᠰᠦᠲᠡᠨ ᠤ ᠪᠦᠯᠬᠦᠮᠳᠡᠯ ᠨᠡᠩ ᠪᠠᠲᠤ ᠪᠠᠬᠢ ᠪᠣᠯᠪᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠪᠠᠭᠰᠢ ᠶᠢᠨ ᠬᠦᠴᠦᠨ ᠢ ᠪᠦᠷᠢᠨ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ | ᠠᠵᠢᠯ ᠢ ᠡᠷᠡᠰ ᠭᠤᠶᠢᠪᠢᠰᠢ ᠦᠭᠡᠢ ᠪᠠᠷ ᠰᠠᠶᠢᠲᠤᠷ ᠨᠠᠶᠢᠳᠠᠪᠤᠷᠢᠵᠢᠭᠤᠯᠪᠠ᠃ ᠤᠷᠠᠳ ᠠᠷᠠᠳ ᠤᠨ ᠳᠠᠭᠤᠤ ᠶᠢ ᠨᠠᠶᠢᠷᠠᠭᠤᠯᠤᠨ ᠪᠢᠴᠢᠬᠦ ᠲᠦᠷᠦᠯ ᠵᠦᠢᠯ ᠢ | ᠪᠡᠶᠡᠯᠡᠭᠦᠯᠵᠦ᠂ 346 ᠤᠷᠠᠳ ᠠᠷᠠᠳ ᠤᠨ ᠳᠠᠭᠤᠤ ᠶᠢ ᠴᠤᠭᠯᠠᠭᠤᠯᠤᠨ ᠡᠮᠬᠢᠳᠬᠡᠪᠡ᠃ ᠪᠦᠬᠦ ᠬᠤᠲᠠ ᠶᠢᠨ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ · | ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ︽ᠠᠷᠪᠠᠨ ᠨᠢᠭᠡ︾ ᠶᠢᠨ ᠠᠬᠤᠢ ᠲᠠᠯᠠᠪᠠᠢ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠬᠤᠲᠠ ᠶᠢᠨ ᠲᠠᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ ᠬᠥᠮᠦᠵᠢᠯ | ᠦᠢᠯᠡᠳᠦᠯᠭᠡ ᠶᠢᠨ ᠰᠠᠭᠤᠷᠢᠨ ᠭᠠᠵᠠᠷ ᠢ 4 ᠡᠭᠦᠳᠦᠨ ᠪᠠᠶᠢᠭᠤᠯᠵᠤ᠂ ᠰᠢᠬ᠎ᠠ ᠭᠤᠣᠯ ᠪᠠᠯᠭᠠᠰᠤ ᠨᠢ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠭ᠎ᠠ ᠨᠢᠭᠡᠴᠢ ᠪᠠᠷ ᠨᠡᠷᠡᠶᠢᠳᠦᠭᠳᠡᠵᠦ᠂ ᠮᠠᠨ ᠤ ᠬᠤᠰᠢᠭᠤ ᠨᠢ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠠᠩ ᠳᠡᠯᠭᠡᠷᠡᠨ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ | ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠵᠦ ᠂ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ 30149 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠪᠠᠷ ᠨᠡᠮᠡᠭᠳᠡᠪᠡ᠃ | ᠬᠤᠲᠠ ᠪᠠᠯᠭᠠᠰᠤᠨ ᠤ 633 ᠬᠥᠮᠥᠨ ᠳᠤ ᠰᠢᠨ᠎ᠡ ᠪᠠᠷ ᠠᠵᠢᠯ ᠣᠯᠭᠤᠵᠤ᠂ 12027 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ 814 | ᠲᠦᠮᠡᠨ ᠲᠥᠭᠦᠷᠢᠭ ᠤᠨ ᠦᠢᠯᠡᠰ ᠪᠣᠰᠬᠠᠬᠤ ᠳᠠᠮ ᠬᠦᠦ ᠲᠠᠢ ᠵᠢᠭᠡᠯᠡᠯᠭᠡ ᠶᠢ ᠲᠠᠷᠬᠠᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ | ᠨᠣᠷᠮ᠎ᠠ ᠶᠢ 3.97% ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠪᠠ᠃ ᠡᠯ᠎ᠡ ᠵᠦᠢᠯ ᠤᠨ ᠨᠥᠬᠦᠪᠦᠷᠢ ᠮᠥᠩᠭᠦ ᠶᠢ ᠨᠡᠶᠢᠲᠡ 4.45 ᠳ᠋ᠦᠩᠰᠢᠭᠤᠷ ᠲᠥᠭᠦᠷᠢᠭ | ᠲᠠᠷᠬᠠᠭᠠᠵᠤ᠂ 33.83 ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠤᠷᠤᠯᠴᠠᠭᠰᠠᠨ ᠨᠣᠷᠮ᠎ᠠ ᠨᠢ 95% ᠠᠴᠠ ᠳᠡᠭᠡᠭᠰᠢ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠣᠨᠴᠠᠭᠠᠶ ᠬᠡᠷᠡᠭᠯᠡᠬᠦ ᠡᠮ ᠢ ︽ᠬᠤᠣᠰ | ᠨᠡᠪᠲᠡᠷᠡᠬᠦ︾ ᠡᠮ ᠤᠨ ᠳᠡᠯᠭᠡᠭᠦᠷ ᠠᠴᠠ ᠬᠤᠳᠠᠯᠳᠤᠨ ᠠᠪᠬᠤ ᠪᠠ ᠰᠢᠭᠤᠳ ᠲᠠᠩᠰᠠ ᠲᠠᠶᠢᠯᠬᠤ ᠶᠢ ᠪᠡᠶᠡᠯᠡᠭᠦᠯᠪᠡ᠃ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠳᠡᠰ | ᠳᠡᠪᠰᠢᠭᠦᠯᠦᠨ ᠰᠢᠨᠡᠳᠭᠡᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠹᠦ᠋ ᠯᠧ ᠺᠠᠩ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠳᠠᠭᠤᠰᠬᠠᠪᠠ᠃ ᠬᠤᠰᠢᠭᠤᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ᠂ ᠣᠷᠣᠰᠢᠭᠤᠯᠭ᠎ᠠ ᠶᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠳᠤᠲᠠᠭᠤᠳᠠᠯ ᠢ ᠦᠷᠭᠦᠯᠵᠢᠯᠡᠨ ᠨᠥᠬᠦᠪᠦᠷᠢᠯᠡᠪᠡ᠃ | ᠰᠤᠷᠭᠠᠨ ᠬᠥᠮᠦᠵᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠷᠪᠠᠳᠤᠭᠠᠷ ᠪᠠᠭ᠎ᠠ | ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠪᠠ 7 ᠵᠦᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠰᠢᠯᠢᠳᠡᠭᠵᠢᠭᠦᠯᠵᠦ᠂ 55 ᠨᠡᠷᠡᠰ ᠪᠠᠭᠰᠢ ᠶᠢ ᠰᠢᠨ᠎ᠡ ᠪᠠᠷ ᠤᠷᠢᠵᠤ᠂ ᠰᠤᠷᠬᠤ ᠬᠢᠴᠢᠶᠡᠯ ᠤᠨ ᠲᠦᠷᠦᠯ ᠤᠨ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠠᠯᠬᠤᠮ | ᠠᠯᠬᠤᠮ ᠢᠶᠠᠷ ᠰᠢᠢᠳᠪᠦᠷᠢᠯᠡᠪᠡ᠃ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠦᠢᠯ ᠤᠨ ᠭᠤᠣᠯ ᠬᠥᠭᠵᠢᠯᠲᠡ ᠶᠢᠨ | ᠭᠦᠢᠴᠡᠳᠬᠡᠯ ᠲᠤᠭ᠎ᠠ︾ ᠨᠢ ᠪᠥᠬᠦ ᠬᠤᠲᠠ ᠳᠤ ᠲᠦᠷᠦᠭᠦᠯᠡᠨ 100% ᠳᠤ ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠭᠰᠢ ᠳᠤ ᠠᠳᠠᠯᠢ ᠠᠵᠢᠯ ᠲᠦᠷᠦᠯ ᠤᠨ ᠠᠳᠠᠯᠢ ᠬᠥᠯᠥᠰᠦ ᠣᠯᠭᠤᠮᠵᠢ ᠲᠠᠢ ᠪᠠᠶᠢᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠤᠯᠤᠰ ᠤᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠦᠵᠡᠭᠦᠯᠬᠦ ᠬᠤᠰᠢᠭᠤ᠂ ᠪᠥᠬᠦ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠬᠤᠰᠢᠭᠤᠴᠢ ᠬᠤᠰᠢᠭᠤ ᠶᠢ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠯᠡᠨ ᠵᠢᠱᠢᠵᠦ ᠬᠢᠨᠠᠨ ᠰᠢᠯᠭᠠᠬᠤ ᠳᠤ ᠬᠢᠷᠢ ᠲᠡᠩᠴᠡᠪᠡ᠃ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠬᠡᠪ ᠵᠠᠭᠪᠤᠷ ᠨᠢ ᠪᠥᠬᠦ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ | ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠲᠦᠷᠭᠡᠳᠭᠡᠪᠡ᠃ ᠲᠣᠭᠤᠰᠣᠲᠤ ᠠᠭᠤᠰᠬᠢᠨ ᠡᠪᠡᠳᠴᠢᠨ ᠢ ᠡᠷᠡᠭᠦᠯᠵᠢᠭᠦᠯᠬᠦ | ᠥᠷᠲᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠤᠯᠤᠰ ᠤᠨ ᠲᠠᠪᠤᠳᠤᠭᠠᠷ ᠪᠦᠯᠦᠭ ᠤᠨ ᠣᠷᠣᠨ | ᠨᠤᠲᠤᠭ ᠤᠨ ᠲᠦᠯᠦᠪᠯᠡᠭᠡᠲᠡᠢ ᠪᠠᠷ ᠬᠡᠤᠭᠡᠳ ᠠᠪᠬᠤ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠠᠮᠵᠢᠯᠲᠠ ᠲᠠᠢ ᠲᠡᠮᠡᠴᠡᠨ | ᠣᠯᠪᠠ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠡᠳᠴᠢᠨ ᠡᠮᠭᠡᠭ ᠢ ᠣᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ | ᠬᠠᠯᠢᠭᠤᠲᠤ ᠪᠠᠯᠭᠠᠰᠤᠨ ᠤ ᠴᠡᠴᠡᠷᠯᠢᠭ ᠤᠨ ᠵᠡᠭᠦᠨ ᠵᠠᠮ ᠨᠡᠶᠢᠭᠡᠮ ᠲᠣᠭᠤᠷᠢᠭ ᠢ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ | ᠬᠡᠯᠪᠡᠷᠢ ᠶᠢᠨ ᠨᠡᠶᠢᠭᠡᠮ ᠲᠣᠭᠤᠷᠢᠭ ᠤᠨ ᠪᠤᠶᠢᠵᠢᠭᠤᠯᠤᠯᠲᠠ ᠶᠢᠨ ᠲᠤᠷᠰᠢᠯᠲᠠ ᠶᠢᠨ ᠴᠡᠭ ᠲᠤ ᠣᠷᠣᠭᠤᠯᠪᠠ᠃ ᠪᠥᠬᠦ ᠬᠤᠰᠢᠭᠤᠨ ᠤ ᠮᠢᠩᠭᠠᠨ ᠬᠥᠮᠥᠨ ᠨᠢᠭᠡᠪᠦᠷᠢ ᠳᠤ | ᠬᠡᠦᠬᠡᠳ ᠰᠠᠭᠠᠲᠠᠭᠤᠯᠬᠤ ᠪᠠᠶᠢᠭᠤᠯᠤᠮᠵᠢ ᠲᠠᠢ ᠪᠠᠶᠢᠵᠤ᠂ ᠰᠠᠭᠠᠲᠠᠭᠤᠯᠬᠤ ᠲᠤᠭ᠎ᠠ ᠨᠢ 4.1 ᠳᠤ ᠬᠦᠷᠴᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ | ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤᠨ ᠤ 17 ᠵᠦᠢᠯ ᠤᠨ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 28.5% ᠳᠤ ᠬᠦᠷᠭᠡᠵᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠥᠨᠳᠥᠷ ᠪᠣᠯᠪᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠤᠮᠠᠷᠠᠲᠤ ᠬᠢᠯᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠲᠥᠪ ᠢ ᠡᠬᠢᠯᠡᠨ ᠪᠠᠶᠢᠭᠤᠯᠵᠤ᠂ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠮᠠᠷᠠᠲᠤ ᠬᠢᠯᠢ ᠶᠢᠨ ᠰᠣᠶᠣᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠯᠪᠣᠭ᠎ᠠ ᠶᠢ ᠪᠠᠶᠢᠭᠤᠯᠪᠠ᠃ ᠪᠣᠳᠠᠰ ᠤᠨ ᠪᠤᠰᠤ ᠰᠣᠶᠣᠯ ᠤᠨ ᠥᠪ ᠤᠨ ᠨᠠᠭᠠᠳᠤᠮ᠂ ᠠᠷᠪᠠᠨ ᠨᠢᠭᠡᠳᠦᠭᠡᠷ | ᠬᠤᠭᠤᠴᠠᠭᠠᠨ ᠤ ᠬᠤᠨ ᠭᠠᠯᠠᠭᠤ ᠰᠣᠶᠣᠯ ᠤᠷᠠᠯᠢᠭ ᠤᠨ ᠨᠠᠶᠢᠷ ᠵᠡᠷᠭᠡ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠥᠷᠭᠡᠨ ᠢᠶᠠᠷ | ᠥᠷᠨᠢᠭᠦᠯᠪᠡ᠃ ᠤᠯᠠᠭᠠᠨᠮᠥ᠋ᠴᠢᠷ ᠨᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 146 ᠲᠠᠯᠠᠪᠤᠷ ᠤᠳᠠᠭ᠎ᠠ ᠥᠷᠨᠢᠭᠦᠯᠵᠦ᠂ ᠲᠠᠶᠢᠰᠠᠨ ᠤ | ᠵᠦᠴᠦᠭᠡ ︽ᠮᠢᠨᠤ ᠨᠤᠲᠤᠭ︾ ᠨᠢ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠥᠷᠥᠯ ᠵᠦᠢᠯ ᠤᠨ ᠲᠤᠰᠠᠯᠠᠮᠵᠢ ᠶᠢ ᠭᠥᠷᠳᠡᠵᠦ᠂ ᠪᠥᠬᠦ ᠤᠯᠤᠰ ᠲᠤ 13 | ᠤᠳᠠᠭ᠎ᠠ ᠲᠣᠭᠤᠷᠢᠨ ᠲᠣᠭᠯᠠᠯᠲᠠ ᠭᠠᠷᠭᠠᠵᠤ᠂ ᠤᠷᠠᠳ ᠤᠨ ᠳᠤᠮᠳᠠᠳᠤ ᠬᠤᠰᠢᠭᠤᠨ ᠤ ᠥᠯᠢᠭᠡᠷ ᠢ ᠥᠷᠭᠡᠨ ᠳᠡᠯᠭᠡᠷ ᠬᠦᠴᠦᠲᠡᠢ ᠪᠠᠷ ᠤᠯᠠᠮᠵᠢᠯᠠᠨ ᠳᠡᠯᠭᠡᠷᠡᠭᠦᠯᠪᠡ᠃ | ᠰᠤᠮᠤ ᠪᠠᠯᠭᠠᠰᠤ ᠶᠢᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ 5 ᠶᠢ ᠰᠢᠨ᠎ᠡ ᠪᠠᠷ ᠪᠠᠶᠢᠭᠤᠯᠵᠤ᠂ ᠪᠥᠬᠦ ᠣᠷᠣᠨ ᠤ ᠠᠩᠬᠠᠳᠠᠭᠴᠢ ᠰᠤᠮᠤ ᠪᠠᠯᠭᠠᠰᠤ | ᠪᠦᠬᠦᠨ ᠳᠤ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠲᠠᠢ ᠬᠤᠰᠢᠭᠤ ᠰᠢᠶᠠᠨ ᠪᠣᠯᠪᠠ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠮᠣᠩᠭᠤᠯ | ᠦᠨᠳᠦᠰᠦᠲᠡᠨ ᠤ ᠮᠦᠩᠭᠦ ᠭᠠᠤᠯᠢᠨ ᠡᠳ᠋ᠯᠡᠯ ᠬᠡᠷᠡᠭᠰᠡᠯ ᠦᠢᠯᠡᠳᠬᠦ ᠰᠣᠶᠣᠯ ᠤᠨ ᠣᠷᠣᠨ ᠨᠤᠲᠤᠭ ᠢᠶᠠᠷ ᠨᠡᠷᠡᠶᠢᠳᠦᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠰ | ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠭᠤᠯᠭ᠎ᠠ ᠨᠢᠭᠡᠴᠢ 4 ᠰᠢᠨ᠎ᠡ ᠪᠠᠷ ᠨᠡᠮᠡᠭᠳᠡᠵᠦ᠂ ᠬᠤᠰᠢᠭᠤᠨ ᠤ ᠮᠦᠽᠧᠢ ᠶᠢᠨ 3 ᠵᠦᠢᠯ ᠤᠨ | ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠨᠢ ᠤᠯᠤᠰ ᠤᠨ ᠬᠤᠶᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠢᠶᠠᠷ ᠬᠢᠨᠠᠨ ᠲᠣᠭᠲᠠᠭᠠᠭᠳᠠᠵᠤ᠂ | ᠮᠠᠨ ᠤ ᠬᠤᠰᠢᠭᠤᠨ ᠤ ᠤᠯᠤᠰ ᠤᠨ ᠲᠠᠰ ᠤᠨ ᠬᠠᠳᠠᠭᠠᠯᠠᠮᠵᠢ ᠶᠢᠨ ᠵᠦᠢᠯᠡᠰ ᠤᠨ ᠬᠤᠭᠤᠰᠤᠨ ᠢ ᠨᠥᠬᠦᠪᠦᠷᠢᠯᠡᠪᠡ᠃ | ᠨᠡᠶᠢᠭᠡᠮ ᠤᠨ ᠡᠮᠬᠢ ᠵᠢᠷᠤᠮ ᠡᠶ᠎ᠡ ᠵᠣᠬᠢᠴᠠᠯ ᠲᠠᠢ ᠲᠣᠭᠳᠠᠭᠤᠨ ᠪᠠᠶᠢᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢᠨ ᠳᠤᠮᠳᠠ | ᠬᠤᠭᠤᠴᠠᠭᠠᠨ ᠤ ᠬᠢᠨᠠᠨ ᠰᠢᠯᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ | ᠲᠠᠰᠤᠭ ᠨᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠪᠡ᠃ ᠤᠷᠠᠳ ᠤᠨ ᠳᠤᠮᠳᠠᠳᠤ ᠬᠤᠰᠢᠭᠤᠨ ᠤ ᠵᠥᠷᠢᠴᠡᠯ | ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠢ ᠲᠠᠰ ᠳᠡᠪᠰᠢᠭᠦᠯᠦᠨ ᠪᠠᠶᠢᠭᠤᠯᠵᠤ᠂ ᠡᠯ᠎ᠡ ᠲᠥᠷᠥᠯ ᠤᠨ ᠵᠦᠷᠢᠴᠡᠯ ᠵᠢᠭᠤᠷᠠᠯᠳᠤᠭᠠᠨ ᠢ 3068 | ᠤᠳᠠᠭ᠎ᠠ ᠠᠮᠵᠢᠯᠲᠠ ᠲᠠᠢ ᠪᠠᠷ ᠡᠶᠡᠳᠡᠭᠦᠯᠪᠡ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠡᠷᠢᠭ ᠠᠷᠠᠳ ᠢ ᠨᠢᠭᠡ | ᠴᠣᠭᠴᠠᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠵᠦᠪᠰᠢᠶᠡᠷᠡᠭᠳᠡᠪᠡ᠃ ᠦᠵᠦᠭᠦᠷ ᠭᠤᠤᠯ ᠪᠠᠯᠭᠠᠰᠤ ᠶᠢᠨ ᠯᠢᠶᠠᠨ ᠹᠧᠩ ᠹᠧᠨ | ᠳ᠋ᠧᠦ ᠲᠣᠰᠬᠤᠨ ᠨᠢ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠡᠯ᠎ᠡ ᠲᠥᠷᠥᠯ ᠤᠨ ᠶᠡᠬᠡᠪᠡᠷ | ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠤᠨ ᠠᠮᠤᠷ | ᠲᠦᠪᠰᠢᠨ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯᠡᠰ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ | ᠰᠠᠶᠢᠵᠢᠷᠠᠪᠠ᠃ | ᠡᠨᠡ ᠨᠢᠭᠡ ᠵᠢᠯ ᠳᠤ᠂ ᠪᠢᠳᠡ ᠪᠣᠳᠠᠲᠤ ᠠᠵᠢᠯᠯᠠᠭ᠎ᠠ ᠶᠢ ᠡᠷᠬᠢᠮᠯᠡᠨ ᠦᠷ᠎ᠡ ᠪᠦᠲᠦᠮᠵᠢ ᠣᠯᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠲᠣᠰ ᠪᠡᠶ᠎ᠡ ᠶᠢᠨ | ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ | ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠭᠡᠰᠢᠭᠦᠨ ᠺᠠᠳ᠋ᠷᠴᠤᠳ ᠤᠨ ᠬᠦᠰᠡᠯ ᠵᠣᠷᠢᠭ ᠪᠠ ᠢᠲᠡᠭᠡᠯ ᠵᠣᠷᠢᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ | ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠵᠦ᠂ ︽ᠵᠠᠰᠠᠭ ᠤᠨ ᠣᠷᠳᠣᠨ ᠭᠠᠮᠨᠠᠨ ᠠᠷᠪᠢᠯᠠᠵᠤ᠂ ᠤᠯᠠᠨ ᠲᠦᠮᠡᠨ ᠪᠠᠶᠠᠨ ᠴᠢᠨᠡᠭᠡᠯᠢᠭ ᠠᠮᠢᠳᠤᠷᠠᠬᠤ︾ ᠦᠵᠡᠯ ᠰᠠᠨᠠᠭ᠎ᠠ ᠶᠢ | ᠪᠠᠲᠤ ᠪᠤᠢ ᠪᠣᠯᠭᠠᠨ᠂ ᠲᠥᠰᠥᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠪᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠂ ᠵᠠᠰᠠᠭ ᠤᠨ | ᠰᠤᠷᠲᠠᠯ ᠠᠵᠢᠯ ᠲᠦᠷᠦᠯ ᠤᠨ ᠰᠤᠷᠲᠠᠯ ᠢ ᠢᠯᠡᠳᠲᠡ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠬᠡᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ | ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠲᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ | ᠶᠤᠰᠤᠴᠢ ᠴᠢᠨᠠᠷ ᠤᠨ ᠬᠢᠨᠠᠨ ᠪᠠᠶᠢᠴᠠᠭᠠᠬᠤ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠶᠤᠰᠤᠴᠢ ᠴᠢᠨᠠᠷ ᠤᠨ ᠬᠢᠨᠠᠨ ᠬᠠᠷᠭᠤᠭᠤᠯᠤᠭᠰᠠᠨ ᠨᠤᠷᠮ᠎ᠠ᠂ | ᠳᠠᠩᠰᠠᠯᠠᠵᠤ ᠬᠢᠨᠠᠨ ᠪᠠᠶᠢᠴᠠᠭᠠᠭᠰᠠᠨ ᠨᠤᠷᠮ᠎ᠠ ᠨᠢ ᠴᠥᠮ 100% ᠲᠤ ᠬᠦᠷᠪᠡ᠃ | ᠬᠢᠨᠠᠨ ᠪᠤᠳᠤᠬᠤ᠂ ᠲᠤᠭ᠎ᠠ ᠪᠦᠷᠢᠳᠭᠡᠯ᠂ ᠭᠠᠳᠠᠭᠠᠳᠤ ᠶᠠᠪᠤᠳᠠᠯ᠂ ᠣᠶᠤᠨ ᠤ ᠪᠣᠯᠪᠠᠰᠤᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠡᠯ᠎ᠡ ᠵᠦᠢᠯ ᠤᠨ | ᠠᠵᠢᠯ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠤᠭᠠᠲᠦ ᠬᠤᠷᠠᠯ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠢ ᠦᠢᠯᠡᠳᠦᠯ ᠢᠶᠠᠨ | ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠲᠥᠯᠥᠭᠡᠯᠡᠭᠴᠢᠳ ᠠ᠋᠂ ᠬᠡᠯᠡᠪᠡᠯ ᠬᠢᠵᠦ᠂ ᠠᠮᠠᠯᠠᠪᠠᠯ ᠪᠡᠶᠡᠯᠡᠭᠦᠯᠦᠨ᠎ᠡ᠃ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠭᠠᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠣᠯᠠᠨ ᠲᠦᠮᠡᠨ ᠤ ᠥᠨᠳᠥᠷ ᠪᠠᠷᠢᠮᠵᠢᠶ᠎ᠠ ᠲᠠᠢ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠣᠯᠠᠨ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠨ᠂ 9.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠭᠡ | ᠬᠤᠷᠠᠯ ᠠᠴᠠ ᠲᠣᠭᠲᠠᠭᠠᠭᠰᠠᠨ ᠰᠢᠨ᠎ᠡ ᠡᠨᠧᠷᠭᠢ ᠶᠢᠨ ᠰᠣᠷᠪᠣᠯᠵᠢ ᠪᠠᠷ ᠴᠠᠬᠢᠯᠭᠠᠨ ᠬᠠᠩᠭᠠᠵᠤ ᠪᠠᠶᠢᠭᠰᠠᠨ ᠡᠷᠦᠬᠡ ᠶᠢ ᠴᠠᠬᠢᠯᠭᠠᠨ ᠲᠣᠣᠷᠵᠢᠯ ᠤᠨ ᠴᠠᠬᠢᠯᠭᠠᠨ | ᠬᠠᠩᠭᠠᠬᠤ ᠳᠤ ᠰᠢᠯᠵᠢᠭᠦᠯᠦᠨ ᠣᠷᠣᠭᠤᠯᠬᠤ ᠦᠭᠡᠷᠡᠴᠢᠯᠡᠯᠲᠡ᠂ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ 6 ᠵᠦᠢᠯ ᠤᠨ | ᠠᠷᠠᠳ ᠤᠨ ᠠᠮᠢᠳᠤᠷᠠᠯ ᠤᠨ ᠢᠨᠵᠧᠨᠧᠷᠢᠩ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠮᠠᠯᠠᠯᠲᠠ ᠪᠠᠨ | ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ | ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠪᠠ︕ | ᠲᠥᠯᠥᠭᠡᠯᠡᠭᠴᠢᠳ ᠠ᠋᠂ ᠡᠷᠡᠯᠬᠡᠭᠯᠡᠨ ᠤᠷᠤᠭᠰᠢᠯᠠᠬᠤ ᠶᠢᠨ ᠳᠤᠮᠳᠠ ᠣᠯᠣᠭᠰᠠᠨ ᠠᠮᠵᠢᠯᠲᠠ ᠪᠦᠲᠦᠮᠵᠢ ᠬᠢᠯᠪᠠᠷ ᠪᠤᠰᠤ ᠶᠤᠮ᠂ ᠬᠠᠶᠢᠨ ᠰᠦᠪᠡᠭᠴᠢᠯᠡᠯᠲᠡ ᠶᠢᠨ | ᠳᠤᠮᠳᠠᠬᠢ ᠰᠢᠪᠲᠤᠯᠤᠯᠲᠠ ᠨᠢ ᠨᠡᠩ ᠡᠷᠬᠢᠮ ᠨᠠᠨᠳᠢᠨ ᠪᠠᠶᠢᠨ᠎ᠠ᠃ ᠨᠢᠭᠡ ᠵᠢᠯ ᠤᠨ ᠲᠤᠷᠰᠢᠬᠢ ᠠᠮᠵᠢᠯᠲᠠ ᠪᠦᠲᠦᠮᠵᠢ ᠳᠤ᠂ ᠶᠡᠷᠦᠩᠬᠡᠢ ᠱᠦᠵᠢ ᠰᠢ ᠶᠢᠨ ᠫᠢᠩ ᠪᠣᠯᠣᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠦᠨ ᠵᠤᠵᠠᠭᠠᠨ ᠰᠠᠨᠠᠭᠠᠰᠢᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠠᠭᠤᠯᠤᠭᠳᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠯᠬᠦᠮᠳᠡᠨ ᠲᠡᠮᠡᠴᠡᠵᠦ᠂ ᠡᠷᠴᠢ ᠵᠣᠷᠢᠭ ᠢᠶᠠᠨ ᠬᠥᠪᠴᠢᠯᠡᠨ ᠤᠯᠤᠰ | ᠣᠷᠣᠨ ᠢᠶᠠᠨ ᠵᠠᠰᠠᠬᠤ ᠡᠭᠦᠷᠭᠡ ᠬᠠᠷᠢᠭᠤᠴᠠᠯᠭ᠎ᠠ ᠢᠯᠡᠷᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ | ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠡᠳᠬᠢᠯ ᠢᠶᠠᠨ ᠨᠢᠭᠡᠳᠬᠡᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠣᠶᠤᠨ ᠤᠬᠠᠭᠠᠨ ᠬᠦᠴᠦᠨ ᠴᠢᠳᠠᠯ | ᠨᠢᠭᠲᠠᠷᠠᠵᠤ᠂ ᠡᠯ᠎ᠡ ᠱᠠᠲᠤᠨ ᠤ ᠺᠠᠳ᠋ᠷᠴᠤᠳ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠠᠵᠢᠯ ᠤᠨ ᠰᠤᠷᠲᠠᠯ | ᠳᠠᠪᠲᠠᠨ ᠪᠣᠯᠪᠠᠰᠤᠷᠠᠭᠳᠠᠵᠤ᠂ ᠪᠥᠬᠦ ᠬᠤᠰᠢᠭᠤᠨ ᠤ ᠣᠯᠠᠨ ᠲᠦᠮᠡᠨ ᠴᠥᠬᠦᠷᠡᠰᠢ ᠦᠭᠡᠢ ᠪᠠᠷ ᠴᠢᠷᠮᠠᠶᠢᠨ ᠲᠡᠮᠡᠴᠡᠵᠦ᠂ ᠥᠭᠡᠳᠡᠯᠡᠨ ᠳᠠᠪᠰᠢᠨ ᠰᠢᠷᠭᠠᠭᠤ | ᠬᠠᠲᠠᠭᠤᠵᠢᠯᠲᠠᠢ ᠲᠠᠢ ᠪᠠᠷ ᠠᠵᠢᠯᠯᠠᠭᠰᠠᠨ ᠬᠦᠴᠦ ᠬᠦᠯᠦᠰᠦ ᠰᠢᠩᠭᠡᠵᠦ ᠪᠠᠶᠢᠨ᠎ᠠ᠃ | ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠵᠠᠰᠠᠭ ᠤᠨ ᠣᠷᠳᠣᠨ ᠤ ᠠᠵᠢᠯ ᠢ ᠶᠡᠭᠡ ᠪᠠᠷ ᠳᠡᠮᠵᠢᠵᠦ ᠪᠠᠶᠢᠭ᠎ᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠣᠨ ᠡᠯ᠎ᠡ ᠹᠷᠣᠨᠲ ᠲᠤ ᠰᠢᠷᠭᠠᠭᠤ | ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠂ ᠤᠷᠠᠳ ᠤᠨ ᠳᠤᠮᠳᠠᠳᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ | ᠱᠠᠲᠤᠨ ᠤ ᠤᠳᠤᠷᠢᠳᠤᠯᠭ᠎ᠠ ᠨᠠᠷ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ᠂ ᠡᠯ᠎ᠡ ᠡᠲᠡᠭᠡᠳ ᠤᠨ ᠬᠥᠮᠥᠰ᠂ | ᠤᠷᠠᠳ ᠤᠨ ᠲᠤᠮᠳᠠᠳᠤ ᠬᠤᠰᠢᠭᠤᠨ ᠤ ᠭᠦᠭᠵᠢᠯᠲᠡ ᠳᠤ ᠢᠳᠡᠪᠬᠢ ᠬᠤᠪᠢ ᠨᠡᠮᠡᠷᠢ ᠪᠠᠨ ᠦᠵᠡᠭᠦᠯᠵᠦ ᠪᠦᠬᠦᠢ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ᠂ ᠵᠡᠪᠰᠡᠭᠲᠦ ᠴᠠᠭᠳᠠᠭ᠎ᠠ ᠨᠠᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯᠣᠨ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ | ᠨᠢᠭᠡᠴᠢ᠂ ᠤᠷᠠᠳ ᠤᠨ ᠳᠤᠮᠳᠠᠳᠤ ᠬᠤᠰᠢᠭᠤᠨ ᠳᠤ ᠠᠵᠢᠯ ᠦᠢᠯᠡᠰ ᠪᠣᠰᠬᠠᠵᠤ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠭᠴᠢᠳ ᠪᠠ | ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠭᠰᠠᠨ ᠤᠷᠠᠳ ᠤᠨ ᠳᠤᠮᠳᠠᠳᠤ ᠬᠤᠰᠢᠭᠤᠨ ᠤ ᠬᠥᠮᠥᠰ ᠵᠢᠴᠢ ᠤᠷᠠᠳ ᠤᠨ ᠳᠤᠮᠳᠠᠳᠤ ᠬᠤᠰᠢᠭᠤᠨ ᠤ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠵᠤ᠂ ᠣᠷᠣᠯᠴᠠᠵᠤ᠂ ᠳᠡᠮᠵᠢᠵᠦ ᠪᠠᠶᠢᠭ᠎ᠠ ᠪᠦᠬᠦ ᠨᠠᠶᠢᠵᠠ ᠨᠥᠬᠦᠳ ᠨᠠᠷ ᠲᠤ ᠪᠠᠨ ᠬᠠᠮᠤᠭ ᠤᠨ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠠᠵᠢᠯ ᠤᠨ ᠠᠮᠵᠢᠯᠲᠠ ᠪᠦᠲᠦᠮᠵᠢ ᠪᠣᠯ ᠡᠷᠬᠢᠮ ᠨᠠᠨᠳᠢᠨ ᠵᠦᠢᠯ ᠪᠣᠯᠣᠨ᠎ᠠ᠂ ᠲᠤᠷᠰᠢᠯᠭ᠎ᠠ ᠰᠤᠷᠭᠠᠮᠵᠢ ᠪᠠᠨ ᠪᠠᠰᠠ ᠬᠤᠷᠢᠶᠠᠩᠭᠤᠶᠢᠯᠠᠨ | ᠳ᠋ᠦᠩᠨᠡᠭᠦᠰᠢᠲᠡᠢ ᠶᠤᠮ᠃ ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠪᠢᠳᠡ ᠬᠥᠭᠵᠢᠯᠲᠡ ᠶᠢᠨ ᠳᠤᠮᠳᠠ ᠴᠥᠭᠡᠨ ᠪᠤᠰᠤ ᠠᠰᠠᠭᠤᠳᠠᠯ ᠪᠠ | ᠥᠷᠢᠰᠦᠯᠳᠦᠭᠡᠨ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠮᠡᠳᠡᠪᠡ᠃ ᠭᠤᠣᠯ ᠢᠯᠡᠷᠡᠯ ᠨᠢ᠄ ᠠᠵᠤ ᠠᠬᠤᠢ ᠶᠢᠨ ᠬᠥᠭᠵᠢᠯᠲᠡ ᠳᠤ ᠪᠠᠰᠠ ᠮᠠᠰᠢ ᠤᠯᠠᠨ | ᠲᠣᠭᠲᠠᠭᠠᠯᠲᠤ ᠪᠤᠰᠤ ᠴᠢᠨᠠᠷ ᠣᠷᠣᠰᠢᠵᠤ᠂ ᠠᠵᠤ ᠦᠢᠯᠡᠰ ᠤᠨ ᠬᠡᠯᠬᠢᠶᠡᠵᠢᠯ ᠬᠠᠩᠭᠠᠯᠭ᠎ᠠ ᠶᠢᠨ ᠬᠡᠯᠬᠢᠶᠡᠵᠢᠯ ᠢ ᠲᠠᠬᠢᠨ ᠴᠣᠭᠴᠠᠯᠠᠵᠤ ᠲᠠᠬᠢᠨ ᠪᠠᠶᠢᠭᠤᠯᠬᠤ ᠠᠰᠠᠭᠤᠳᠠᠯ | ᠲᠤᠯᠭᠠᠷᠠᠵᠤ᠂ ᠠᠵᠤ ᠦᠢᠯᠡᠰ ᠤᠨ ᠪᠦᠲᠦᠴᠡ᠂ ᠠᠵᠤ ᠠᠬᠤᠢ ᠶᠢᠨ ᠪᠦᠲᠦᠴᠡ ᠨᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠠᠴᠠ ᠪᠠᠰᠠ ᠵᠦᠷᠢᠶᠡᠲᠡᠢ | ᠪᠠᠶᠢᠨ᠎ᠠ᠃ ᠠᠵᠤ ᠠᠬᠤᠢ᠂ ᠮᠥᠩᠭᠦᠨ ᠭᠦᠢᠯᠭᠡᠭᠡ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠳᠤ ᠮᠥᠨ ᠴᠥᠭᠡᠨ ᠪᠤᠰᠤ ᠠᠶᠤᠯ ᠲᠦᠭᠰᠢᠭᠦᠷᠢ ᠶᠢᠨ | ᠲᠠᠯᠳᠠ ᠭᠡᠮ ᠣᠷᠣᠰᠢᠵᠤ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠪᠠᠰᠠ ᠴᠥᠭᠡᠨ ᠪᠤᠰᠤ | ᠳᠤᠲᠠᠭᠤᠳᠠᠯ ᠣᠷᠣᠰᠢᠵᠤ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢᠨ ᠰᠠᠭᠤᠷᠢ ᠨᠢ ᠪᠠᠰᠠ ᠪᠠᠲᠤ ᠪᠠᠬᠢ ᠪᠢᠰᠢ ᠪᠠᠶᠢᠨ᠎ᠠ᠃ | ᠵᠠᠷᠢᠮ ᠺᠠᠳ᠋ᠷ ᠠᠵᠢᠯᠲᠠᠳ ᠤᠨ ᠦᠢᠯᠡᠴᠢᠯᠡᠭᠡᠨ ᠤ ᠤᠬᠠᠮᠰᠠᠷ ᠪᠠ ᠠᠵᠢᠯ ᠤᠨ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠵᠡᠷᠭᠡ | ᠢᠯᠡᠷᠡᠯ ᠲᠠᠢ ᠪᠠᠶᠢᠨ᠎ᠠ᠃ ᠪᠢᠳᠡ ᠠᠰᠠᠭᠤᠳᠠᠯ ᠪᠣᠯᠣᠨ ᠥᠷᠢᠰᠦᠯᠳᠦᠭᠡᠨ ᠳᠤ ᠰᠢᠭᠤᠳ ᠬᠠᠨᠳᠤᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠦᠴᠦᠲᠡᠢ ᠠᠷᠭ᠎ᠠ | ᠬᠡᠮᠵᠢᠶ᠎ᠡ ᠠᠪᠴᠤ ᠰᠢᠢᠳᠪᠦᠷᠢᠯᠡᠨ᠎ᠡ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠤᠯᠤᠨ᠎ᠠ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠦ ᠮᠠᠨ ᠤ ᠬᠤᠰᠢᠭᠤᠨ ᠤ ᠲᠡᠰ | ᠲᠠᠪᠰᠢᠨ ᠲᠡᠷᠢᠬᠦᠨ ᠢ ᠲᠡᠮᠡᠴᠡᠨ᠂ ᠬᠥᠭᠵᠢᠯᠲᠡ ᠪᠠᠨ ᠲᠦᠷᠭᠡᠳᠭᠡᠬᠦ ᠨᠢᠭᠡ ᠵᠢᠯ ᠪᠠᠶᠢᠵᠤ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠭᠰᠠᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠨᠢ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠶᠢᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠨᠠᠩ ᠲᠦᠪ | ᠴᠢᠩᠭ᠎ᠠ ᠣᠪᠣᠷ᠂ ᠨᠠᠩ ᠯᠠᠪᠳᠠᠭᠤᠨ ᠪᠠᠲᠤᠲᠠᠢ ᠰᠤᠷᠲᠠᠯ᠂ ᠨᠠᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠷᠠᠳ ᠤᠨ ᠳᠤᠮᠳᠠᠳᠤ ᠬᠤᠰᠢᠭᠤᠨ ᠤ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠤ ᠠᠯᠬᠤᠨ ᠣᠷᠣᠬᠤ ᠶᠢ ᠬᠦᠴᠦᠯᠡᠨ ᠠᠬᠢᠭᠤᠯᠤᠨ᠎ᠠ᠃ | 2024 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠶᠡᠭᠡ ᠢᠨᠵᠧᠨᠧᠷᠢᠩ︾ ᠢ | ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠤᠰᠢᠭᠤᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠪᠠ ︽ᠭᠤᠷᠪᠠ ᠳᠥᠷᠪᠡ ᠲᠠᠪᠤ︾ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠦᠷ᠎ᠡ ᠪᠦᠳᠦᠮᠵᠢ ᠭᠠᠷᠭᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠤᠷᠠᠳ ᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 8% ᠣᠷᠴᠢᠮ ᠨᠡᠮᠡᠭᠳᠡᠭᠦᠯᠵᠦ᠂ ᠭᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 13% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 60%ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 25% ᠣᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠵᠡᠮᠳᠡᠵᠦ ᠪᠤᠯᠬᠤ ᠣᠷᠣᠯᠭ᠎ᠠ ᠶᠢ ᠲᠤᠰ ᠲᠤᠰ 6% ᠪᠠ 8% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠡᠷᠬᠡᠪᠰᠢ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠪᠠᠨ ᠪᠠᠲᠤᠳᠬᠠᠵᠤ᠂ ᠠᠰᠢᠭᠲᠠᠢ ᠴᠠᠭ | ᠲᠣᠬᠢᠶᠠᠯ ᠪᠦᠬᠦᠨ ᠢ ᠠᠮᠵᠢᠵᠤ᠂ ᠠᠰᠢᠭᠲᠠᠢ ᠨᠥᠬᠦᠴᠡᠯ ᠪᠦᠬᠦᠨ ᠢ ᠠᠰᠢᠭᠯᠠᠵᠤ᠂ ᠰᠢᠨᠲᠠᠷᠠᠰᠢ ᠦᠭᠡᠢ ᠪᠠᠷᠢᠮᠲᠠᠯᠠᠬᠤ ᠡᠷᠴᠢ ᠵᠤᠷᠢᠭ᠂ ᠡᠴᠦᠰ ᠲᠤ ᠨᠢ ᠲᠤᠯᠳᠠᠯ᠎ᠠ | ᠵᠢᠳᠬᠦᠬᠦ ᠰᠡᠷᠭᠡᠭ ᠤᠬᠠᠭᠠᠨ ᠢᠶᠠᠷ ᠠᠵᠤ ᠦᠢᠯᠡᠰ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠭᠤᠯᠬᠤ ᠶᠢ ᠡᠷᠡᠰ | ᠭᠤᠶᠢᠪᠢᠰᠢ ᠦᠭᠡᠢ ᠲᠦᠷᠭᠡᠳᠬᠡᠬᠦ ᠬᠡᠷᠡᠭᠲᠡᠢ︔ ᠪᠢᠳᠡ ᠡᠷᠬᠡᠪᠰᠢ ᠰᠢᠰᠲ᠋ᠧᠮᠲᠦ ᠰᠡᠳᠬᠢᠬᠦᠢ ᠶᠢ ᠪᠠᠲᠤ ᠪᠤᠢ ᠪᠣᠯᠭᠠᠵᠤ᠂ ᠡᠳ᠋ ᠤᠨ ᠵᠠᠰᠠᠭ ᠤᠨ ᠬᠦᠴᠦᠨ ᠤ ᠪᠠᠶᠢᠳᠠᠯ | ᠪᠣᠯᠣᠨ ᠬᠥᠭᠵᠢᠯᠲᠡ ᠶᠢᠨ ᠪᠣᠳᠠᠲᠤ ᠪᠠᠶᠢᠳᠠᠯ ᠢ ᠨᠢᠭᠡᠳᠦᠯᠲᠡᠢ ᠲᠥᠯᠥᠪᠵᠢᠭᠦᠯᠵᠦ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠵᠤ᠂ | ᠭᠠᠪᠢᠶ᠎ᠠ ᠵᠢᠳᠬᠦᠯ ᠳᠤ ᠰᠢᠨᠤᠬᠠᠶᠢᠷᠠᠨ ᠭᠡᠨᠡᠨ ᠢᠶᠠᠷ ᠤᠷᠤᠭᠰᠢᠯᠠᠬᠤ ᠦᠭᠡᠢ᠂ ᠢᠷᠡᠬᠦ ᠵᠢᠯ ᠤᠨ ᠬᠦᠨᠡᠰᠦ ᠪᠠᠨ ᠡᠨᠡ ᠵᠢᠯ ᠳᠡᠭᠡᠨ ᠢᠳᠡᠬᠦ ᠦᠭᠡᠢ ᠮᠥᠷᠲᠡᠭᠡᠨ ᠨᠡᠩ ᠴᠤ | ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠬᠤ ᠦᠭᠡᠢ ᠪᠠᠶᠢᠵᠤ᠂ ᠣᠳᠣᠬᠢᠴᠢᠯᠠᠯᠲᠠ ᠵᠦᠭ ᠯᠠᠪᠳᠠᠭᠤᠨ ᠪᠠᠲᠤᠲᠠᠢ ᠪᠠᠷ ᠤᠷᠤᠭᠰᠢᠯᠠᠬᠤ ᠬᠡᠷᠡᠭᠲᠡᠢ︔ | ᠪᠢᠳᠡ ᠡᠷᠬᠡᠪᠰᠢ ᠰᠢᠢᠳᠪᠦᠷᠢᠯᠡᠵᠤ ᠲᠡᠶᠢᠯᠬᠦ ᠰᠡᠳᠬᠢᠬᠦᠢ ᠪᠠᠨ ᠪᠠᠲᠤᠳᠬᠠᠵᠤ᠂ ᠵᠣᠷᠢᠭᠲᠠᠢ ᠪᠦᠭᠡᠳ ᠴᠢᠳᠠᠮᠠᠭᠠᠢ ᠪᠠᠷ ᠰᠡᠳᠦᠪ ᠢ ᠵᠠᠳᠠᠯᠵᠤ᠂ ᠬᠦᠴᠢᠷ ᠪᠡᠷᠬᠡᠰᠢᠶᠡᠯ ᠳᠤ | ᠰᠢᠯᠲᠠᠭ ᠡᠷᠢᠬᠦ ᠦᠭᠡᠢ᠂ ᠠᠮᠵᠢᠯᠲᠠ ᠪᠦᠳᠦᠮᠵᠢ ᠤᠯᠬᠤ ᠪᠠᠷ ᠢᠯᠡᠭᠦᠬᠡᠨ ᠠᠷᠭ᠎ᠠ ᠪᠤᠳᠤᠵᠤ᠂ ᠳᠤᠲᠠᠭᠤᠳᠠᠯ ᠪᠠᠭᠤᠷᠠᠢ ᠵᠦᠢᠯ ᠳᠤ ᠪᠠᠨ ᠲᠠᠭᠠᠷᠠᠭᠤᠯᠤᠨ᠂ ᠬᠦᠯᠢᠶᠡᠵᠦ | ᠳᠡᠶᠢᠯᠬᠦ ᠦᠭᠡᠢ᠂ ᠤᠳᠠᠭᠠᠰᠢᠷᠠᠭᠤᠯᠵᠤ ᠪᠤᠯᠬᠤ ᠦᠭᠡᠢ ᠡᠷᠴᠢ ᠵᠣᠷᠢᠭ ᠢᠶᠠᠷ ᠲᠦᠷᠦ ᠶᠢᠨ ᠪᠣᠳᠣᠯᠭ᠎ᠠ ᠂ ᠲᠦᠷᠦᠯ ᠵᠦᠢᠯ ᠢ ᠲᠡᠮᠡᠴᠡᠨ ᠣᠯᠵᠤ᠂ ᠳᠠᠪᠠᠭᠤᠯᠢᠭ ᠢᠶᠠᠨ | ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠪᠢᠳᠡ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ | ᠪᠣᠯᠭᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠭᠡ ᠲᠣᠬᠢᠶᠠᠯᠳᠤᠮᠵᠢ ᠶᠢᠨ ᠰᠡᠳᠬᠢᠬᠦᠢ ᠪᠠᠷ ᠪᠠᠭ᠎ᠠ | ᠲᠣᠬᠢᠶᠠᠯᠳᠤᠮᠵᠢ ᠶᠢᠨ ᠬᠡᠷᠡᠭ ᠢ ᠠᠷᠭᠠᠴᠠᠭᠠᠵᠤ᠂ ᠲᠣᠭᠲᠠᠭᠠᠯᠲᠤ ᠴᠢᠨᠠᠷᠲᠠᠢ ᠠᠷᠭ᠎ᠠ ᠬᠡᠮᠵᠢᠶ᠎ᠡ ᠪᠠᠷ ᠲᠣᠭᠲᠠᠭᠠᠯᠲᠤ ᠪᠤᠰᠤ ᠴᠢᠨᠠᠷᠲᠠᠢ ᠬᠤᠪᠢᠷᠠᠯᠲᠠ ᠶᠢ ᠠᠷᠭᠠᠴᠠᠭᠠᠵᠤ ᠂ | ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ | ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠨᠠᠩ ᠶᠡᠭᠡ ᠡᠷᠴᠢᠮ ᠢᠶᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ᠂ ᠭᠤᠷᠪᠠᠨ ᠠᠵᠤ ᠦᠢᠯᠡᠰ ᠤᠨ ᠬᠠᠮᠵᠢᠯᠴᠠᠨ ᠬᠥᠭᠵᠢᠬᠦ | ᠤᠷᠠᠳ ᠤᠨ ᠳᠤᠮᠳᠠᠳᠤ ᠬᠤᠰᠢᠭᠤᠨ ᠤ ᠬᠤᠷᠳᠤᠴᠠ ᠶᠢ ᠲᠦᠷᠭᠡᠳᠬᠡᠨ᠎ᠡ᠃ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠪᠣᠯ ᠴᠢᠨᠠᠷ ᠰᠠᠶᠢᠲᠠᠢ | ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠮᠥᠨ ᠃ ᠪᠢᠳᠡ ᠬᠥᠳᠡᠯᠭᠡᠬᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠂ ᠦᠷ᠎ᠡ ᠠᠰᠢᠭ ᠤᠨ | ᠬᠤᠪᠢᠰᠤᠯᠲᠠ ᠶᠢ ᠠᠬᠢᠭᠤᠯᠵᠤ ᠂ ᠤᠯᠠᠮᠵᠢᠯᠠᠯᠲᠤ ᠦᠢᠯᠡᠳᠪᠦᠷᠢᠯᠡᠯ ᠤᠨ ᠴᠢᠳᠠᠪᠤᠷᠢ ᠶᠢ ᠠᠮᠢᠵᠢᠷᠠᠯ ᠤᠨ ᠬᠦᠴᠦᠨ ᠲᠠᠢ ᠪᠤᠯᠭᠠᠨ ᠂ ᠰᠢᠨ᠎ᠡ ᠬᠥᠳᠡᠯᠭᠡᠬᠦ ᠬᠦᠴᠦᠨ ᠢᠶᠠᠷ | ᠭᠤᠣᠯ ᠲᠤᠯᠭᠠᠭᠤᠷᠢᠯᠠᠯ ᠪᠣᠯᠭᠠᠨ᠎ᠠ ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ ᠃ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠦᠲᠦᠮᠵᠢᠲᠡᠶ | ᠪᠡᠯᠡ ᠣᠷᠣᠭᠤᠯᠤᠯᠲᠠ ᠶᠢᠨ ᠣᠷᠣᠨ ᠵᠠᠢ ᠶᠢ ᠥᠷᠭᠡᠳᠬᠡᠵᠦ ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ ᠃ | ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠭᠡᠷ᠎ᠡ ᠲᠣᠭᠲᠠᠬᠤ + ᠲᠥᠪᠯᠡᠷᠡᠭᠦᠯᠦᠨ ᠠᠵᠢᠯ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠲᠥᠷᠥᠯ ᠵᠦᠢᠯ ᠤᠨ ᠲᠤᠬᠢᠷᠠᠭᠤᠯᠤᠨ ᠠᠬᠢᠭᠤᠯᠬᠤ ᠡᠷᠴᠢᠮ ᠢ ᠴᠢᠩᠭᠠᠷᠠᠭᠤᠯᠤᠨ᠂ ᠲᠥᠷᠥᠯ ᠵᠦᠢᠯ ᠢ ᠵᠥᠪᠳᠡᠯᠴᠡᠨ ᠬᠡᠯᠡᠯᠴᠡᠵᠦ ᠭᠡᠷ᠎ᠡ ᠲᠤᠭᠳᠠᠪᠠᠯ᠂ ᠲᠠᠷᠤᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠤᠨ᠎ᠠ᠃ ᠬᠤᠸᠠ ᠴᠢ᠂ ᠬᠠᠯᠢᠭᠤᠳᠤ | ᠪᠠᠯᠭᠠᠰᠤ ᠶᠢᠨ ᠬᠠᠭᠤᠴᠢᠨ ᠬᠤᠷᠢᠶᠠᠯᠠᠯ ᠤᠨ ᠰᠠᠭᠤᠷᠢ ᠲᠦᠬᠦᠭᠡᠷᠦᠮᠵᠢ᠂ ᠭᠠᠭᠴᠠᠮᠤᠳᠤ ᠪᠠᠯᠭᠠᠰᠤ ᠶᠢᠨ ᠬᠠᠭᠤᠴᠢᠨ ᠠᠮᠢᠳᠤᠷᠠᠯ ᠤᠨ ᠲᠣᠭᠤᠷᠢᠭ ᠢ ᠨᠤᠷᠠᠭᠠᠵᠤ | ᠨᠡᠭᠦᠯᠭᠡᠬᠦ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠤᠨᠢ ᠠᠭᠤᠯᠠ ᠶᠢᠨ ᠠᠷᠤ ᠬᠤᠷᠮᠣᠢ ᠶᠢ | ᠶᠡᠷᠦᠩᠬᠡᠶᠢᠯᠡᠨ ᠵᠠᠰᠠᠬᠤ᠂ ᠬᠤᠩᠭᠤᠷ ᠤᠰᠤᠨ ᠴᠥᠭᠦᠷᠥᠮ ᠠᠴᠠ ᠬᠠᠢ ᠮᠢᠩ ᠠᠭᠤᠷᠬᠠᠢ ᠶᠢᠨ ᠦᠢᠯᠡᠰ ᠬᠦᠷᠬᠦ ᠤᠰᠤ ᠬᠠᠩᠭᠠᠬᠤ ᠢᠨᠵᠧᠨᠧᠷᠢᠩ᠂ ᠴᠢ ᠪᠢᠨ 140 | ᠲᠦᠮᠡᠨ ᠲᠣᠨ ᠬᠡᠷᠡᠯ ᠸᠣᠯᠲ ᠤᠨ ᠰᠢᠯ ᠵᠢᠴᠢ 300 ᠲᠦᠮᠡᠨ ᠲᠣᠨ ᠴᠠᠬᠢᠭᠤᠷ ᠡᠯᠡᠰᠦ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠲᠦᠷᠭᠡᠬᠡᠨ ᠠᠵᠢᠯ | ᠡᠬᠢᠯᠡᠭᠦᠯᠬᠦ ᠶᠢ ᠠᠬᠢᠭᠤᠯᠤᠨ᠎ᠠ᠃ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠶ᠂ | ᠮᠣᠷᠢᠲᠤ ᠴᠡᠷᠢᠭ ᠤᠨ ᠴᠡᠷᠢᠭ ᠤᠨ ᠶᠠᠪᠤᠳᠠᠯ ᠤᠨ ᠰᠣᠶᠣᠯ ᠢ ᠥᠷᠭᠡᠳᠬᠡᠨ ᠣᠶᠢᠯᠠᠭᠠᠬᠤ ᠬᠦᠷᠢᠶᠡᠯᠡᠩ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ ᠠᠬᠢᠭᠤᠯᠤᠨ᠎ᠠ᠃ ᠠᠵᠤ ᠦᠢᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠤᠨ ᠠᠷᠠᠯᠵᠢᠶᠠᠴᠢᠨ ᠤᠷᠢᠬᠤ᠂ ᠴᠡᠭ ᠲᠤ | ᠰᠠᠭᠤᠵᠤ ᠠᠷᠠᠯᠵᠢᠶᠠᠴᠢᠨ ᠤᠷᠢᠬᠤ ᠂ ᠬᠤᠳᠠᠯᠳᠤᠭᠠᠴᠢᠳ ᠤᠨ ᠨᠡᠶᠢᠭᠡᠮᠯᠢᠭ ᠤᠨ ᠠᠷᠠᠯᠵᠢᠶᠠᠴᠢᠨ ᠤᠷᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷ᠎ᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠷᠠᠯᠵᠢᠶᠠᠴᠢᠨ ᠤᠷᠢᠬᠤ ᠲᠥᠷᠥᠯ ᠵᠦᠢᠯ ᠢ 8 ᠶᠢ ᠰᠢᠨ᠎ᠡ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠣᠷᠣᠨ ᠤ ᠭᠠᠳᠠᠨᠠᠬᠢ ᠪᠡᠯᠡ ᠮᠥᠩᠭᠦ ᠶᠢ 36 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠬᠦᠯᠦᠨ᠂ ︽ ᠪᠡᠯᠡ ᠤᠷᠤᠭᠤᠯᠤᠯᠳᠠ ᠪᠦᠳᠦᠭᠡᠨ ᠪᠠᠶᠢᠭᠤᠯᠤᠯᠳᠠ ᠲᠡᠭᠡᠭᠡᠪᠤᠷᠢ ᠶᠢ | ᠨᠢᠭᠡ ᠴᠣᠭᠴᠠᠵᠢᠭᠤᠯᠬᠤ︾ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ 34.43 ᠲᠦᠮᠡᠨ ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ 8 ᠲᠦᠮᠡᠨ ᠮᠦ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ | ᠠᠰᠢᠭᠯᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠶᠢ 14.3 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ 9 | ᠲᠦᠮᠡᠨ ᠮᠦ ᠪᠤᠭᠤᠳᠠᠢ ᠲᠠᠷᠢᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 100 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ 12.6 ᠲᠦᠮᠡᠨ ᠮᠦ | ᠡᠪᠡᠰᠦ ᠪᠣᠷᠳᠤᠭ᠎ᠠ ᠳᠠᠷᠢᠵᠤ᠂ 2 ᠰᠠᠭᠤᠷᠢ ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠨᠢᠭᠡ ᠪᠠᠯᠭᠠᠰᠤ ᠨᠢᠭᠡ ᠨᠡᠷᠡᠳᠤ | ᠪᠦᠲᠦᠭᠡᠭᠳᠡᠬᠦᠨ︾ ᠤ ᠪᠥᠬᠦ ᠠᠵᠤ ᠦᠢᠯᠡᠰ ᠤᠨ ᠭᠡᠯᠬᠢᠶᠡᠵᠢᠯ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ︽ᠤᠷᠠᠳ ᠨᠤᠲᠤᠭ ᠤᠨ ᠠᠮᠳᠠᠳᠤ ᠢᠳᠡᠭᠡᠨ︾ ᠤ | ᠣᠯᠠᠨ ᠤᠯᠤᠰ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠮᠦᠶᠠᠩᠬᠠᠢ ᠶᠢᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠬ᠎ᠠ ᠭᠤᠤᠯ ᠤᠨ ᠬᠠᠭᠤᠷᠠᠢ ᠲᠠᠷᠢᠶᠠᠨ ᠤ ᠤᠷᠭᠠᠨᠢᠭ | ᠪᠤᠭᠤᠳᠠᠢ ᠶᠢᠨ ᠪᠦᠬᠦ ᠠᠵᠤ ᠦᠢᠯᠡᠰ ᠤᠨ ᠭᠡᠯᠬᠢᠶᠡᠵᠢᠯ ᠤᠨ ᠦᠢᠯᠡᠳᠪᠦᠷᠢᠯᠠᠨ ᠪᠤᠯᠪᠠᠰᠤᠷᠠᠭᠤᠯᠬᠤ ᠬᠦᠷᠢᠶᠡᠯᠡᠩ᠂ ᠬᠠᠯᠢᠭᠤᠳᠤ ᠶᠢᠨ ᠣᠶᠤᠨᠴᠢ ᠲᠦᠬᠦᠭᠡᠷᠦᠮᠵᠢᠳᠤ | ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ 12 ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ︽ᠤᠷᠠᠳ ᠨᠤᠲᠤᠭ ᠤᠨ ᠠᠮᠳᠠᠳᠤ | ᠢᠳᠡᠭᠡᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ ᠬᠠᠮᠲᠤ ᠶᠢᠨ ᠲᠠᠸᠠᠷ ᠤᠨ ᠲᠡᠮᠳᠡᠭ ᠢ ᠳᠠᠩᠰᠠᠯᠠᠭᠤᠯᠵᠤ᠂ | ᠤᠯᠤᠰ ᠤᠨ ᠪᠣᠬᠢᠷᠲᠤᠯ ᠦᠭᠡᠢ ᠢᠳᠡᠭᠡᠨ 1᠂ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 3᠂ ᠥᠪᠡᠷᠲᠡᠭᠡᠨ ᠵᠠᠰᠠᠬᠤ | ᠣᠷᠣᠨ ᠤ ︽ᠮᠣᠩᠭᠤᠯ︾ ᠥᠰᠥᠭ ᠤᠨ ᠲᠡᠮᠳᠡᠭᠲᠦ ᠪᠦᠲᠦᠭᠡᠭᠳᠡᠬᠦᠨ ᠢ 1 ᠭᠡᠷᠡᠴᠢᠯᠡᠬᠦ ᠪᠠᠷ ᠮᠡᠳᠡᠭᠦᠯᠦᠨ᠎ᠡ᠃ | ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠬᠦᠴᠦᠲᠡᠢ ᠠᠬᠢᠭᠤᠯᠤᠨ᠎ᠠ᠃ ᠰᠢᠨ᠎ᠡ ᠡᠨᠧᠷᠭᠢ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠮᠠᠶ᠋ᠢᠭ ᠤᠨ | ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠤᠯᠠᠮᠵᠢᠯᠠᠯᠲᠤ ᠠᠵᠤ ᠦᠢᠯᠡᠰ ᠢ ᠲᠠᠰ ᠳᠡᠪᠰᠢᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠱᠧᠨ ᠬᠤᠸᠠ ᠶᠢᠨ | ᠬᠡᠦᠷᠡᠰᠦᠨ ᠵᠤᠤᠬ᠎ᠠ ᠶᠢᠨ ᠬᠠᠭᠤᠷᠠᠢ ᠪᠠᠷ ᠬᠡᠦᠷᠡᠰᠦ ᠤᠨᠲᠠᠷᠠᠭᠠᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠲᠠᠢ ᠫᠢᠩ ᠠᠭᠤᠷᠬᠠᠢ ᠶᠢᠨ ᠦᠢᠯᠡᠰ ᠪᠠ ᠵᠣ᠋ | ᠡᠾᠧ ᠮᠥᠩᠭᠦᠨ ᠤ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠪᠤᠯᠪᠠᠰᠤᠷᠠᠭᠤᠯᠤᠯᠳᠠ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠪᠠᠷ | ᠴᠢᠷᠮᠠᠶᠢᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠠᠬᠤᠶᠢᠯᠠᠯ 6 ᠶᠢ ᠰᠢᠨ᠎ᠡ ᠪᠠᠷ ᠨᠡᠮᠡᠭᠳᠡᠭᠦᠯᠵᠦ᠂ ᠪᠣᠬᠢᠷᠲᠤᠯ ᠦᠭᠡᠢ ᠦᠢᠯᠡᠳᠪᠦᠷᠢ 2᠂ ᠪᠣᠬᠢᠷᠲᠤᠯ ᠦᠭᠡᠢ | ᠪᠦᠲᠦᠭᠡᠭᠳᠡᠬᠦᠨ 1 ᠶᠢ ᠬᠦᠭᠵᠢᠬᠦᠯᠦᠨ᠎ᠡ᠃ ᠱᠧᠨ ᠬᠤᠸᠠ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠱᠤᠭᠤᠮ ᠵᠡᠷᠭᠡ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ | ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠳᠣᠣᠷᠠᠳᠤ ᠤᠷᠤᠰᠬᠠᠯ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢ ᠲᠦᠷᠭᠡᠳᠬᠡᠨ ᠬᠦᠭᠵᠢᠬᠦᠯᠦᠨ᠎ᠡ᠃ ᠮᠧᠩ | ᠨᠧᠩ 50 ᠲᠦᠮᠡᠨ ᠺᠢᠯᠣᠸᠠᠲ ᠤᠨ ᠠᠮᠢᠳᠤᠯᠢᠭ ᠴᠢᠨᠠᠷᠲᠠᠢ ᠪᠠᠷ ᠪᠣᠬᠢᠷᠲᠤᠯ ᠦᠭᠡᠢ ᠴᠠᠬᠢᠯᠭᠠᠨ ᠬᠠᠩᠭᠠᠬᠤ᠂ 150 ᠲᠦᠮᠡᠨ ᠺᠢᠯᠣᠸᠠᠲ ᠤᠨ ᠰᠠᠯᠬᠢᠨ ᠬᠦᠴᠦᠨ ᠤ | ᠨᠥᠭᠡᠴᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠵᠠᠮ ᠢ ᠰᠠᠭᠠᠳ ᠦᠭᠡᠢ | ᠨᠠᠪᠲᠠᠷᠡᠭᠦᠯᠵᠦ᠂ ᠰᠢᠶᠣᠣ ᠯᠦᠩ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠳᠡᠮᠵᠢᠵᠦ᠂ ᠪᠤᠯᠪᠠᠰᠤᠷᠠᠭᠤᠯᠤᠯᠳᠠ ᠶᠢᠨ | ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠡᠬᠢ ᠰᠤᠷᠪᠤᠯᠵᠢ᠂ ᠲᠣᠤᠷ ᠰᠦᠯᠵᠢᠶ᠎ᠡ᠂ ᠠᠴᠢᠶᠠᠯᠠᠪᠤᠷᠢ ᠲᠠᠭᠠᠭᠠᠴᠠ᠂ ᠨᠦᠬᠡᠴᠡ ᠬᠠᠳᠠᠭᠠᠯᠠᠮᠵᠢ ᠶᠢᠨ | ᠪᠥᠬᠦ ᠠᠵᠤ ᠦᠢᠯᠡᠰ ᠤᠨ ᠭᠡᠯᠬᠢᠶᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠱᠠᠩᠬᠠᠢ ᠶᠢᠨ ᠶᠤᠸᠠᠨ ᠬᠤᠸᠠᠩ ᠰᠠᠯᠬᠢᠨ ᠢᠯᠴᠢ ᠶᠢᠨ ᠬᠦᠴᠦᠨ ᠤ ᠤᠰᠤᠲᠥ᠋ᠷᠥᠭᠴᠢ | ᠦᠢᠯᠡᠳᠬᠦ 100 ᠲᠦᠮᠡᠨ ᠲᠣᠨ ᠪᠣᠬᠢᠷᠲᠤᠯ ᠦᠭᠡᠢ ᠮᠧᠲ᠋ᠢᠯ ᠠᠯᠺᠣᠣᠯ᠂ ᠶᠤᠸᠠᠨ ᠵᠢᠩ ᠤᠨ ᠵᠢᠯ ᠳᠤ 100 ᠲᠦᠮᠡᠨ ᠲᠣᠨ ᠲᠡᠭ ᠨᠡᠭᠦᠷᠡᠰᠦᠲᠥ᠋ᠷᠥᠭᠴᠢᠲᠦ | ᠲᠡᠮᠦᠷ ᠤᠨ ᠬᠠᠶᠢᠯᠤᠰᠢ ᠦᠢᠯᠡᠳᠪᠦᠷᠢᠯᠡᠬᠦ᠂ ᠱᠠᠩᠬᠠᠢ ᠵᠥᠩ ᠪᠥᠸᠧ ᠶᠢᠨ 90 ᠲᠦᠮᠡᠨ ᠲᠣᠨ ᠵᠡᠰ ᠠᠯᠲᠠ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠵᠢᠯ ᠤᠨ | ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠵᠤ᠂ ᠦ᠋ ᠯᠢᠩ ᠵᠥᠩ ᠵᠧᠦ ᠶᠢᠨ 10 ᠲᠦᠮᠡᠨ ᠲᠣᠨ ᠣᠯᠠᠨ ᠲᠠᠯᠠᠰᠲᠤ ᠴᠠᠬᠢᠭᠤᠷ ᠪᠣᠯᠣᠨ 15 ᠲᠦᠮᠡᠨ ᠲᠣᠨ ᠠᠵᠤ | ᠦᠢᠯᠡᠳᠪᠦᠷᠢ ᠶᠢᠨ ᠴᠠᠬᠢᠭᠤᠷ ᠵᠢᠴᠢ 1.8 GW ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠮᠢᠶᠠᠨᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ 10 | ᠲᠦᠮᠡᠨ ᠲᠣᠨ ᠴᠡᠪᠡᠷ ᠵᠡᠰ ᠤᠨ ᠣᠷᠴᠢᠯ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠭᠴᠠᠮᠤᠳᠤ ᠬᠢᠯᠢ ᠶᠢᠨ ᠪᠣᠭᠤᠮᠲᠠ ᠶᠢᠨ | ᠪᠤᠯᠪᠠᠰᠤᠷᠠᠭᠤᠯᠤᠯᠳᠠ ᠶᠢᠨ ᠲᠤᠭᠤᠷᠢᠭ ᠢ ᠥᠷᠭᠡᠳᠬᠡᠨ ᠭᠡᠪᠴᠢᠶᠠᠵᠢᠯ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ | ᠠᠳᠬᠤᠵᠤ᠂ ︽ᠨᠢᠭᠡ ᠲᠣᠭᠤᠷᠢᠭ ᠬᠤᠶᠠᠷ ᠬᠦᠷᠢᠶᠡᠯᠡᠩ︾ ᠢ ᠭᠤᠶᠤᠴᠢᠯᠠᠨ ᠮᠡᠳᠡᠭᠦᠯᠬᠦ ᠶᠢ ᠲᠦᠷᠭᠡᠳᠭᠡᠨ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ | ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠢ ᠮᠠᠭᠠᠳᠯᠠᠨ ᠲᠣᠭᠲᠠᠭᠠᠬᠤ ᠶᠢ ᠤᠷᠤᠭᠰᠢᠲᠠᠢ ᠥᠩᠭᠡᠷᠡᠭᠦᠯᠵᠦ᠂ ᠪᠤᠯᠪᠠᠰᠤᠷᠠᠭᠤᠯᠤᠯᠳᠠ ᠶᠢᠨ ᠲᠣᠭᠤᠷᠢᠭ ᠤᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠤᠣᠯ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠢᠵᠢ ᠪᠦᠷᠢᠳᠦᠭᠦᠯᠬᠦ ᠵᠢᠴᠢ ᠪᠠᠷᠢᠮᠵᠢᠶ᠎ᠠ ᠶᠢ ᠳᠡᠭᠡᠭᠰᠢᠯᠡᠭᠦᠯᠬᠦ | ᠢᠨᠵᠧᠨᠧᠷᠢᠩ᠂ ᠠᠵᠤ ᠦᠢᠯᠡᠳᠪᠦᠷᠢ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ | ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠠᠪᠴᠤ᠂ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠭᠠᠵᠠᠷ ᠰᠢᠷᠣᠢ ᠶᠢ ᠰᠤᠯᠠᠯᠠᠨ ᠪᠤᠴᠠᠭᠠᠬᠤ᠂ | ᠤᠷᠤᠴᠠ ᠭᠠᠷᠴᠠ ᠪᠠ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠭᠠᠵᠠᠷ ᠬᠡᠷᠡᠭᠯᠡᠬᠦ ᠣᠷᠣᠨ ᠵᠠᠢ ᠶᠢ ᠥᠷᠭᠡᠳᠬᠡᠨ᠂ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠠᠴᠢᠶᠠᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠦᠴᠦᠨ ᠢᠶᠠᠨ ᠲᠥᠪᠯᠡᠷᠡᠭᠦᠯᠦᠨ ᠪᠣᠬᠢᠷᠲᠤᠯ ᠦᠭᠡᠢ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ︽ᠪᠥᠬᠦ ᠬᠡᠯᠬᠢᠶᠡᠵᠢᠯ︾ ᠢ ᠲᠠᠰ ᠳᠡᠪᠰᠢᠭᠦᠯᠵᠦ᠂ | ᠭᠡᠪᠴᠢᠶᠡᠵᠢᠯ ᠠᠴᠠ ᠲᠡᠭᠡᠭᠰᠢᠬᠢ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ 3 ᠶᠢ ᠰᠢᠨ᠎ᠡ ᠪᠠᠷ ᠨᠡᠮᠡᠭᠳᠡᠭᠦᠯᠦᠨ᠂ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ | ᠪᠣᠬᠢᠷᠲᠤᠯ ᠦᠭᠡᠢ᠂ ᠡᠷᠴᠢᠮᠵᠢᠭᠦᠯᠬᠦ᠂ ᠵᠢᠷᠤᠮᠵᠢᠭᠤᠯᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠠᠮᠢᠳᠤᠯᠢᠭ ᠪᠣᠯᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠠᠭᠤᠯᠭ᠎ᠠ ᠶᠢ ᠭᠦᠨᠵᠡᠭᠡᠢ ᠨᠡᠭᠡᠭᠡᠨ ᠬᠥᠭᠵᠢᠭᠦᠯᠵᠦ ᠂ ᠴᠤᠩᠵᠢ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠥᠨᠳᠥᠷ ᠲᠦᠪᠰᠢᠨ ᠢᠶᠠᠷ ᠡᠵᠡᠩᠨᠡᠵᠦ ᠂ ᠤᠤᠪᠤᠯᠠᠭ ᠤᠨ ᠠᠮᠠ ᠶᠢᠨ ᠶᠠᠫᠤᠨ ᠢ ᠡᠰᠡᠷᠭᠦᠴᠡᠬᠦ | ᠳᠤᠷᠠᠰᠬᠠᠯ ᠤᠨ ᠣᠷᠳᠣᠨ ᠢ ᠪᠦᠳᠦᠭᠡᠨ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂ ᠪᠦᠬᠦ ᠤᠯᠤᠰ ᠤᠨ ᠬᠠᠮᠤᠭ ᠤᠨ ᠲᠣᠮᠣ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠡᠷ ᠤᠨ ᠭᠠᠳᠠᠨᠠᠬᠢ ᠰᠤᠷᠢᠯᠳᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠲᠠᠰ ᠤᠨ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ︽ ᠬᠤᠪᠢᠰᠬᠠᠯᠳᠤ ᠤᠮᠠᠷᠠᠲᠤ ᠬᠢᠯᠢ ᠂ ᠪᠣᠳᠠᠰ ᠤᠨ ᠪᠤᠰᠤ ᠰᠣᠶᠣᠯ ᠤᠨ ᠥᠪ ᠤᠨ ᠨᠠᠭᠠᠳᠤᠮ︾ ᠤᠨ ᠥᠨᠢᠳᠡ ᠶᠢᠨ ᠳᠠᠭᠠᠭᠠᠨ ᠡᠷᠭᠢᠯᠡᠬᠦ | ᠭᠠᠵᠠᠷ ᠢᠶᠠᠷ ᠭᠤᠶᠤᠴᠢᠯᠠᠨ ᠮᠡᠳᠡᠭᠦᠯᠵᠦ᠂ ᠤᠮᠠᠷᠠᠲᠤ ᠬᠢᠯᠢ ᠶᠢᠨ ᠰᠣᠶᠣᠯ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠤᠨ᠂ ᠤᠮᠠᠷᠠᠲᠤ ᠬᠢᠯᠢ ᠶᠢᠨ ᠰᠣᠶᠣᠯ ᠢ ᠠᠮᠢᠳᠤᠯᠢᠭ ᠂ ᠬᠥᠭᠵᠢᠭᠡᠨ ᠲᠠᠢ ᠪᠣᠯᠭᠠᠨ᠎ᠠ᠃ ᠥᠨᠳᠥᠷ ᠣᠭᠲᠠᠷᠭᠤᠢ ᠠᠴᠠ ᠰᠢᠬᠦᠷ ᠢᠶᠠᠷ ᠪᠠᠭᠤᠬᠤ ᠰᠢᠷᠢᠰ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ︽ᠲᠠᠯ᠎ᠠ ᠨᠤᠲᠤᠭ ᠤᠨ ᠦᠨᠳᠦᠷ ᠤᠭᠳᠠᠷᠭᠤᠢ ᠠᠴᠠ ᠰᠢᠬᠦᠷ ᠢᠶᠠᠷ ᠪᠠᠭᠤᠬᠤ︾ ᠶᠢ ᠬᠡᠷᠡᠭᠯᠡᠭᠡᠨ ᠤ ᠰᠢᠨ᠎ᠡ | ᠨᠡᠮᠡᠭᠳᠡᠯ ᠤᠨ ᠴᠡᠭ ᠪᠣᠯᠭᠠᠨ᠎ᠠ᠃ ᠲᠤᠤᠷ᠎ᠠ ᠠᠭᠠᠷ ᠤᠨ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠰᠦᠪᠡᠭᠴᠢᠯᠡᠨ ᠬᠥᠭᠵᠢᠭᠦᠯᠦᠨ᠎ᠡ ᠃ ︽ᠵᠢᠭᠤᠯᠴᠢᠯᠠᠯ +︾ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠬᠠᠯᠢᠭᠤᠳᠤ ᠶᠢᠨ ᠠᠮᠢ ᠠᠬᠤᠢ ᠶᠢᠨ ᠬᠦᠷᠢᠶᠡᠯᠡᠩ ᠤᠨ 3A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠴᠤᠩᠵᠢ ᠶᠢ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠣᠶᠣᠯ ᠵᠢᠭᠤᠯᠴᠢᠯᠠᠯ ᠤᠨ ᠥᠪᠡᠷᠮᠢᠴᠡ ᠤᠨᠴᠠᠯᠢᠭᠳᠤ ᠵᠢᠵᠢᠭ ᠪᠠᠯᠭᠠᠰᠤ ᠪᠤᠯᠭᠠᠨ ᠴᠣᠭᠴᠠᠯᠠᠨ ᠪᠠᠶᠢᠭᠤᠯᠤᠨ᠎ᠠ᠃ | ᠨᠡᠶᠢᠭᠡᠮ ᠤᠨ ᠬᠥᠷᠥᠩᠭᠡ ᠶᠢ ᠣᠷᠣᠭᠤᠯᠤᠨ᠂ ᠲᠡᠳ᠋ ᠥᠨᠳᠦᠷᠯᠢᠭ ᠤᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ | ᠪᠦᠳᠦᠭᠡᠨ᠎ᠡ᠃ ᠬᠤᠷᠳᠤᠨ ᠮᠤᠷᠢᠨ ᠤ ᠤᠷᠤᠯᠳᠤᠭᠠᠨ ᠤ ᠲᠤᠷᠰᠢᠯᠲᠠ ᠶᠢᠨ ᠴᠡᠭ ᠢ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠂ ᠵᠢᠭᠤᠯᠴᠢᠯᠠᠭᠰᠠᠳ ᠤᠨ ᠪᠠᠭ᠋ᠠᠷᠤᠯ ᠢ ᠲᠠᠲᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠲᠤᠷᠰᠢᠯᠲᠠ ᠶᠢᠨ | ᠰᠢᠶᠠᠨ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠷᠠᠯᠵᠢᠶᠠᠨ ᠤ ᠬᠡᠮᠵᠢᠶ᠎ᠡ ᠶᠢ | 2.4 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠬᠤᠶᠠᠷ︶ ᠨᠠᠩ ᠶᠡᠭᠡ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ | ᠬᠥᠭᠵᠢᠭᠡᠭᠰᠡᠨ ᠤᠷᠠᠳ ᠤᠨ ᠳᠤᠮᠳᠠᠳᠤ ᠬᠤᠰᠢᠭᠤᠨ ᠤ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠥᠭᠡᠷᠡᠴᠢᠯᠡᠯᠲᠡ ᠨᠡᠭᠡᠭᠡᠯᠲᠡ ᠪᠣᠯ ᠠᠵᠢᠯ ᠦᠢᠯᠡᠰ ᠤᠨ | ᠬᠥᠭᠵᠢᠯᠲᠡ ᠲᠠᠪᠰᠢᠯᠳᠠ ᠶᠢᠨ ᠠᠮᠢᠵᠢᠷᠠᠯ ᠤᠨ ᠬᠦᠴᠦᠨ ᠤ ᠡᠬᠢ ᠰᠤᠷᠪᠤᠯᠵᠢ ᠪᠠ ᠴᠢᠬᠤᠯᠠ ᠡᠷᠳᠡᠨᠢ ᠮᠥᠨ ᠃ ᠪᠢᠳᠡ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠦᠭᠡᠯᠡᠵᠦ ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠵᠣᠭᠰᠣᠰᠢ ᠦᠭᠡᠢ ᠬᠢᠵᠦ ᠂ ᠰᠢᠨ᠎ᠡ ᠴᠠᠭ ᠦᠶ᠎ᠡ ᠶᠢᠨ | ᠥᠭᠡᠷᠡᠴᠢᠯᠡᠯᠲᠡ ᠨᠡᠭᠡᠭᠡᠯᠲᠡ ᠶᠢᠨ ᠲᠠᠬᠢᠨ ᠤᠷᠤᠭᠰᠢᠯᠠᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠯ᠎ᠡ | ᠲᠦᠷᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢᠨ ᠦᠭᠡᠷᠡᠴᠢᠯᠡᠯᠳᠡ ᠶᠢ ᠪᠡᠶᠡᠯᠡᠬᠦᠯᠦᠨ᠎ᠡ᠃ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ ᠂ | EOD ᠂ EPC ᠵᠡᠷᠭᠡ ᠲᠦᠷᠦᠯ ᠵᠦᠢᠯ ᠤᠨ ᠪᠣᠭᠤᠳᠠᠯᠯᠠᠬᠤ ᠪᠦᠲᠦᠭᠡᠨ ᠪᠠᠶᠢᠭᠤᠯᠬᠤ ᠠᠵᠢᠯᠯᠠᠬᠤ ᠵᠠᠭᠪᠤᠷ ᠢ ᠰᠦᠪᠡᠭᠴᠢᠯᠡᠨ ᠠᠬᠢᠭᠤᠯᠤᠨ᠎ᠠ ᠃ ᠤᠯᠤᠰ ᠤᠨ | ᠦᠮᠴᠢᠯᠠᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ ᠂ ᠴᠠᠯᠢᠩ ᠬᠥᠯᠥᠰᠦ ᠶᠢ ᠲᠣᠬᠢᠷᠠᠭᠤᠯᠬᠤ ᠂ ᠠᠮᠵᠢᠯᠲᠠ ᠪᠦᠲᠦᠮᠵᠢ ᠶᠢ | ᠤᠷᠮᠠᠰᠢᠭᠤᠯᠬᠤ ᠂ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ | ᠵᠠᠬ᠎ᠠ ᠳᠡᠯᠭᠡᠭᠦᠷᠴᠢᠯᠡᠬᠦ ᠂ ᠲᠤᠰᠬᠠᠶᠢᠵᠢᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ᠎ᠡ᠃ ᠬᠤᠰᠢᠭᠤᠨ ᠤ ᠬᠠᠷᠢᠶ᠎ᠠ ᠶᠢᠨ ᠤᠯᠤᠰ ᠤᠨ ᠦᠮᠴᠢᠯᠠᠯᠳᠤ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ᠂ ᠬᠤᠷᠰᠢᠨ ᠪᠡᠯᠡ ᠣᠷᠣᠭᠤᠯᠬᠤ᠂ ᠴᠢᠬᠤᠯᠠ ᠨᠦᠬᠦᠴᠡᠯ ᠢᠶᠠᠷ ᠬᠤᠪᠢ ᠣᠷᠣᠭᠤᠯᠬᠤ ᠵᠡᠷᠭᠡ | ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠤᠯᠤᠰ ᠤᠨ ᠦᠮᠴᠢᠯᠡᠯᠳᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠤᠷᠤᠯᠴᠠᠨ᠂ ᠬᠤᠰᠢᠭᠤᠨ ᠤ ᠬᠠᠷᠢᠶ᠎ᠠ ᠶᠢᠨ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠡᠵᠡᠩᠨᠡᠯᠳᠡ | ᠶᠢᠨ ᠤᠷᠤᠯᠭ᠎ᠠ ᠶᠢ 4000 ᠲᠦᠮᠡᠨ ᠲᠦᠬᠦᠷᠢᠭ ᠠᠴᠠ ᠲᠡᠭᠡᠭᠰᠢ ᠬᠦᠷᠭᠡᠨ᠎ᠡ᠃ ᠨᠡᠶᠢᠭᠡᠮ ᠤᠨ ᠬᠥᠷᠥᠩᠭᠡ ᠶᠢ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ ᠂ | ᠲᠥᠪ ᠤᠨ ᠠᠵᠤ ᠠᠬᠤᠶᠢᠯᠠᠯ ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠠᠴᠠ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠲᠤ ᠪᠡᠯᠡ ᠣᠷᠣᠭᠤᠯᠤᠨ | ᠪᠦᠲᠦᠭᠡᠨ ᠪᠠᠶᠢᠭᠤᠯᠬᠤ ᠶᠢ ᠲᠡᠮᠵᠢᠨ᠎ᠡ᠃ ᠡᠳ᠋ ᠤᠨ ᠵᠠᠰᠠᠭ ᠤᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ︽ᠬᠤᠶᠠᠷ ᠢ ᠲᠣᠬᠢᠶᠠᠯᠳᠤᠯ ᠢᠶᠠᠷ | ᠰᠤᠩᠭᠤᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠳᠤᠳᠠᠢ ᠶᠠᠪᠤᠭᠳᠠᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ ᠃ | ᠪᠥᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠵᠤ᠂ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ | ᠴᠢᠯᠦᠭᠡᠳᠡᠢ ᠶᠠᠪᠤᠯᠴᠠᠬᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ ᠢ ᠢᠳᠡᠪᠬᠢᠲᠡᠢ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠮᠡᠳᠡᠬᠦᠯᠦᠨ᠎ᠡ᠃ ᠬᠠᠯᠢᠭᠤᠳᠤ | ᠶᠢᠨ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠲᠡᠭᠡᠭᠡᠪᠦᠷᠢᠯᠡᠬᠦ ᠲᠣᠭᠤᠷᠢᠭ ᠂ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠣᠳᠣ ᠦᠶ᠎ᠡ ᠶᠢᠨ ᠪᠠᠷᠠᠭᠠᠨ ᠤ | ᠬᠦᠢᠯᠭᠡᠭᠡᠨ ᠤ ᠲᠤᠭᠤᠷᠢᠭ ᠤᠨ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠪᠠᠷᠠᠭᠠᠨ ᠤ ᠲᠥᠪᠯᠡᠷᠡᠭᠦᠯᠦᠨ ᠲᠠᠷᠬᠠᠭᠠᠬᠤ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠤ᠂ ᠭᠠᠭᠴᠠᠮᠤᠳᠤ ᠪᠠᠯᠭᠠᠰᠤ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠣᠭᠤᠷᠢᠭ ᠤᠨ ᠭᠤᠣᠯ ᠬᠡᠰᠡᠭ | ᠲᠣᠭᠤᠷᠢᠭ ᠤᠨ ᠢᠨᠵᠧᠨᠧᠷᠢᠩ ᠢ ᠵᠢᠯ ᠤᠨ ᠳᠣᠲᠣᠷ᠎ᠠ ᠪᠠᠶᠢᠭᠤᠯᠵᠤ ᠲᠠᠭᠤᠰᠬᠠᠬᠤ ᠪᠠᠷ ᠬᠦᠴᠦᠯᠡᠨ ᠴᠢᠷᠮᠠᠶᠢᠵᠤ᠂ ︽ᠬᠤᠶᠠᠷ ᠱᠤᠭᠤᠮ ᠭᠤᠷᠪᠠᠨ ᠲᠣᠭᠤᠷᠢᠭ︾ ᠤᠨ | ᠠᠵᠢᠯᠯᠠᠭᠠᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠵᠤ | ᠲᠣᠬᠢᠷᠠᠭᠤᠯᠬᠤ ᠲᠥᠪ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠶᠤᠨᠴᠢᠯᠠᠭᠰᠠᠨ ᠬᠢᠨᠠᠯᠲᠠ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠶᠢᠵᠢᠭᠤᠯᠤᠨ ᠬᠤᠪᠢᠶᠠᠷᠢᠯᠠᠬᠤ ᠰᠢᠨ᠎ᠡ | ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠭᠠᠷᠠᠮ ᠢ ᠨᠡᠪᠲᠡᠷᠡᠭᠦᠯᠬᠦ ᠵᠠᠰᠠᠮᠠᠯ ᠵᠠᠮ ᠤᠨ ᠡᠮᠦᠨᠡᠰᠢ ᠨᠡᠪᠳᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠠᠭᠴᠠᠮᠤᠳᠤ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠢᠯᠢ ᠶᠢᠨ ᠪᠣᠭᠤᠮᠲᠠ ᠶᠢᠨ ᠳᠦᠷᠢ ᠲᠥᠷᠬᠦ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠯ᠎ᠡ | ᠲᠦᠷᠦᠯ ᠤᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠷᠠᠯ ᠦᠵᠡᠰᠬᠦᠯᠡᠩ ᠳᠤ ᠣᠷᠣᠯᠴᠠᠬᠤ ᠶᠢ ᠲᠡᠮᠵᠢᠵᠤ ᠂ ᠤᠯᠤᠰ ᠤᠨ | ᠬᠤᠭᠤᠷᠣᠨᠳᠣᠬᠢ ᠠᠷᠠᠯᠵᠢᠶ᠎ᠠ ᠬᠤᠳᠠᠯᠳᠤᠭᠠᠨ ᠤ ᠰᠣᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠨ᠎ᠠ᠃ | ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠨ᠎ᠠ ᠃ ᠥᠪᠡᠷ ᠤᠨ ᠥᠷᠲᠡᠭ ᠢᠶᠠᠷ ᠬᠠᠮᠤᠭ ᠤᠨ ᠳᠣᠣᠷ᠎ᠠ᠂ ᠦᠷ᠎ᠡ | ᠪᠦᠲᠦᠮᠵᠢ ᠪᠠᠷ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ ᠪᠠᠶᠢᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠶᠠᠪᠤᠳᠠᠯ ᠪᠤᠯᠭᠠᠨ ᠰᠠᠨᠠᠭᠠᠨ ᠳᠤ ᠳᠠᠭᠠᠷᠠᠭᠰᠠᠨ︾ | ᠡᠵᠡᠩᠨᠡᠯᠲᠡ ᠶᠢᠨ ᠣᠷᠴᠢᠨ ᠲᠣᠭᠤᠷᠢᠨ ᠤ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ | ᠥᠨᠳᠥᠷ ᠳᠠᠪᠲᠠᠮᠵᠢ ᠲᠠᠢ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠠᠬᠢᠭᠤᠯᠤᠨ᠂ ︽ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ ᠢ | ᠲᠠᠭᠯᠠᠨ ᠮᠡᠳᠡᠭᠦᠯᠬᠦ᠂ ᠨᠢᠭᠡ ᠴᠣᠩᠬᠤᠪᠴᠢ ᠪᠠᠷ ᠬᠦᠢᠴᠡᠳᠬᠡᠵᠤ ᠳᠠᠭᠤᠰᠬᠠᠬᠤ︾ ᠶᠢ ᠪᠡᠶᠡᠯᠡᠭᠦᠯᠦᠨ᠎ᠡ᠃ 12345 ᠶᠢᠨ ᠦᠢᠯᠡᠴᠢᠯᠡᠭᠡᠨ ᠤ ᠬᠠᠯᠠᠭᠤᠨ ᠤᠲᠠᠰᠤ ᠶᠢᠨ | ᠵᠠᠭᠠᠯᠳᠤᠯᠭ᠎ᠠ ᠶᠢ ᠬᠦᠯᠢᠶᠡᠨ ᠠᠪᠴᠤ ᠪᠠᠷᠢᠨ ᠲᠤᠤᠷ᠎ᠠ ᠨᠢ ᠭᠦᠢᠴᠡᠳᠬᠡᠬᠦ ᠡᠷᠴᠢᠮ ᠢ ᠴᠢᠩᠭᠠᠷᠠᠭᠤᠯᠵᠤ ᠂ ᠰᠢᠢᠳᠪᠦᠷᠢᠯᠡᠭᠰᠡᠨ ᠳᠤ ᠬᠠᠨᠤᠮᠵᠢᠲᠠᠶ ᠪᠠᠶᠢᠬᠤ ᠨᠤᠷᠮ᠎ᠠ ᠶᠢ | ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠠᠵᠤ ᠠᠬᠤᠶᠢᠯᠠᠯ ᠢ ᠨᠡᠭᠡᠭᠡᠨ ᠡᠷᠬᠢᠯᠡᠬᠦ ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠂ ᠪᠡᠯᠡ ᠣᠷᠣᠭᠤᠯᠤᠯᠲᠠ ᠶᠢᠨ | ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠵᠥᠪᠰᠢᠶᠡᠷᠡᠬᠦ ᠂ ᠲᠦᠷᠦᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠵᠡᠷᠭᠡ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠳᠦᠷᠢᠮᠵᠢᠭᠦᠯᠬᠦ ᠂ ᠪᠠᠶᠢᠩᠭᠤᠵᠢᠭᠤᠯᠬᠤ ᠶᠢ ᠠᠬᠢᠭᠤᠯᠤᠨ᠎ᠠ᠃ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠲᠠᠪᠤᠳᠤᠭᠠᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠠᠩᠰᠠᠯᠠᠯᠳᠠ ᠶᠢᠨ ᠠᠵᠢᠯ ᠢ ᠴᠢᠨᠠᠷ ᠰᠠᠶᠢᠲᠠᠢ ᠪᠡᠶᠡᠯᠡᠬᠦᠯᠦᠨ᠎ᠡ᠃ | ︵ᠭᠤᠷᠪᠠ︶ ᠦᠵᠡᠰᠬᠦᠯᠡᠩᠲᠦ ᠰᠠᠶᠢᠬᠠᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠨᠠᠩ ᠶᠡᠭᠡ ᠡᠷᠴᠢᠮ ᠲᠠᠢ ᠠᠬᠢᠭᠤᠯᠵᠤ᠂ ᠬᠥᠬᠡᠮᠳᠦᠭ | ᠨᠣᠭᠤᠭᠠᠨ ᠠᠭᠤᠯᠠ ᠤᠰᠤᠨ ᠤ ᠪᠣᠬᠢᠷᠲᠤᠯ ᠦᠭᠡᠢ ᠬᠥᠭᠵᠢᠯᠲᠡ ᠶᠢᠨ ᠤᠷᠠᠳ ᠤᠨ ᠳᠤᠮᠳᠠᠳᠤ ᠬᠤᠰᠢᠭᠤᠨ ᠤ ᠰᠠᠭᠤᠷᠢ ᠶᠢ ᠪᠠᠳᠤᠳᠬᠠᠨ᠎ᠠ᠃ ᠠᠮᠢ ᠠᠬᠤᠢ ᠶᠢᠨ | ᠣᠷᠴᠢᠨ ᠨᠥᠬᠦᠴᠡᠯ ᠪᠣᠯ ᠢᠷᠡᠭᠡᠳᠦᠢ ᠳᠤ ᠬᠠᠨᠳᠤᠭᠰᠠᠨ ᠬᠠᠮᠤᠭ ᠤᠨ ᠶᠡᠭᠡ ᠥᠷᠢᠰᠦᠯᠳᠦᠬᠦ ᠬᠦᠴᠦᠨ ᠮᠥᠨ ᠃ ᠪᠢᠳᠡ ᠪᠣᠬᠢᠷᠲᠤᠯ ᠦᠭᠡᠢ ᠬᠦᠭᠵᠢᠯᠳᠡ ᠶᠢᠨ | ᠤᠳᠤᠷᠢᠳᠤᠮᠵᠢ ᠶᠢ ᠪᠠᠷᠢᠮᠳᠠᠯᠠᠵᠤ᠂ ︽ ᠪᠣᠬᠢᠷᠲᠤᠯ ᠦᠭᠡᠢ ᠬᠠᠷᠢᠭᠤᠴᠠᠯᠭ᠎ᠠ ᠶᠢᠨ ᠲᠠᠷᠢᠶ᠎ᠠ ︾ ᠪᠠᠨ ᠰᠠᠶᠢᠲᠤᠷ ᠰᠠᠬᠢᠵᠤ ᠂ ᠠᠮᠢ ᠠᠬᠤᠢ ᠶᠢᠨ ᠰᠡᠷᠭᠦᠭᠡᠯᠲᠡ ᠂ ᠣᠷᠴᠢᠨ | ᠲᠣᠭᠤᠷᠢᠨ ᠤ ᠬᠠᠮᠠᠭᠠᠯᠠᠯᠲᠠ ᠂ ᠪᠣᠬᠢᠷᠲᠤᠯ ᠦᠭᠡᠢ ᠬᠥᠭᠵᠢᠯᠲᠡ ᠭᠡᠬᠦ ︽ᠭᠤᠷᠪᠠᠨ ᠶᠠᠪᠤᠳᠠᠯ ︾ ᠢ ᠰᠠᠶᠢᠲᠤᠷ ᠬᠢᠵᠦ ᠂ ᠬᠥᠬᠡᠮᠳᠦᠭ ᠨᠣᠭᠤᠭᠠᠨ ᠠᠭᠤᠯᠠ ᠤᠰᠤ ᠪᠠᠨ | ᠬᠠᠮᠠᠭᠠᠯᠠᠵᠤ᠂ ᠪᠠᠶᠠᠨ ᠲᠠᠩᠰᠤᠭ ᠡᠳ᠋ ᠪᠠᠶᠠᠯᠢᠭ ᠢ ᠪᠦᠳᠦᠭᠡᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠶᠢᠳᠤᠷ ᠰᠠᠬᠢᠨ᠎ᠠ᠃ ᠤᠯᠤᠰ ᠤᠨ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠢᠳᠡᠪᠬᠢᠲᠡᠢ ᠡᠭᠦᠳᠦᠨ ᠪᠠᠶᠢᠭᠤᠯᠵᠤ᠂ ︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠬᠢ ᠪᠠᠶᠠᠯᠢᠭ ᠣᠷᠴᠢᠨ ᠲᠤᠭᠤᠷᠢᠨ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ︽ ᠬᠤᠷᠴᠠ ᠰᠢᠳᠦ︾ ᠶᠢᠨ ᠬᠠᠲᠠᠭᠤ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠰᠡᠷᠭᠦᠭᠡᠬᠦ ᠶᠢ ᠪᠦᠬᠦ ᠲᠠᠯ᠎ᠠ ᠪᠠᠷ ᠠᠬᠢᠭᠤᠯᠵᠤ ᠂ ᠤᠮᠠᠷᠠᠲᠤ ᠶᠢᠨ ᠭᠤᠷᠪᠠᠨ ᠤᠷᠤᠨ ᠤ | ᠢᠨᠵᠧᠨᠧᠷᠢᠩ ᠤᠨ ᠬᠠᠳᠤᠨ ᠭᠤᠣᠯ ᠤᠨ ᠲᠤᠬᠤᠢ ᠤᠷᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠮᠤᠨᠢ ᠠᠭᠤᠯᠠ ᠶᠢᠨ ᠠᠷᠤ ᠬᠤᠷᠮᠣᠢ ᠶᠢᠨ | ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠲᠦᠷᠭᠡᠨ ᠠᠬᠢᠭᠤᠯᠵᠤ ᠂ ᠠᠭᠤᠯᠠᠷᠬᠠᠭ ᠭᠠᠵᠠᠷ ᠪᠠ ᠡᠯᠡᠰᠦᠷᠬᠡᠭ ᠭᠠᠵᠠᠷ ᠤᠨ ᠤᠢ ᠰᠢᠭᠤᠢ ᠡᠪᠡᠰᠦ | ᠪᠡᠯᠴᠢᠭᠡᠷ ᠤᠨ ᠪᠦᠷᠬᠦᠴᠡ ᠶᠢᠨ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ︔ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠢ ᠠᠬᠢᠭᠤᠯᠵᠤ ᠂ ᠪᠦᠬᠦ ᠣᠷᠣᠨ ᠤ ᠪᠠᠷᠠᠭᠤᠨ ᠭᠡᠰᠡᠭ ᠤᠨ | ᠲᠤᠷᠰᠢᠯᠲᠠ ᠶᠢᠨ ᠢᠨᠵᠧᠨᠧᠷᠢᠩ ᠢ ᠪᠠᠶᠢᠭᠤᠯᠤᠨ᠎ᠠ︔ 3.77 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ | ᠵᠦᠢᠯ ᠢ ᠬᠡᠷᠡᠭᠵᠢᠭᠦᠯᠵᠦ᠂ 60.62 ᠲᠦᠮᠡᠨ ᠮᠧᠲᠷ ᠨᠤᠳᠤᠭ ᠪᠡᠯᠴᠢᠭᠡᠷ ᠢ ᠬᠠᠰᠢᠶᠠᠯᠠᠨ ᠪᠢᠲᠡᠭᠦᠮᠵᠢᠯᠡᠵᠦ ᠰᠡᠷᠬᠦᠭᠡᠨ ᠂ ᠬᠥᠮᠥᠨ ᠤ ᠬᠦᠴᠦ ᠪᠠᠷ 0.35 ᠲᠦᠮᠡᠨ | ᠮᠦ ᠨᠤᠳᠤᠭ ᠪᠡᠯᠴᠢᠭᠡᠷ ᠢ ᠤᠶᠢᠵᠢᠭᠤᠯᠵᠤ᠂ 34.81 ᠲᠦᠮᠡᠨ ᠮᠦ ᠨᠤᠳᠤᠭ ᠪᠡᠯᠴᠢᠭᠡᠷ ᠲᠤ ᠬᠥᠮᠥᠨ ᠤ ᠬᠦᠴᠦ ᠪᠠᠷ ᠡᠪᠡᠰᠦ ᠳᠠᠷᠢᠬᠤ ᠶᠢ ᠪᠡᠶᠡᠯᠡᠬᠦᠯᠦᠨ᠎ᠡ᠃ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠶᠢ 5.4 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠬᠦ ᠪᠠᠷ | ᠴᠢᠷᠮᠠᠶᠢᠨ᠎ᠠ ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠭᠰᠠᠨ ᠢ ᠶᠡᠷᠦᠩᠬᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠭᠡᠷᠡᠭᠵᠢᠬᠦᠯᠦᠨ᠂ ᠬᠠᠳᠤᠨ ᠭᠤᠤᠯ ᠤᠨ | ᠤᠰᠤ ᠪᠠᠷ ᠳᠤᠰᠤᠯᠭᠠᠨ ᠤᠰᠤᠯᠠᠬᠤ ᠂ ᠤᠰᠤᠨ ᠴᠦᠬᠦᠷᠦᠮ ᠠᠴᠠ ᠲᠠᠲᠠᠵᠤ ᠳᠤᠰᠤᠯᠭᠠᠨ ᠤᠰᠤᠯᠠᠬᠤ ᠵᠡᠷᠭᠡ ᠢᠨᠵᠧᠨᠧᠷᠢᠩ ᠢ 2.5 ᠲᠦᠮᠡᠨ ᠮᠤ᠋ ᠬᠡᠷᠡᠭᠵᠢᠭᠦᠯᠵᠦ ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠭᠰᠠᠨ ᠣᠷᠣᠨ ᠤ 160 ᠮᠠᠰᠢᠨ ᠴᠠᠬᠢᠯᠭᠠᠨ ᠬᠤᠳᠳᠤᠭ ᠢ ᠬᠠᠭᠠᠵᠤ ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠬᠦᠯᠦᠨ᠎ᠡ᠃ | ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢ ᠴᠢᠩᠭ᠎ᠠ ᠠᠳᠬᠤᠨ᠎ᠠ᠃ ᠲᠥᠪ ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ ᠢᠯᠡᠴᠢᠯᠡᠭᠰᠡᠨ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ | ᠨᠢᠭᠡ ᠴᠣᠭᠴᠠᠵᠢᠭᠤᠯᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠳᠤ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠴᠡᠭ ᠤᠨ ᠲᠣᠬᠢᠶᠠᠯ ᠢ ᠠᠳᠬᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠰᠡᠯᠬᠦᠨ ᠮᠠᠯᠵᠢᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠰᠡᠷᠬᠦᠭᠡᠬᠦ ᠶᠢ ᠠᠬᠢᠭᠤᠯᠤᠨ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ | ᠪᠠᠬᠢᠵᠢᠭᠦᠯᠬᠦ ᠶᠢᠨ ᠬᠠᠮᠲᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10% ᠠᠴᠠ | ᠳᠣᠷᠣᠭᠰᠢ ᠪᠣᠯᠲᠠᠯ᠎ᠠ ᠪᠠᠭᠤᠷᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠨᠤᠲᠤᠭ ᠪᠡᠯᠴᠢᠭᠡᠷ ᠤᠨ ᠬᠡᠳᠤ ᠪᠡᠯᠴᠢᠭᠡᠷᠯᠡᠬᠦᠯᠬᠦ ᠠᠰᠠᠭᠤᠳᠠᠯ ᠢ | ᠰᠢᠢᠳᠪᠦᠷᠢᠯᠡᠬᠦ ︽ ᠤᠷᠠᠳ ᠤᠨ ᠳᠤᠮᠳᠠᠳᠤ ᠬᠤᠰᠢᠭᠤᠨ ᠤ ᠲᠤᠷᠰᠢᠯᠭ᠎ᠠ︾ ᠶᠢ ᠬᠠᠩᠭᠠᠨ᠎ᠠ᠃ ᠠᠮᠢ ᠠᠬᠤᠢ ᠣᠷᠴᠢᠨ ᠲᠣᠭᠤᠷᠢᠨ ᠢ ᠡᠪᠳᠡᠬᠦ ᠦᠶᠯᠡ ᠠᠵᠢᠯᠯᠠᠭ᠎ᠠ ᠶᠢ | ᠡᠷᠡᠰ ᠬᠤᠷᠢᠭᠯᠠᠬᠤ ᠪᠠ ᠵᠠᠯᠬᠠᠭᠠᠨ ᠰᠢᠢᠳᠭᠡᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ ︾ ᠠᠵᠤ ᠠᠬᠤᠶᠢᠯᠠᠯ᠂ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠪᠣᠬᠢᠷᠲᠤᠯ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠵᠡᠷᠭᠡ ᠶᠢᠨ ᠲᠤᠰᠬᠠᠢ ᠲᠦᠷᠦᠯ ᠤᠨ ᠵᠠᠰᠠᠯᠳᠠ ᠶᠢ ᠬᠦᠴᠦᠲᠡᠢ | ᠠᠬᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠨᠡᠭᠦᠷᠡᠰᠦ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ | ᠭᠤᠣᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ ᠂ ᠠᠰᠠᠭᠤᠳᠠᠯ ᠢ ᠴᠡᠭᠴᠡᠯᠡᠨ ᠵᠠᠰᠠᠬᠤ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ | ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ | ᠬᠥᠭᠵᠢᠯᠲᠡ ᠶᠢ ᠭᠦᠨᠵᠡᠭᠡᠢ ᠠᠬᠢᠭᠤᠯᠵᠤ ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠂ ᠠᠷᠢᠭᠤᠨ ᠴᠡᠪᠡᠷ ᠦᠢᠯᠡᠳᠪᠦᠷᠢᠯᠡᠯ ᠂ ᠠᠷᠢᠭᠤᠨ ᠴᠡᠪᠡᠷ | ᠡᠨᠧᠷᠭᠢ ᠵᠡᠷᠭᠡ ᠪᠣᠬᠢᠷᠲᠤᠯ ᠦᠭᠡᠢ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠂ | ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠬᠥᠲᠥᠯᠥᠨ ᠵᠢᠯᠤᠭᠤᠳᠴᠤ ᠂ ᠵᠦᠩ ᡂᠢ ᠡᠨᠧᠷᠭᠢ ᠂ ᠰᠢᠨ ᠢᠦᠢ ᠬᠢᠮᠢ ᠶᠢᠨ ᠠᠵᠤ | ᠦᠢᠯᠡᠳᠪᠦᠷᠢ ᠵᠡᠷᠭᠡ 9 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠣᠬᠢᠷᠲᠤᠯ ᠦᠭᠡᠢ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ ᠃ ︽ ᠨᠡᠭᠦᠷᠡᠰᠦ ᠶᠢ | ᠴᠠᠬᠢᠯᠭᠠᠨ ᠢᠶᠠᠷ ᠤᠷᠤᠯᠠᠭᠤᠯᠬᠤ︾ ᠶᠢ 3986 ᠡᠷᠦᠭᠡ ᠳᠤ ᠬᠡᠷᠡᠭᠵᠢᠭᠦᠯᠵᠦ ᠂ 54 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠵᠤ ᠂ ᠪᠣᠬᠢᠷᠲᠤᠯ ᠦᠭᠡᠢ | ᠭᠡᠷ ᠪᠦᠯᠢ ᠂ ᠪᠣᠬᠢᠷᠲᠤᠯ ᠦᠭᠡᠢ ᠰᠤᠷᠭᠠᠭᠤᠯᠢ ᠂ ᠪᠣᠬᠢᠷᠲᠤᠯ ᠦᠭᠡᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ | ᠥᠷᠭᠡᠨ ᠤᠯᠠᠨ ᠺᠠᠳ᠋ᠷ ᠤᠯᠠᠨ ᠲᠦᠮᠡᠨ ᠤ ᠪᠣᠬᠢᠷᠲᠤᠯ ᠦᠭᠡᠢ ᠬᠡᠷᠡᠭᠯᠡᠭᠡ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠭ᠎ᠠ ᠪᠠᠷ ᠶᠠᠪᠤᠵᠤ ᠰᠠᠭᠤᠬᠤ ᠶᠢ | ᠬᠥᠲᠥᠯᠥᠨ ᠵᠢᠯᠤᠭᠤᠳᠴᠤ ᠂ ᠳᠥᠭᠦᠮ ᠪᠥᠭᠡᠳ ᠲᠣᠬᠢᠷᠠᠮᠵᠢᠲᠠᠢ ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ | ᠠᠷᠭ᠎ᠠ ᠮᠠᠶ᠋ᠢᠭ ᠢ ᠰᠢᠨ᠎ᠡ ᠤᠷᠤᠰᠬᠠᠯ ᠪᠤᠯᠭᠠᠨ᠎ᠠ᠃ | ︵ᠳᠥᠷᠪᠡ︶ ᠬᠦᠨᠳᠦ ᠶᠡᠭᠡ ᠠᠶᠤᠯ ᠲᠦᠭᠰᠢᠭᠦᠷᠢ ᠶᠢ ᠨᠠᠩ ᠶᠡᠭᠡ ᠡᠷᠴᠢᠮ ᠢᠶᠠᠷ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠰᠠᠬᠢᠵᠤ ᠪᠠᠲᠤ ᠴᠣᠭᠴᠠᠯᠠᠬᠤ ᠤᠷᠠᠳ ᠤᠨ ᠳᠤᠮᠳᠠᠳᠤ ᠬᠤᠰᠢᠭᠤᠨ ᠤ ᠡᠷᠡᠰ ᠵᠣᠷᠢᠭ ᠢ ᠬᠠᠷᠠᠭᠤᠯᠤᠨ᠎ᠠ᠃ ᠰᠢᠰᠲ᠋ᠧᠮ ᠤᠨ ᠴᠢᠨᠠᠷᠲᠠᠢ ᠣᠷᠣᠨ | ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠡᠬᠦᠰᠬᠡᠬᠦ ᠦᠭᠡᠢ ᠪᠠᠶᠢᠯᠭᠠᠬᠤ ᠪᠣᠯ ᠡᠷᠬᠡᠪᠰᠢ ᠡᠷᠡᠰ ᠪᠠᠲᠤ ᠰᠠᠬᠢᠬᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠪᠣᠯᠣᠨ᠎ᠠ ᠃ | ᠪᠢᠳᠡ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠂ ᠬᠦᠴᠢᠷ ᠢ ᠰᠥᠷᠦᠨ ᠤᠷᠤᠭᠰᠢᠯᠠᠵᠤ ᠂ | ᠬᠠᠲᠠᠭᠤ ᠳᠠᠶᠢᠯᠠᠯᠳᠤᠭᠠᠨ ᠬᠢᠬᠦ ᠡᠷᠡᠰ ᠵᠣᠷᠢᠭ ᠂ ᠬᠠᠳᠠᠭᠠᠰᠤ ᠬᠠᠳᠠᠬᠤ ᠬᠠᠳᠠᠨ ᠵᠣᠷᠢᠭ ᠢᠶᠠᠷ ᠲᠦᠭᠵᠢᠷᠡᠯ ᠢ ᠰᠢᠯᠤᠭᠤᠳᠬᠠᠨ᠂ ᠬᠥᠳᠡᠯᠭᠡᠬᠦ ᠬᠦᠴᠦᠨ ᠨᠡᠮᠡᠷᠢᠯᠡᠵᠦ ᠂ | ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠴᠢᠳᠠᠪᠤᠷᠢ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠰᠠᠶᠢᠳᠤᠷ ᠰᠠᠬᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ︾ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠠᠶᠤᠯᠭᠦᠢ | ᠦᠢᠯᠡᠳᠪᠦᠷᠢᠯᠡᠯ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠪᠠᠷ ᠠᠵᠠ ᠲᠣᠬᠢᠶᠠᠯ ᠪᠣᠯᠭᠠᠵᠤ᠂ ︽ᠭᠤᠷᠪᠠᠨ ᠬᠠᠮᠢᠶᠠᠷᠤᠯᠳᠠ ᠳᠤ ᠭᠤᠷᠪᠠᠨ ᠡᠷᠬᠡᠪᠰᠢ ᠶᠢ | ᠪᠡᠶᠡᠯᠡᠬᠦᠯᠬᠦ︾ ᠲᠣᠭᠲᠠᠭᠠᠯ ᠢ ᠴᠢᠩᠭ᠎ᠠ ᠰᠠᠬᠢᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ | ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠢ ᠥᠷᠭᠡᠨ ᠳᠡᠯᠭᠡᠷᠡᠩᠭᠦᠢ ᠪᠠᠷ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ | ᠲᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠬᠡᠷᠡᠭᠵᠢᠬᠦᠯᠦᠯᠳᠡ ᠶᠢᠨ ᠡᠩᠨᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ | ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠴᠦᠲᠡᠢ | ᠪᠠᠲᠤᠯᠠᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠷᠳᠤ ᠬᠤᠭᠤᠴᠠᠭᠠᠨ ᠤ ᠲᠤᠭᠳᠠᠴᠠ ᠶᠢ ᠪᠦᠷᠢᠨᠰᠢᠬᠦᠯᠦᠨ᠎ᠡ᠃ ᠠᠶᠤᠯ ᠲᠦᠭᠰᠢᠭᠦᠷᠢ ᠶᠢ ᠬᠢᠨᠠᠨ | ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠡᠷᠡᠰ ᠴᠢᠩᠭ᠎ᠠ ᠡᠵᠡᠮᠳᠡᠵᠤ ᠪᠤᠯᠠᠬᠤᠶᠢᠴᠠ᠂ ᠡᠮᠬᠢ ᠵᠢᠷᠤᠮ ᠲᠠᠢ ᠪᠥᠭᠡᠳ ᠵᠣᠬᠢᠰᠲᠠᠢ ᠪᠠᠷ | ᠠᠬᠢᠭᠤᠯᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠵᠡᠷᠭᠡ ᠶᠢ ᠲᠤᠰᠬᠠᠢ ᠲᠦᠷᠦᠯ | ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ ᠠᠷᠢᠯᠭᠠᠵᠤ ᠂ ᠣᠷᠣᠨ ᠨᠤᠲᠤᠭ ᠤᠨ ᠬᠠᠤᠯᠢ ᠶᠢᠨ ᠬᠥᠮᠥᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠯᠠᠪᠳᠠᠭᠤᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ | ᠰᠢᠨ᠎ᠡ ᠪᠠᠷ ᠨᠡᠮᠡᠭᠳᠡᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠠᠳᠠᠭᠠᠯᠠᠵᠤ ᠪᠠᠶᠢᠭ᠎ᠠ ᠳᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠢᠳᠡᠪᠬᠢᠲᠡᠢ | ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠪᠠ ᠰᠤᠯᠢᠯᠳᠠ ᠶᠢᠨ ᠵᠢᠭᠡᠯᠡᠯᠭᠡ ᠶᠢᠨ ᠲᠡᠮᠳᠡᠭᠲᠦ ᠵᠡᠷᠭᠡ | ᠲᠥᠷᠥ ᠶᠢᠨ ᠪᠣᠳᠣᠯᠭ᠎ᠠ ᠶᠢ ᠰᠠᠶᠢᠲᠤᠷ ᠠᠮᠢᠳᠤᠯᠢᠭ ᠬᠡᠷᠡᠭᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠦᠯᠡᠳᠡᠪᠦᠷᠢ ᠲᠤᠭ᠎ᠠ ᠶᠢ ᠬᠢᠵᠠᠭᠠᠷᠯᠠᠭᠰᠠᠨ | ᠲᠤᠭ᠎ᠠ ᠶᠢᠨ ᠳᠣᠲᠣᠷ᠎ᠠ ᠴᠢᠩᠭ᠎ᠠ ᠡᠵᠡᠮᠳᠡᠨ᠎ᠡ᠃ | ᠨᠡᠶᠢᠭᠡᠮ ᠤᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠃ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠤᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠪᠠᠶᠢᠭᠤᠯᠤᠯᠲᠠ ᠶᠢᠨ ᠰᠦᠯᠵᠢᠶᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ ᠂ ︽ ᠲᠤᠳᠤ ᠭᠡᠷᠡᠯᠳᠤ ᠢᠨᠵᠧᠨᠧᠷᠢᠩ ︾ ᠤᠨ ᠲᠡᠰ ᠳᠡᠪᠰᠢᠭᠦᠯᠬᠦ ᠶᠢ ᠠᠬᠢᠭᠤᠯᠤᠨ᠎ᠠ ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ ᠃ ᠰᠢᠨ᠎ᠡ ᠴᠠᠭ ᠦᠶ᠎ᠡ ᠶᠢᠨ ︽ ᠹᠧᠩ ᠴᠢᠶᠤᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ | ᠵᠠᠬᠢᠳᠠᠯ ᠰᠤᠷᠪᠤᠯᠵᠢᠯᠠᠯ ᠤᠨ ᠣᠷᠣᠯᠠᠨ ᠬᠦᠢᠴᠡᠳᠭᠡᠬᠦ ᠶᠢ ᠬᠦᠨᠵᠡᠭᠡᠶᠢᠷᠡᠬᠦᠯᠦᠨ ᠪᠤᠳᠠᠳᠠᠶᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠠᠷᠠᠳ ᠤᠨ ᠡᠶᠡᠳᠡᠬᠦᠯᠭᠡ | ᠶᠢᠨ ᠠᠵᠢᠯ ᠢ ᠴᠢᠩᠭᠠᠳᠬᠠᠵᠤ ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠲᠡᠬᠦᠯᠳᠡᠷᠵᠢᠬᠦᠯᠦᠨ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠬᠤᠶᠠᠷ ᠢ | ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠢᠷᠠᠭᠤ ᠠᠯᠳᠠᠷᠲᠤ ᠴᠡᠷᠢᠭ ᠤᠨ ᠠᠰᠠᠷᠠᠮᠵᠢ ᠶᠢᠨ ᠬᠦᠷᠢᠶᠡᠯᠡᠩ ᠢ ᠡᠬᠢᠯᠡᠨ ᠬᠡᠷᠡᠭᠯᠡᠵᠦ᠂ ᠬᠤᠰᠢᠭᠤᠨ ᠳᠤ | ᠰᠠᠭᠤᠭ᠎ᠠ ᠴᠡᠷᠢᠭ ᠠᠩᠭᠢ ᠶᠢᠨ ᠥᠭᠡᠷᠡᠴᠢᠯᠡᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ | ᠬᠦᠷᠢᠶᠡᠯᠡᠬᠦ ᠵᠢᠱᠢᠶᠡᠴᠢ ᠬᠤᠰᠢᠭᠤ ᠶᠢᠨ ᠦᠨᠡᠯᠡᠯᠳᠡ ᠳᠤ ᠠᠷᠪᠠᠨ ᠵᠢᠯ ᠳᠠᠷᠠᠭᠠᠯᠠᠨ ᠮᠠᠩᠯᠠᠶᠢᠯᠠᠬᠤ ᠪᠠᠷ ᠴᠢᠷᠮᠠᠶᠢᠨ᠎ᠠ᠃ | ︵ᠲᠠᠪᠤ︶ ᠨᠠᠩ ᠶᠡᠭᠡ ᠡᠷᠴᠢᠮ ᠢᠶᠠᠷ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠠᠭ ᠦᠶ᠎ᠡ ᠶᠢᠨ ᠪᠣᠯᠪᠠᠰᠤᠨ ᠰᠤᠷᠳᠠᠯ ᠲᠠᠢ | ᠤᠷᠠᠳ ᠤᠨ ᠳᠤᠮᠳᠠᠳᠤ ᠬᠤᠰᠢᠭᠤᠨ ᠤ ᠳᠦᠷᠢ ᠲᠥᠷᠬᠦ ᠶᠢ ᠪᠣᠶ ᠪᠣᠯᠭᠠᠨ᠎ᠠ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠣᠯ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠬᠤ ᠶᠢᠨ ᠴᠢᠬᠤᠯᠠ ᠡᠭᠦᠷᠭᠡ ᠮᠥᠨ ᠃ ᠪᠢᠳᠡ ᠭᠤᠣᠯᠯᠠᠭᠴᠢ ᠬᠥᠳᠡᠯᠭᠡᠭᠦᠷ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠤᠨ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠶᠢ | ᠠᠬᠢᠭᠤᠯᠵᠤ ᠂ ᠤᠯᠠᠨ ᠴᠡᠭ ᠢᠶᠠᠷ ᠲᠤᠯᠭᠠᠭᠤᠷᠢᠯᠠᠬᠤ ᠂ ᠬᠠᠮᠵᠢᠯᠴᠠᠨ ᠬᠥᠭᠵᠢᠬᠦ ᠰᠢᠨ᠎ᠡ ᠪᠠᠶᠢᠷᠢᠰᠢᠯ ᠢ ᠴᠢᠷᠮᠠᠶᠢᠨ ᠪᠦᠷᠢᠯᠳᠦᠭᠦᠯᠦᠨ᠎ᠡ ᠃ | ᠡᠶ᠎ᠡ ᠨᠠᠶᠢᠷᠠᠮᠳᠠᠭᠤ ᠦᠵᠡᠰᠬᠦᠯᠡᠩᠳᠤ ᠰᠠᠶᠢᠬᠠᠨ ᠬᠥᠳᠡᠭᠡ ᠲᠣᠰᠬᠤᠨ ᠢ ᠪᠦᠬᠦ ᠣᠷᠣᠨ ᠪᠦᠰᠡ ᠪᠠᠷ ᠪᠦᠲᠦᠭᠡᠨ ᠪᠠᠶᠢᠭᠤᠯᠤᠨ᠎ᠠ ᠃ ︽ᠳᠥᠷᠪᠡ ᠶᠢ ᠲᠠᠶᠠᠭᠳᠠᠬᠤ | ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠢᠳᠡᠪᠬᠢᠲᠡᠢ ᠥᠷᠨᠢᠭᠦᠯᠦᠨ᠎ᠡ᠃ ᠬᠠᠯᠢᠭᠤᠳᠤ ᠭᠤᠣᠯ ᠤᠨ ᠦᠶᠡᠷ ᠢ ᠰᠡᠷᠭᠡᠶᠢᠯᠡᠨ ᠵᠠᠰᠠᠬᠤ | ᠢᠨᠵᠧᠨᠧᠷᠢᠩ ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠂ ᠲᠣᠮᠣ ᠳᠤᠮᠳᠠ ᠬᠡᠯᠪᠡᠷᠢ ᠶᠢᠨ | ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠷᠥᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ ᠂ ᠬᠤᠯᠤᠰᠤᠲᠠᠢ | ᠤᠰᠤᠨ ᠴᠥᠭᠦᠷᠥᠮ ᠂ ᠤᠯᠠᠭᠠᠨ ᠪᠤᠯᠤᠩ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠢᠨᠵᠧᠨᠧᠷᠢᠩ ᠢ ᠢᠳᠡᠪᠬᠢᠲᠡᠢ ᠪᠠᠷ ᠠᠬᠢᠭᠤᠯᠤᠨ᠎ᠠ ᠃ S215 | ᠤᠤᠪᠤᠯᠠᠭ ᠤᠨ ᠠᠮᠠ ᠠᠴᠠ ᠰᠢᠨ ᠠᠨ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ ᠂ ᠬᠥᠳᠡᠭᠡ ᠲᠣᠰᠬᠤᠨ ᠤ | ᠵᠠᠰᠠᠮᠠᠯ ᠵᠠᠮ ᠢ ᠳᠡᠰ ᠲᠡᠪᠰᠢᠬᠦᠯᠬᠦ ᠶᠢ 33 ᠺᠢᠯᠣᠮᠧᠲᠷ ᠪᠡᠶᠡᠯᠡᠬᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠂ | ᠰᠢᠨ᠎ᠡ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠬᠠᠩᠭᠠᠵᠤ ᠪᠠᠶᠢᠭᠰᠠᠨ ᠮᠠᠯᠴᠢᠨ ᠡᠷᠦᠭᠡ ᠶᠢ ᠴᠠᠬᠢᠯᠭᠠᠨ ᠲᠤᠤᠷᠵᠢᠯ ᠤᠨ ᠴᠠᠬᠢᠯᠭᠠᠨ ᠬᠠᠩᠭᠠᠬᠤ ᠳᠤ ᠤᠷᠤᠭᠤᠯᠬᠤ | ᠵᠡᠷᠭᠡ ᠴᠠᠬᠢᠯᠭᠠᠨ ᠬᠦᠴᠦᠨ ᠤ ᠲᠦᠷᠦᠯ ᠵᠦᠢᠯ 8 ᠶᠢ ᠭᠡᠷᠡᠭᠵᠢᠬᠦᠯᠦᠨ᠎ᠡ᠃ ᠰᠾᠢ ᠢ ᠲᠠᠩ ᠲᠣᠰᠬᠤᠨ ᠂ ᠯᠢᠶᠠᠨ ᠹᠧᠩ ᠹᠧᠨ ᠳ᠋ᠸᠤ ᠲᠣᠰᠬᠤᠨ ᠤ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠪᠠ ︽ ᠬᠤᠭᠤᠰᠤᠨ ᠬᠥᠨᠳᠡᠢ ᠲᠣᠰᠬᠤᠨ ︾ ᠢ | ᠴᠡᠭᠴᠡᠯᠡᠨ ᠵᠠᠰᠠᠬᠤ ᠲᠦᠷᠦᠯ ᠵᠦᠢᠯ ᠢ ᠠᠬᠢᠭᠤᠯᠤᠨ᠂ ᠬᠤᠳᠠ ᠬᠥᠳᠡᠭᠡ ᠶᠢᠨ ᠠᠭᠤᠰᠤᠯᠳᠤᠨ ᠬᠥᠭᠵᠢᠬᠦ ᠶᠢ ᠲᠦᠷᠭᠡᠳᠬᠡᠨ᠎ᠡ ᠃ | ᠬᠤᠲᠠ ᠶᠢᠨ ᠴᠢᠨᠠᠷ ᠳᠡᠰ ᠢ ᠬᠦᠴᠦᠯᠡᠨ ᠳᠡᠭᠡᠭᠰᠢᠯᠡᠭᠦᠯᠦᠨ᠎ᠡ᠃ ︽ᠬᠤᠲᠠ ᠶᠢᠨ ᠰᠢᠨᠡᠴᠢᠯᠡᠯᠲᠡ︾ ᠪᠠᠷ ᠭᠠᠷᠳᠠᠴᠠ ᠪᠣᠯᠭᠠᠵᠤ᠂ ᠬᠠᠯᠢᠭᠤᠳᠤ ᠪᠠᠯᠭᠠᠰᠤᠨ ᠤ | ᠬᠤᠲᠠ ᠶᠢᠨ ᠰᠢᠨᠡᠴᠢᠯᠡᠯᠲᠡ᠂ ᠬᠤᠲᠠ ᠶᠢᠨ ᠲᠡᠭᠦᠷᠭᠡ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠶᠡᠷᠦᠩᠬᠡᠢ ᠴᠣᠭᠴᠠ ᠪᠠ ᠲᠤᠰᠬᠠᠢ ᠲᠦᠷᠦᠯ ᠤᠨ | ᠲᠥᠯᠦᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠬᠠᠭᠤᠴᠢᠨ ᠬᠤᠷᠢᠶᠠᠯᠠᠯ ᠤᠨ ᠰᠠᠭᠤᠷᠢ ᠲᠦᠬᠦᠭᠡᠷᠦᠮᠵᠢ ᠶᠢᠨ ᠥᠭᠡᠷᠡᠴᠢᠯᠡᠯᠲᠡ ᠶᠢᠨ | ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠵᠦ ᠂ ᠬᠠᠯᠢᠭᠤᠳᠤ ᠪᠠᠯᠭᠠᠰᠤ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠭᠰᠠᠨ ᠢ ᠵᠠᠰᠠᠬᠤ ᠂ | ᠮᠠᠰᠢᠨ ᠲᠡᠷᠭᠡᠨ ᠤ ᠥᠷᠲᠡᠭᠡᠨ ᠤ ᠡᠮᠦᠨ᠎ᠡ ᠬᠡᠰᠡᠭ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ ᠂ | ᠤᠰᠤ ᠂ ᠴᠠᠬᠢᠯᠭᠠᠨ ᠂ ᠬᠡᠢ ᠂ ᠳᠤᠯᠠᠭᠠᠯᠠᠭ᠎ᠠ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ ᠃ ᠨᠢᠭᠡᠳᠦᠭᠡᠷ ᠪᠠᠭ᠎ᠠ | ᠰᠤᠷᠭᠠᠭᠤᠯᠢ᠂ ᠲᠠᠷᠢᠶᠠᠯᠠᠩ ᠤᠨ ᠭᠦᠭᠵᠢᠬᠦᠯᠦᠯᠳᠡ ᠶᠢᠨ ᠪᠠᠩᠬᠢ ᠶᠢᠨ ᠡᠷᠬᠢᠨ ᠲᠣᠭᠤᠷᠢᠨ ᠵᠡᠷᠭᠡ ᠭᠠᠵᠠᠷ ᠤᠨ 7 ᠲᠡᠷᠭᠡᠨ ᠵᠣᠭᠰᠣᠭᠠᠯ ᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ ᠬᠠᠯᠢᠭᠤᠳᠤ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠬᠠᠯᠢᠭᠤᠳᠤ ᠪᠠᠯᠭᠠᠰᠤ ᠶᠢᠨ ᠡᠮᠦᠨ᠎ᠡ ᠳᠡᠬᠦᠷᠬᠡ ᠂ ᠪᠠᠷᠠᠭᠤᠨ ᠳᠡᠬᠦᠷᠬᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠢᠳᠡᠪᠬᠢᠲᠡᠢ ᠠᠬᠢᠭᠤᠯᠵᠤ ᠂ ᠬᠠᠯᠢᠭᠤᠳᠤ ᠪᠠᠯᠭᠠᠰᠤᠨ ᠤ ᠰᠢᠨ᠎ᠡ ᠲᠣᠭᠤᠷᠢᠭ ᠤᠨ ᠵᠠᠮ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ | ᠬᠡᠷᠡᠭᠵᠢᠭᠦᠯᠵᠦ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠨᠠᠩ ᠶᠡᠭᠡ ᠡᠷᠴᠢᠮ ᠢᠶᠠᠷ ᠪᠠᠲᠤᠯᠠᠨ ᠰᠠᠶᠢᠵᠢᠷᠠᠭᠤᠯᠵᠤ᠂ ᠬᠥᠮᠥᠨ ᠢᠶᠠᠷ ᠦᠨᠳᠦᠰᠦ ᠪᠣᠯᠭᠠᠨ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠤᠷᠠᠳ ᠤᠨ ᠳᠤᠮᠳᠠᠳᠤ ᠬᠤᠰᠢᠭᠤᠨ ᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ᠃ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠪᠢᠳᠡᠨ ᠤ ᠰᠢᠨᠲᠠᠷᠠᠰᠢ ᠦᠭᠡᠢ ᠲᠡᠮᠡᠴᠡᠬᠦ ᠬᠠᠷᠠᠯᠲᠠ ᠮᠥᠨ ᠃ ᠪᠢᠳᠡ ᠢᠮᠠᠭᠲᠠ ᠤᠯᠠᠨ ᠲᠦᠮᠡᠨ ᠤ ᠠᠮᠤᠷ | ᠲᠦᠪᠰᠢᠨ ᠠᠶᠤᠯ ᠲᠦᠭᠰᠢᠭᠦᠷᠢ ᠂ ᠵᠢᠷᠭᠠᠯ ᠵᠣᠪᠠᠯᠠᠩ ᠢ ᠰᠡᠳᠬᠢᠯ ᠳᠡᠭᠡᠨ ᠪᠤᠳᠤᠵᠤ ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠴᠢᠳᠠᠯ ᠤᠨ ᠢᠶᠠᠨ ᠬᠢᠷᠢ ᠪᠠᠷ ᠬᠢᠵᠦ ᠂ | ᠤᠯᠠᠨ ᠲᠦᠮᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠦᠨᠡᠨ ᠬᠦ ᠰᠢᠢᠳᠪᠦᠷᠢᠯᠡᠵᠦ ᠂ ᠤᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠬᠦᠯᠦᠨ᠂ ᠤᠯᠠᠨ | ᠲᠦᠮᠡᠨ ᠳᠤ ᠡᠷᠬᠡ ᠲᠡᠭᠰᠢ ᠶᠢ ᠡᠳ᠋ᠯᠡᠭᠦᠯᠦᠨ᠎ᠡ ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠶᠢᠨ ᠲᠣᠭᠤᠷᠢᠨ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠷᠠᠳ ᠤᠨ ᠳᠤᠮᠳᠠᠳᠤ ᠬᠤᠰᠢᠭᠤᠨ ᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠥᠭᠵᠢᠯᠲᠡ ᠶᠢᠨ ᠦᠯᠢᠭᠡᠷ ᠢ ᠠᠮᠢᠳᠤᠯᠢᠭ ᠰᠠᠶᠢᠬᠠᠨ ᠶᠠᠷᠢᠵᠤ᠂ ︽ᠭᠤᠷᠪᠠᠨ ᠰᠠᠯᠵᠤ | ᠴᠢᠳᠠᠬᠤ ᠦᠭᠡᠢ︾ ︽ ᠲᠦᠷᠪᠡᠨ ᠬᠠᠮᠳᠤ ᠪᠠᠷ︾ ︽ ᠲᠦᠷᠪᠡᠨ ᠬᠠᠮᠲᠤᠳᠬᠠᠬᠤ︾ ︽ ᠲᠠᠪᠤᠨ ᠬᠠᠮᠳᠤ ᠶᠢᠨ ᠲᠠᠨᠢᠯᠲᠠ︾ ᠶᠢ ᠬᠦᠮᠦᠰ ᠤᠨ ᠰᠡᠳᠬᠢᠯ ᠳᠤ ᠭᠦᠨ | ᠦᠨᠳᠦᠰᠦᠯᠡᠭᠦᠯᠦᠨ᠎ᠡ᠃ ︽ᠨᠠᠢᠮᠠ ᠳᠤ ᠤᠷᠤᠭᠤᠯᠬᠤ + N︾ ᠵᠢᠱᠢᠶ᠎ᠡ ᠦᠵᠡᠭᠦᠯᠬᠦ ᠴᠡᠭ ᠢ ᠨᠠᠷᠢᠨ ᠨᠢᠮᠪᠠᠢ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠶᠢᠨ ︽ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠬᠦᠯᠦᠨ ᠬᠥᠲᠥᠯᠥᠨ ᠳᠠᠭᠠᠭᠤᠯᠬᠤ︾ | ᠠᠵᠢᠯᠯᠠᠭ᠎ᠠ ᠪᠤᠯᠤᠨ ︽ ᠠᠨᠠᠷ ᠤᠨ ᠦᠷ᠎ᠡ ᠰᠢᠭ ᠨᠢᠭᠳᠠᠷᠠᠨ ᠪᠦᠯᠬᠦᠮᠳᠡᠵᠤ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠬᠦᠯᠬᠦ︾ ᠭᠤᠣᠯ ᠰᠡᠳᠦᠪᠲᠦ | ︽ᠠᠷᠪᠠᠨ ᠨᠢᠭᠡ︾ ᠶᠢᠨ ᠭᠤᠤᠯ ᠰᠢᠵᠢᠮ ᠤᠨ ᠢᠨᠵᠧᠨᠧᠷᠢᠩ ᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠦᠢᠯᠡᠳᠦᠯᠭᠡ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ | ᠳᠡᠭᠡᠳᠦ ᠢᠷᠠᠭᠤ ᠠᠯᠳᠠᠷ ᠢ ᠬᠠᠮᠠᠭᠠᠯᠠᠬᠤ ᠳᠤ ᠤᠷᠠᠳ ᠤᠨ ᠳᠤᠮᠳᠠᠳᠤ ᠬᠤᠰᠢᠭᠤᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠤᠳᠤᠷᠢᠳᠤᠮᠵᠢ ᠶᠢ ᠴᠢᠩᠭᠠᠳᠬᠠᠵᠤ ᠂ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ᠂ ᠬᠤᠳᠠ ᠪᠠᠯᠭᠠᠰᠤᠨ ᠤ ᠠᠵᠢᠯ ᠣᠯᠬᠤ ᠳᠤ ᠬᠦᠴᠢᠷᠲᠡᠢ ᠬᠥᠮᠥᠰ ᠂ ᠠᠵᠢᠯ | ᠣᠯᠣᠭᠰᠠᠨ ᠬᠦᠮᠦᠨ ᠦᠭᠡᠢ ᠭᠡᠷ ᠪᠦᠯᠢ ᠵᠡᠷᠭᠡ ᠬᠠᠮᠲᠤᠯᠢᠭ ᠲᠤ ᠠᠵᠢᠯ ᠣᠯᠭᠤᠬᠤ ᠠᠷᠭ᠎ᠠ ᠵᠠᠮ ᠢ ᠬᠦᠴᠦᠯᠡᠨ ᠥᠷᠭᠡᠳᠬᠡᠵᠦ ᠂ ᠬᠥᠯᠥᠰᠦᠨ ᠠᠵᠢᠯᠴᠢᠨ ᠵᠡᠷᠭᠡ | ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠲᠣᠭᠲᠠᠪᠤᠷᠢᠵᠢᠭᠤᠯᠤᠨ᠎ᠠ ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠂ ᠠᠳᠠᠯ | ᠦᠢᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ ᠵᠡᠷᠭᠡ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ ᠃ ᠤᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠵᠦ ᠂ ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠭᠦ ᠬᠤᠰᠢᠭᠤᠨ ᠤ ᠠᠵᠢᠯ ᠣᠯᠭᠤᠯᠲᠠ ᠶᠢᠨ | ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ ᠂ ᠨᠢᠭᠲᠠ ᠲᠣᠣᠷ ᠢ ᠰᠦᠯᠵᠢᠬᠦ ᠂ ᠲᠣᠭᠲᠠᠴᠠ ᠶᠢ | ᠪᠠᠶᠢᠭᠤᠯᠬᠤ ᠶᠢ ᠪᠠᠷᠢᠮᠲᠠᠯᠠᠵᠤ ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠦᠷᠬᠡᠳᠭᠡᠨ ᠲᠡᠭᠦᠯᠳᠡᠷᠵᠢᠭᠦᠯᠦᠨ᠎ᠡ ᠃ ᠬᠦᠴᠢᠷᠳᠡᠯ ᠲᠠᠢ ᠤᠯᠠᠨ ᠲᠦᠮᠡᠨ ᠂ ᠣᠨᠴᠠᠭᠠᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢ ᠴᠢᠩᠭᠠᠳᠬᠠᠨ᠎ᠠ ᠃ ᠨᠡᠶᠢᠭᠡᠮ ᠤᠨ ᠠᠪᠤᠷᠠᠨ ᠲᠤᠰᠠᠯᠠᠬᠤ ᠂ ᠨᠡᠶᠢᠭᠡᠮ ᠤᠨ ᠠᠰᠠᠷᠠᠮᠵᠢ ᠂ ᠨᠢᠭᠦᠯᠡᠰᠦᠩᠭᠦᠢ ᠶᠢᠨ ᠦᠢᠯᠡᠰ ᠂ ᠬᠠᠷᠠᠭᠠᠯᠵᠠᠨ ᠲᠥᠪᠬᠢᠨᠡᠭᠦᠯᠬᠦ | ᠵᠡᠷᠭᠡ ᠳᠦᠷᠢᠮ ᠢ ᠲᠡᠭᠦᠯᠳᠡᠷᠵᠢᠭᠦᠯᠦᠨ᠎ᠡ ᠃ ᠡᠮᠡᠭᠲᠡᠶᠢᠴᠦᠳ ᠬᠡᠦᠬᠡᠳ ᠂ ᠨᠠᠰᠤᠲᠠᠶᠢᠴᠤᠳ ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ ᠃ | ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ | ᠪᠠᠷᠢᠮᠲᠠᠯᠠᠵᠤ ᠂ ᠲᠡᠯ ᠠᠭᠤᠯᠠ ᠶᠢᠨ ᠬᠡᠦᠬᠡᠳ ᠤᠨ ᠴᠡᠴᠡᠷᠯᠢᠭ ᠂ ᠭᠠᠭᠴᠠᠮᠣᠳᠤ ᠰᠤᠷᠭᠠᠭᠤᠯᠢ ᠶᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠬᠦᠯᠦᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠵᠢᠭᠠᠨ ᠰᠤᠷᠭᠠᠯᠲᠠ ᠶᠢᠨ ᠰᠤᠳᠤᠯᠭᠠᠨ ᠤ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠴᠢᠩᠭᠠᠳᠬᠠᠵᠤ ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ ᠃ ︽ᠬᠤᠶᠠᠷ ᠢ | ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ | ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ 1 ᠶᠢ ᠡᠭᠦᠳᠦᠨ ᠪᠠᠶᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢᠨ ᠬᠤᠰᠢᠭᠤᠴᠢ ᠬᠤᠰᠢᠭᠤ᠂ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠬᠦᠯᠦᠨ ᠲᠦᠭᠡᠮᠡᠯ ᠬᠠᠷᠠᠭᠠᠯᠵᠠᠯ ᠬᠦᠷᠲᠡᠭᠡᠬᠦ ᠬᠤᠰᠢᠭᠤ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ | ᠵᠠᠩᠬᠢᠴᠢᠯᠠᠯᠳᠠ ᠶᠢᠨ ᠲᠠᠪᠴᠠᠩ ᠢ ᠪᠠᠶᠢᠭᠤᠯᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠠᠰᠠᠷ᠂ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠲᠤᠬᠠᠶᠢᠯᠠᠭᠰᠠᠨ ᠠᠵᠢᠯ ᠳᠤ ᠭᠡᠷᠡᠭᠯᠡᠬᠦ ᠭᠡᠷ ᠪᠠᠶᠢᠰᠢᠩ ᠢ ᠪᠠᠶᠢᠭᠤᠯᠤᠨ᠎ᠠ᠃ ᠬᠢᠲᠠᠳ ᠡᠮ | ᠡᠮᠨᠡᠯᠭᠡ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ᠂ ᠭᠤᠣᠯᠳᠠᠯᠭ᠎ᠠ ᠲᠠᠢ ᠲᠤᠰᠬᠠᠢ ᠮᠡᠷᠭᠡᠵᠢᠯ ᠪᠠ ᠬᠢᠲᠠᠳ ︵ᠮᠣᠩᠭᠤᠯ︶ ᠡᠮᠴᠢᠯᠡᠭᠡᠨ ᠤ | ᠣᠷᠳᠣᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ᠶᠢ ᠡᠬᠦᠳᠦᠨ ᠪᠠᠶᠢᠭᠤᠯᠬᠤ ᠪᠠᠷ | ᠴᠢᠷᠮᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠠᠬᠢᠭᠤᠯᠤᠨ | ᠪᠠᠬᠢᠵᠢᠭᠦᠯᠦᠨ᠎ᠡ᠃ ᠡᠷᠡᠭᠦᠯ ᠬᠠᠮᠠᠭᠠᠯᠠᠯ ᠤᠨ ᠲᠣᠰᠬᠤᠨ ᠪᠠᠯᠭᠠᠰᠤ ᠪᠠ ᠡᠷᠡᠭᠦᠯ ᠡᠩᠭᠡ ᠶᠢᠨ ᠡᠰ ᠤᠨ ᠢᠨᠵᠧᠨᠧᠷᠢᠩ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠬᠡᠷᠡᠭᠵᠢᠭᠦᠯᠦᠨ᠎ᠡ᠃ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠲᠤᠭᠳᠠᠭᠰᠠᠨ ᠴᠡᠭ ᠤᠨ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ ᠃ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ | ᠪᠠᠳᠠᠷᠠᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ | ᠡᠭᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠠᠷᠠᠳ ᠢᠷᠭᠡᠳ ᠤᠨ ᠪᠣᠯᠪᠠᠰᠤᠨ ᠬᠡᠪ ᠴᠢᠨᠠᠷ ᠪᠠ ᠬᠤᠳᠠ ᠶᠢᠨ ᠪᠣᠯᠪᠠᠰᠤᠨ ᠤ ᠲᠦᠪᠰᠢᠨ ᠢ | ᠳᠡᠭᠡᠭᠰᠢᠯᠡᠭᠦᠯᠦᠨ᠎ᠡ ᠃ ᠪᠠᠷᠠᠭᠤᠨ ᠬᠡᠰᠡᠭ ᠤᠨ ᠬᠥᠷᠰᠢ ᠵᠡᠷᠭᠡᠯᠡᠳᠡᠭᠡ ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠤᠨ ᠪᠥᠬᠡ ᠶᠢᠨ ᠤᠷᠤᠯᠳᠤᠭᠠᠨ᠂ ︽ᠬᠤᠨ | ᠭᠠᠯᠠᠭᠤ ᠬᠤᠨᠳᠠᠭᠠᠲᠤ︾ ᠰᠢᠷᠢᠰ ᠠᠵᠢᠯᠯᠠᠭ᠎ᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠡᠷᠬᠢᠯᠡᠨ᠎ᠡ᠃ ᠠᠷᠠᠳ ᠲᠤ ᠠᠰᠢᠭ ᠬᠦᠷᠲᠡᠭᠡᠬᠦ ᠰᠢᠷᠢᠰ ᠲᠣᠭᠯᠠᠯᠲᠠ ᠂ ᠪᠦᠬᠦ ᠠᠷᠠᠳ ᠤᠨ ᠤᠩᠰᠢᠯᠭ᠎ᠠ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠦᠳᠡᠯᠭᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ ᠃ | ᠲᠥᠯᠥᠭᠡᠯᠡᠭᠴᠢᠳ ᠠ᠋ ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠤᠷᠠᠳᠪᠠᠯ᠂ ᠵᠠᠰᠠᠭ ᠤᠨ ᠤᠷᠳᠤᠨ ᠬᠠᠷᠢᠭᠤ ᠲᠤᠰᠬᠠᠯ ᠦᠭᠬᠦᠨ᠎ᠡ᠃ ᠡᠨᠡ ᠵᠢᠯ᠂ ᠪᠢᠳᠡ | ᠥᠷᠭᠡᠨ ᠢᠶᠠᠷ ᠡᠯᠰᠡᠨ ᠴᠤᠭᠯᠠᠭᠤᠯᠵᠤ᠂ ᠭᠦᠢᠴᠡᠳ ᠨᠤᠲᠠᠯᠠᠯᠲᠠ ᠬᠢᠭᠰᠡᠨ ᠪᠠ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ᠂ ᠶᠡᠭᠡ ᠬᠤᠷᠠᠯ ᠳᠤ | ᠠᠷᠠᠳ ᠤᠨ ᠠᠮᠢᠳᠤᠷᠠᠯ ᠤᠨ ᠪᠣᠳᠠᠲᠠᠢ ᠠᠵᠢᠯ ᠤᠨ ᠵᠢᠱᠢᠭᠳᠡᠭᠰᠡᠨ 7 ᠲᠥᠷᠥᠯ ᠵᠦᠢᠯ ᠢ ᠳᠡᠪᠰᠢᠭᠦᠯᠦᠨ ᠲᠤᠰᠢᠶᠠᠵᠤ᠂ ᠶᠡᠭᠡ ᠬᠤᠷᠠᠯ ᠠᠴᠠ ᠪᠢᠯᠧᠲ ᠦᠭᠴᠦ | ᠲᠤᠭᠳᠠᠭᠠᠯᠭᠠᠬᠤ ᠪᠠᠷ ᠪᠤᠢ᠃ ᠶᠡᠭᠡ ᠬᠤᠷᠠᠯ ᠠᠴᠠ ᠪᠠᠲᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠪᠢᠳᠡ ᠵᠠᠪᠠᠯ ᠰᠡᠳᠬᠢᠯ ᠲᠠᠯᠪᠢᠨ ᠬᠦᠴᠦᠯᠡᠵᠦ ᠂ | ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ︽ ᠠᠷᠠᠳ ᠤᠨ ᠰᠡᠳᠬᠢᠯ ᠤᠨ ᠢᠨᠵᠧᠨᠧᠷᠢᠩ ︾ ᠪᠣᠯᠭᠠᠵᠤ ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠡᠳᠬᠢᠯ | ᠳᠤ ᠨᠢ ᠲᠤᠬᠢᠷᠠᠭᠤᠯᠵᠤ ᠬᠠᠨᠤᠮᠵᠢᠳᠠᠢ ᠪᠡᠶᠡᠯᠡᠬᠦᠯᠦᠨ᠎ᠡ︕ | ᠭᠤᠷᠪᠠ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ | ᠲᠥᠯᠥᠭᠡᠯᠡᠭᠴᠢᠳ ᠠ᠋ ᠂ ᠰᠢᠨ᠎ᠡ ᠴᠠᠭ ᠦᠶ᠎ᠡ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠳᠤ ᠠᠭᠤᠰᠬᠠᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢ ᠣᠯᠭᠤᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠪᠠ ︽ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ | ᠬᠤᠶᠠᠷ ᠢ ᠲᠤᠭᠳᠠᠭᠠᠭᠰᠠᠨ︾ ᠢ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢ ᠵᠢᠱᠢᠶ᠎ᠡ ᠦᠵᠡᠭᠦᠯᠦᠨ ᠳᠠᠭᠠᠭᠤᠯᠤᠭᠴᠢ ᠪᠣᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠥᠭᠡᠷᠡᠴᠢᠯᠡᠯᠲᠡ ᠬᠢᠵᠦ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠵᠠᠰᠠᠭ ᠤᠨ ᠣᠷᠳᠣᠨ ᠢ ᠪᠠᠶᠢᠭᠤᠯᠤᠨ᠎ᠠ ᠃ ᠰᠢᠨ᠎ᠡ ᠶᠢ ᠡᠭᠦᠳᠬᠦ | ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ ᠂ ᠠᠵᠢᠯ ᠤᠨ ᠴᠢᠳᠠᠪᠤᠷᠢ ᠪᠠᠨ ᠨᠡᠮᠡᠭᠳᠡᠭᠦᠯᠦᠨ ᠂ ᠵᠠᠰᠠᠭ ᠤᠨ | ᠣᠷᠳᠣᠨ ᠤ ᠠᠵᠢᠯᠲᠠᠨ ᠤ ᠬᠡᠪ ᠴᠢᠨᠠᠷ ᠪᠠ ᠲᠤᠰᠬᠠᠶᠢᠵᠢᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ ᠃ ᠥᠭᠡᠷᠡᠴᠢᠯᠡᠯᠲᠡ ᠶᠢ ᠡᠷᠡᠰ | ᠭᠤᠶᠢᠪᠢᠰᠢ ᠦᠭᠡᠢ ᠶᠠᠪᠤᠭᠳᠠᠭᠤᠯᠵᠤ᠂ ᠰᠢᠨ᠎ᠡ ᠶᠢ ᠡᠭᠦᠳᠴᠦ ᠂ ᠵᠠᠬ᠎ᠠ ᠳᠡᠯᠭᠡᠭᠦᠷ ᠤᠨ ᠲᠣᠭᠲᠠᠴᠠ ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ | ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ ᠂ ᠪᠣᠳᠠᠲᠠᠢ ᠶᠢ ᠡᠷᠬᠢᠮᠯᠡᠨ ᠲᠡᠷᠢᠭᠦᠨ ᠢ ᠡᠷᠬᠢᠮᠯᠡᠬᠦ ᠶᠢ ᠴᠢᠩᠭᠠᠳᠬᠠᠵᠤ ᠂ ᠵᠣᠷᠢᠭᠲᠠᠢ ᠪᠠᠷ ᠬᠡᠪ ᠳᠠᠭᠤᠷᠢᠶᠠᠯ ᠪᠣᠯᠵᠤ ᠂ | ᠵᠣᠷᠢᠭᠲᠠᠢ ᠪᠠᠷ ᠭᠠᠪᠰᠢᠭᠠᠶᠢᠯᠠᠨ ᠠᠵᠢᠯᠯᠠᠵᠤ ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠲᠦᠭᠡᠯᠴᠢ ᠪᠠᠷ ᠳᠡᠭᠡᠭᠰᠢᠯᠡᠭᠦᠯᠦᠨ᠎ᠡ ᠃ | ᠬᠠᠷᠢᠭᠤᠴᠠᠯᠭ᠎ᠠ ᠡᠬᠦᠷᠭᠡᠯᠡᠬᠦ ᠶᠢ ᠪᠠᠷᠢᠮᠲᠠᠯᠠᠵᠤ ᠂ ᠪᠣᠳᠠᠲᠠᠢ ᠠᠵᠢᠯᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ︽ | ᠴᠢᠩᠭ᠎ᠠ ᠠᠳᠬᠤᠭᠰᠠᠨ ᠦᠭᠡᠢ ᠨᠢ ᠠᠳᠬᠤᠭᠰᠠᠨ ᠦᠭᠡᠢ ᠲᠠᠢ ᠠᠳᠠᠯᠢ ᠂ ᠠᠳᠬᠤᠭᠰᠠᠨ ᠪᠣᠯᠪᠠᠴᠤ ᠪᠣᠳᠠᠲᠠᠢ ᠠᠳᠬᠤᠭᠰᠠᠨ ᠦᠭᠡᠢ ᠨᠢ ᠲᠠᠯᠠᠭᠠᠷ ᠠᠳᠬᠤᠭᠰᠠᠨ ᠲᠠᠢ | ᠠᠳᠠᠯᠢ ︾ ᠭᠡᠬᠦ ᠴᠢᠩ ᠰᠡᠳᠬᠢᠯ ᠤᠨ ᠰᠤᠷᠭᠠᠯ ᠢ ᠪᠠᠲᠤ ᠴᠡᠭᠡᠵᠢᠯᠡᠵᠦ ᠂ ᠪᠦᠬᠦ ᠰᠡᠳᠬᠢᠯ ᠰᠠᠨᠠᠭ᠎ᠠ ᠪᠠᠨ ᠠᠵᠢᠯ ᠬᠢᠵᠦ ᠦᠢᠯᠡᠰ ᠪᠣᠰᠬᠠᠬᠤ ᠳᠡᠭᠡᠷ᠎ᠡ ᠲᠠᠯᠪᠢᠨ᠂ ᠪᠦᠬᠦ | ᠤᠶᠤᠨ ᠴᠢᠳᠠᠯ ᠢᠶᠠᠨ ᠪᠣᠳᠠᠲᠠᠢ ᠶᠠᠪᠤᠳᠠᠯ ᠬᠢᠵᠦ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠲᠠᠯᠪᠢᠨ᠎ᠡ᠃ ᠦᠨᠡᠨᠬᠦ ᠠᠳᠬᠤᠵᠤ ᠪᠣᠳᠠᠲᠠᠢ ᠠᠵᠢᠯᠯᠠᠬᠤ | ᠰᠤᠷᠲᠠᠯ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠤᠷᠲᠠᠯ ᠢ ᠶᠡᠬᠡᠪᠡᠷ ᠮᠠᠨᠳᠤᠭᠤᠯᠵᠤ ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠂ ᠲᠡᠮᠦᠷ ᠢ ᠠᠳᠬᠤᠪᠠᠯ | ᠤᠷᠤᠮ ᠲᠠᠢ ᠪᠠᠶᠢᠬᠤ ᠡᠷᠴᠢ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠵᠢᠩᠬᠢᠨᠢ | ᠴᠢᠳᠠᠪᠤᠷᠢ ᠶᠢ ᠪᠤᠯᠪᠠᠰᠤᠷᠠᠭᠤᠯᠤᠨ᠂ ᠳᠤᠷᠠᠲᠠᠶ᠎ᠠ ᠡᠭᠦᠷᠭᠡᠯᠡᠬᠦ ᠂ ᠵᠣᠷᠢᠭᠲᠠᠢ ᠪᠠᠷ ᠡᠭᠦᠷᠭᠡᠯᠡᠬᠦ ᠂ ᠴᠢᠳᠠᠮᠠᠭᠠᠢ ᠪᠠᠷ ᠡᠭᠦᠷᠭᠡᠯᠡᠬᠦ ᠶᠢ ᠬᠡᠪ ᠵᠠᠩᠰᠢᠯ ᠪᠤᠯᠭᠠᠨ᠎ᠠ ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠤᠨ᠎ᠠ ᠃ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ︽ᠨᠠᠢᠮᠠᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠬᠦᠯᠦᠯᠳᠡ ᠶᠢ | ᠦᠷᠭᠦᠯᠵᠢᠯᠡᠨ ᠠᠬᠢᠭᠤᠯᠵᠤ ᠂ ᠪᠦᠬᠦ ᠠᠷᠠᠳ ᠤᠨ ᠬᠠᠤᠯᠢ ᠴᠠᠭᠠᠵᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ ᠃ ᠦᠨᠳᠦᠰᠦᠨ ᠬᠠᠤᠯᠢ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠨ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ | ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠠᠬᠢᠭᠤᠯᠤᠨ᠎ᠠ ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠬᠢᠨᠠᠨ ᠪᠠᠶᠢᠴᠠᠭᠠᠬᠤ ᠬᠢᠨᠠᠯᠲᠠ ᠂ ᠬᠠᠤᠯᠢ ᠪᠠᠷᠢᠬᠤ ᠬᠢᠨᠠᠯᠲᠠ ᠂ ᠤᠯᠠᠨ ᠲᠦᠮᠡᠨ ᠤ | ᠬᠢᠨᠠᠯᠲᠠ ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ᠂ ᠵᠠᠰᠠᠭ ᠵᠠᠬᠢᠷᠭᠠᠨ ᠤ ᠬᠢᠨᠠᠯᠲᠠ ᠂ ᠬᠢᠨᠠᠨ ᠪᠤᠳᠤᠯᠳᠠ ᠶᠢᠨ ᠬᠢᠨᠠᠯᠲᠠ ᠂ ᠲᠤᠭ᠎ᠠ | ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠠᠵᠢᠯ ᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ ᠃ | ᠠᠷᠠᠳ ᠤᠨ ᠲᠥᠯᠥᠭᠡ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ ᠃ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠪᠠᠶᠢᠳᠠᠯ ᠢ ᠰᠠᠶᠢᠳᠤᠷ ᠤᠶᠢᠯᠠᠭᠠᠵᠤ᠂ ᠠᠰᠠᠭᠤᠳᠠᠯ ᠢ | ᠰᠢᠢᠳᠪᠦᠷᠢᠯᠡᠬᠦ ᠠᠷᠭ᠎ᠠ ᠶᠢ ᠰᠡᠳᠬᠢᠯ ᠲᠠᠯᠪᠢᠨ ᠡᠷᠢᠨ ᠣᠯᠵᠤ ᠂ ᠤᠴᠢᠷ ᠶᠠᠪᠤᠳᠠᠯ ᠢ ᠪᠣᠳᠠᠲᠠᠢ ᠪᠠᠷ ᠰᠠᠶᠢᠲᠤᠷ ᠬᠢᠬᠦ ᠪᠠᠷ ᠬᠦᠴᠦᠯᠡᠨ ᠴᠢᠷᠮᠠᠶᠢᠵᠤ ᠂ ᠨᠢᠳᠦᠨ ᠳᠤ | ᠦᠵᠡᠭᠳᠡᠵᠦ ᠪᠠᠶᠢᠭ᠎ᠠ ᠬᠤᠪᠢᠷᠠᠯᠲᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠲᠤᠰᠬᠠᠯ ᠦᠭᠬᠦᠨ᠎ᠡ᠃ ᠨᠠᠮ ᠵᠠᠰᠠᠭ ᠤᠨ ᠪᠠᠶᠢᠭᠤᠯᠭ᠎ᠠ ᠶᠢᠨ ︽ | ᠠᠷᠪᠢᠯᠠᠨ ᠭᠠᠮᠨᠠᠬᠤ︾ ᠶᠢ ᠪᠠᠷᠢᠮᠲᠠᠯᠠᠵᠤ ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ ᠪᠠᠭᠠᠰᠬᠠᠨ᠎ᠠ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠡᠰᠡᠷᠬᠦᠴᠡᠨ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ᠎ᠡ ᠃ | ᠲᠥᠯᠥᠭᠡᠯᠡᠭᠴᠢᠳ ᠠ᠋ ᠂ ᠲᠡᠮᠡᠴᠡᠯ ᠢᠶᠠᠷ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ ᠂ ᠪᠣᠳᠠᠲᠠᠢ ᠠᠵᠢᠯᠯᠠᠵᠤ ᠢᠷᠡᠭᠡᠳᠦᠢ ᠪᠠᠨ ᠲᠡᠮᠡᠴᠡᠨ ᠣᠯᠣᠨ᠎ᠠ ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ | ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ | ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠤᠷᠠᠳ ᠤᠨ | ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠰᠦᠭᠡᠢ︕ | | | | ᠨᠡᠷ᠎ᠡ ᠦᠭᠡᠰ ᠤᠨ ᠲᠠᠶᠢᠯᠪᠤᠷᠢ | 1᠂ ᠬᠤᠶᠠᠷ ᠢ ᠲᠣᠭᠲᠠᠭᠠᠭᠰᠠᠨ᠄ ᠡᠨᠡ ᠨᠢ ᠨᠠᠮ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ | ᠭᠤᠤᠯᠯᠠᠭᠴᠢ ᠪᠣᠯᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠪᠠᠶᠢᠷᠢ ᠰᠠᠭᠤᠷᠢ ᠶᠢ ᠲᠤᠭᠳᠠᠭᠠᠭᠰᠠᠨ ᠢ ᠵᠢᠭᠠᠵᠤ ᠪᠤᠢ᠃ | 2᠂ ᠬᠤᠶᠠᠷ ᠢ ᠬᠠᠮᠠᠭᠠᠯᠠᠬᠤ ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ ᠭᠤᠤᠯᠯᠠᠭᠴᠢ ᠪᠣᠯᠬᠤ ᠪᠠᠶᠢᠷᠢ | ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠦ | ᠪᠤᠢ᠃ | 3᠂ ᠲᠠᠪᠤᠨ ᠶᠡᠭᠡ ᠡᠭᠦᠷᠭᠡ᠄ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠦᠪ ᠬᠤᠷᠢᠶ᠎ᠠ ᠠᠴᠠ ᠳᠤᠷᠠᠳᠤᠨ ᠭᠠᠷᠭᠠᠭᠰᠠᠨ᠂ ᠥᠪᠥᠷ ᠮᠤᠩᠭᠤᠯ ᠢ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠪᠠᠨ ᠨᠡᠭᠡᠭᠡᠯᠲᠡ ᠬᠢᠬᠦ ᠴᠢᠬᠤᠯᠠ ᠪᠠᠬᠢᠯᠡᠯᠲᠡ | ᠪᠣᠯᠭᠠᠨ ᠪᠦᠲᠦᠭᠡᠨ ᠪᠠᠶᠢᠭᠤᠯᠬᠤ ᠲᠠᠪᠤᠨ ᠶᠡᠭᠡ ᠡᠬᠦᠷᠭᠡ ᠶᠢ ᠵᠢᠭᠠᠵᠤ ᠪᠤᠢ᠃ | 4᠂ ᠨᠢᠭᠡ ᠪᠠᠯᠭᠠᠰᠤ ᠨᠢᠭᠡ ᠨᠡᠷᠡᠳᠤ ᠪᠦᠳᠦᠭᠡᠭᠳᠡᠬᠦᠨ᠄ ᠪᠠᠯᠭᠠᠰᠤ ᠪᠠᠷ ᠦᠨᠳᠦᠰᠦᠨ ᠪᠠᠶᠢᠭᠤᠯᠭ᠎ᠠ ᠨᠢᠭᠡᠴᠢ ᠪᠣᠯᠭᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠣᠰᠣᠭᠠᠷ᠂ | ᠲᠤᠰ ᠭᠠᠵᠠᠷ ᠤᠷᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠡᠷᠡᠳᠦ ᠲᠡᠮᠳᠡᠭᠵᠢᠭᠦᠯᠦᠭᠰᠡᠨ | ᠪᠠ ᠵᠠᠬ᠎ᠠ ᠳᠡᠯᠭᠡᠭᠦᠷᠴᠢᠯᠡᠭᠰᠡᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠪᠠᠷ ᠳᠠᠮᠵᠢᠨ᠂ ᠪᠠᠯᠭᠠᠰᠤ ᠪᠤᠯᠭᠠᠨ ᠳᠤ ᠨᠠᠭᠠᠳᠤ ᠵᠠᠬ᠎ᠠ ᠳᠠᠭᠠᠨ ᠨᠢᠭᠡ ᠵᠠᠬ᠎ᠠ | ᠳᠡᠯᠭᠡᠭᠦᠷ ᠤᠨ ᠲᠠᠯᠳᠠ ᠬᠦᠴᠦᠨ ᠢᠶᠠᠷ ᠶᠡᠭᠡ᠂ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠶ᠂ ᠨᠡᠮᠡᠯᠲᠡ ᠥᠷᠳᠡᠭ ᠢᠶᠠᠷ ᠥᠨᠳᠥᠷ ᠭᠤᠣᠯᠯᠠᠬᠤ ᠠᠵᠤ ᠦᠢᠯᠡᠰ ᠪᠠ | ᠨᠡᠷᠡᠳᠤ ᠪᠦᠳᠦᠭᠡᠭᠳᠡᠬᠦᠨ ᠲᠠᠢ ᠪᠣᠯᠭᠠᠬᠤ ᠶᠢ ᠵᠢᠭᠠᠵᠤ ᠪᠤᠢ᠃ | 5 ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠄ ᠳᠠᠷᠤᠢ ᠲᠦᠷᠦᠯ ᠵᠦᠢᠯ ᠤᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ | ᠣᠷᠴᠢᠨ ᠨᠦᠬᠦᠴᠡᠯ ᠢ ᠰᠢᠯᠢᠳᠡᠭᠵᠢᠭᠦᠯᠬᠦ ︵ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠬᠤᠲᠠ ᠶᠢᠨ ᠰᠢᠨᠡᠴᠢᠯᠡᠯᠲᠡ · | ᠪᠤᠯᠪᠠᠰᠤᠷᠠᠭᠤᠯᠤᠯᠲᠠ ᠶᠢᠨ ᠲᠣᠭᠤᠷᠢᠭ ᠤᠨ ᠰᠢᠨᠡᠴᠢᠯᠡᠯᠲᠡ· ᠭᠠᠴᠠᠭ᠎ᠠ ᠲᠣᠰᠬᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠰᠢᠨᠡᠴᠢᠯᠡᠯᠲᠡ︶ ᠪᠣᠯᠣᠨ᠎ᠠ᠃ | 6 ᠂ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠲᠦᠷᠦᠯ ᠤᠨ ᠠᠵᠢᠯᠯᠠᠭ᠎ᠠ᠄ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ | ᠶᠠᠪᠤᠴᠠ ᠶᠢ ᠰᠢᠯᠢᠳᠡᠭᠵᠢᠭᠦᠯᠬᠦ ᠶᠠᠪᠤᠳᠠᠯ ᠪᠣᠯᠣᠨ᠎ᠠ᠃ | 7᠂ ᠭᠠᠳᠠᠭᠠᠳᠤ ᠤᠴᠢᠷ ᠶᠠᠪᠤᠳᠠᠯ᠄ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠪᠤᠰᠤᠳ ᠬᠠᠤᠯᠢ ᠶᠣᠰᠣᠭᠠᠷ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠡᠭᠦᠷᠭᠡᠯᠡᠵᠦ | ᠪᠠᠶᠢᠭ᠎ᠠ ᠨᠢᠭᠡᠴᠢ ᠶᠢᠨ ᠰᠢᠭᠤᠳ ᠪᠠᠶᠢᠭᠠᠯᠢ ᠶᠢᠨ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠬᠠᠨᠳᠤᠭᠤᠯᠤᠨ ᠬᠦᠢᠴᠡᠳᠭᠡᠬᠦ ᠬᠢᠨᠠᠨ | ᠵᠥᠪᠰᠢᠶᠡᠷᠡᠬᠦ᠂ ᠬᠢᠨᠠᠨ ᠬᠠᠮᠢᠶᠠᠷᠬᠤ ᠪᠠ ᠦᠢᠯᠡᠴᠢᠯᠡᠬᠦ ᠤᠴᠢᠷ ᠶᠠᠪᠤᠳᠠᠯ ᠢ ᠵᠢᠭᠠᠵᠤ ᠪᠣᠶ᠂ ᠭᠤᠤᠯᠳᠠᠭᠤ ᠭᠠᠳᠠᠭᠠᠳᠤ ᠵᠠᠰᠠᠭ ᠵᠠᠬᠢᠷᠭᠠᠨ ᠤ ᠡᠷᠬᠡ ︵ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ︶ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠤᠴᠢᠷ ᠶᠠᠪᠤᠳᠠᠯ ᠪᠠᠭᠲᠠᠨ᠎ᠠ᠃ | 8᠂ ᠨᠠᠢᠮᠠᠨ ᠪᠠᠶᠢᠬᠤ᠄ ᠲᠤᠬᠠᠶᠢᠯᠠᠪᠠᠯ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠬᠡᠬᠦ ᠴᠣᠩᠬᠤᠪᠴᠢ ᠪᠠᠶᠢᠬᠤ᠂ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠬᠡᠬᠦ ᠠᠵᠢᠯᠲᠠᠨ ᠪᠠᠶᠢᠬᠤ᠂ ᠠᠵᠢᠯᠯᠠᠵᠤ ᠠᠯᠪᠠᠯᠠᠬᠤ ᠲᠣᠨᠤᠭ ᠲᠥᠬᠦᠭᠡᠷᠦᠮᠵᠢ ᠪᠠᠶᠢᠬᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠠᠢ ᠪᠠᠶᠢᠬᠤ᠂ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠪᠠᠶᠢᠬᠤ᠂ ᠬᠠᠪᠰᠤᠷᠤᠨ | ᠭᠦᠢᠴᠡᠳᠭᠡᠬᠦ ᠣᠷᠣᠯᠠᠨ ᠬᠦᠢᠴᠡᠳᠭᠡᠭᠴᠢ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠬᠤ᠂ ᠳᠦᠷᠢᠮ ᠤᠨ ᠲᠣᠭᠲᠠᠴᠠ ᠲᠠᠢ ᠪᠠᠶᠢᠬᠤ᠂ ᠠᠵᠢᠯ ᠤᠨ ᠡᠬᠡ | ᠲᠠᠩᠰᠠ ᠲᠠᠢ ᠪᠠᠶᠢᠬᠤ ᠶᠢ ᠬᠡᠯᠡᠵᠦ ᠪᠠᠶᠢᠨ᠎ᠠ᠃ | 9᠂ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ︽ᠠᠷᠪᠠᠨ | ᠨᠢᠭᠡ︾ ᠶᠢᠨ ᠢᠨᠵᠧᠨᠧᠷᠢᠩ᠄ ᠨᠢᠭᠡ ᠳᠠᠭᠤᠤ ᠶᠢ ᠲᠠᠭᠤᠯᠠᠨ ᠴᠤᠤᠷᠢᠶᠠᠳᠤᠭᠤᠯᠵᠤ᠂ ᠨᠢᠭᠡ ᠵᠦᠴᠦᠭᠡ ᠨᠠᠶᠢᠷᠠᠭᠤᠯᠤᠨ ᠲᠣᠭᠯᠠᠵᠤ᠂ ᠨᠢᠭᠡ ᠪᠦᠯᠦᠭ ᠲᠣᠭᠠᠴᠢᠯᠠᠭᠰᠠᠨ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠶᠢᠲᠡᠯᠢᠭ ᠪᠣᠳᠠᠲᠤ ᠵᠢᠱᠢᠶ᠎ᠡ ᠶᠢ ᠰᠣᠩᠭᠤᠨ ᠭᠠᠷᠭᠠᠵᠤ᠂ ᠠᠯᠢ ᠣᠯᠠᠨ | ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠨᠢᠭᠡ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠨᠢᠭᠡ ᠭᠤᠣᠯ ᠰᠡᠳᠦᠪᠲᠦ ᠲᠠᠯᠠᠪᠤᠷ ᠣᠷᠳᠣᠨ ᠢ ᠳᠡᠯᠭᠡᠨ | ᠦᠵᠡᠭᠦᠯᠵᠦ᠂ ᠨᠢᠭᠡ ᠤᠯᠠᠮᠵᠢᠯᠠᠨ ᠰᠤᠷᠤᠯᠴᠠᠬᠤ ᠲᠠᠯᠠᠪᠤᠷ ᠭᠠᠵᠠᠷ ᠪᠠᠶᠢᠭᠤᠯᠵᠤ᠂ ᠨᠢᠭᠡ ᠰᠣᠳᠣᠨ ᠵᠠᠮ ᠱᠤᠭᠤᠮ ᠢ ᠡᠭᠦᠳᠦᠨ ᠪᠠᠶᠢᠭᠤᠯᠵᠤ᠂ ᠨᠢᠭᠡ ᠰᠡᠳᠬᠢᠯ ᠢᠶᠠᠷ | ᠦᠢᠯᠡᠰ ᠪᠣᠰᠬᠠᠬᠤ ᠵᠡᠭᠡᠯᠢ ᠭᠤᠳᠤᠮᠵᠢ ᠶᠢ ᠬᠠᠮᠲᠤ ᠪᠠᠷ ᠪᠠᠶᠢᠭᠤᠯᠬᠤ ᠶᠠᠪᠤᠳᠠᠯ ᠪᠣᠯᠣᠨ᠎ᠠ᠃ | 10᠂ ︽ᠬᠤᠣᠰ ᠨᠡᠪᠲᠡᠷᠡᠬᠦ︾ ᠡᠮ ᠤᠨ ᠳᠡᠯᠭᠡᠭᠦᠷ᠄ ᠲᠤᠬᠠᠶᠢᠯᠠᠪᠠᠯ ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠤᠭᠳᠠᠭᠰᠠᠨ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠭᠡᠬᠦ ᠬᠤᠶᠠᠷ ᠠᠷᠭ᠎ᠠ ᠵᠠᠮ ᠢᠶᠠᠷ ᠳᠠᠮᠵᠢᠭᠤᠯᠤᠨ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ᠂ ᠡᠮᠴᠢᠯᠡᠭᠡᠨ ᠳᠤ ᠬᠡᠷᠡᠭᠯᠡᠬᠦ ᠵᠡᠷᠭᠡ | ᠲᠠᠯ᠎ᠠ ᠶᠢᠨ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠣᠭᠲᠠᠴᠠ ᠳᠤ ᠵᠡᠷᠭᠡ | ᠳᠤᠨᠢ ᠣᠷᠣᠭᠤᠯᠤᠨ᠎ᠠ᠃ | 11 ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠦᠢᠯ ᠤᠨ ᠭᠤᠣᠯ ᠬᠥᠭᠵᠢᠯᠲᠡ ᠶᠢᠨ ᠭᠦᠢᠴᠡᠳᠬᠡᠯ ᠲᠤᠭ᠎ᠠ᠄ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠂ ᠠᠯᠪᠠᠨ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ | ᠬᠠᠷᠢᠴᠠᠯ ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ ᠵᠢᠭᠠᠨ᠎ᠠ᠃ | 12 ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾᠄ ᠬᠥᠬᠡᠭᠴᠢᠨ ᠲᠦᠷᠦᠯ ᠤᠨ | ᠬᠠᠯᠳᠠᠪᠤᠷᠢᠲᠤ ᠡᠪᠡᠳᠴᠢᠨ ᠳᠤ ᠬᠥᠬᠡᠭᠴᠢᠨ ᠳᠡᠰ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠶᠢ ᠵᠢᠭᠠᠵᠤ ᠪᠠᠶᠢᠨ᠎ᠠ᠃ ᠮᠠᠨ ᠤ ᠤᠯᠤᠰ ᠤᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠬᠠᠯᠳᠠᠪᠤᠷᠢᠲᠤ | ᠡᠪᠡᠳᠴᠢᠨ ᠤ ᠭᠡᠨᠡᠳᠲᠡ ᠡᠭᠦᠰᠬᠦ᠂ ᠳᠡᠯᠭᠡᠷᠡᠭᠰᠡᠨ ᠪᠠᠶᠢᠳᠠᠯ ᠪᠠ ᠬᠤᠣᠷ ᠬᠥᠨᠥᠭᠡᠯ ᠤᠨ ᠬᠡᠮᠵᠢᠶ᠎ᠡ ᠪᠠᠷ ᠨᠢ ᠬᠥᠬᠡ᠂ ᠬᠥᠬᠡᠭᠴᠢᠨ᠂ ᠤᠯᠠᠭᠠᠨ ᠭᠡᠵᠦ ᠭᠤᠷᠪᠠᠨ | ᠲᠦᠷᠦᠯ ᠳᠤ ᠬᠤᠪᠢᠶᠠᠵᠤ ᠪᠣᠯᠣᠨ᠎ᠠ᠂ ᠤᠯᠤᠰ ᠤᠨ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠠᠳᠠᠯᠢ ᠪᠤᠰᠤ ᠲᠦᠷᠦᠯ ᠤᠨ ᠬᠠᠯᠳᠠᠪᠤᠷᠢᠲᠤ ᠡᠪᠡᠳᠴᠢᠨ ᠳᠤ | ᠴᠢᠭᠯᠡᠭᠦᠯᠦᠨ ᠣᠷᠢᠳᠴᠢᠯᠠᠨ ᠰᠡᠷᠭᠡᠶᠢᠯᠡᠬᠦ᠂ ᠬᠢᠵᠠᠭᠠᠷᠯᠠᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠳᠠᠷᠤᠢ ᠬᠦᠮᠦᠰ ᠤᠨ ᠦᠷᠭᠦᠯᠵᠢ ᠬᠡᠯᠡᠳᠡᠭ ︽ᠬᠦᠬᠡ | ᠬᠠᠮᠢᠶᠠᠷᠤᠯᠲᠠ︾᠂ ︽ᠬᠥᠬᠡᠭᠴᠢᠨ ᠬᠠᠮᠢᠶᠠᠷᠤᠯᠲᠠ︾ ᠪᠠ ︽ᠤᠯᠠᠭᠠᠨ ᠬᠠᠮᠢᠶᠠᠷᠤᠯᠲᠠ︾ ᠪᠣᠯᠣᠨ᠎ᠠ᠃ | 13᠂ ᠵᠢᠷᠭᠤᠭᠠᠨ ᠶᠡᠭᠡ ᠢᠨᠵᠧᠨᠧᠷᠢᠩ᠄ ᠲᠤᠬᠠᠶᠢᠯᠠᠪᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠤ ᠮᠠᠩᠬ᠎ᠠ ᠶᠢ ᠰᠡᠷᠭᠡᠶᠢᠯᠡᠨ ᠵᠠᠰᠠᠬᠤ | ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠲᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠤᠨ᠎ᠠ᠃ | 14 ᠂ ︽ᠪᠡᠯᠡ ᠤᠷᠤᠭᠤᠯᠤᠯᠲᠠ ᠪᠦᠳᠦᠭᠡᠨ ᠪᠠᠶᠢᠭᠤᠯᠤᠯᠲᠠ ᠲᠡᠭᠡᠭᠡᠪᠦᠷᠢ︾ ᠶᠢ ᠨᠢᠭᠡ ᠴᠣᠭᠴᠠᠵᠢᠭᠤᠯᠬᠤ ᠵᠠᠭᠪᠤᠷ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠳᠤᠮᠳᠠ᠂ ᠲᠣᠮᠣ ᠬᠡᠯᠪᠡᠷᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠳᠡᠪᠬᠢᠲᠡᠢ ᠪᠠᠷ ᠵᠣᠯᠭᠠᠭᠤᠯᠵᠤ ᠣᠷᠣᠭᠤᠯᠤᠨ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ ᠬᠦᠴᠦᠨ ᠢᠶᠠᠷ ᠴᠢᠩᠭ᠎ᠠ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ | ᠣᠷᠣᠭᠤᠯᠬᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠪᠦᠲᠦᠭᠡᠨ ᠪᠠᠶᠢᠭᠤᠯᠬᠤ᠂ ᠳᠠᠷᠢᠵᠤ ᠤᠷᠭᠤᠭᠤᠯᠤᠨ ᠲᠡᠭᠡᠭᠡᠪᠤᠷᠢᠯᠡᠨ ᠡᠵᠡᠩᠨᠡᠬᠦ ᠶᠢ ᠨᠢᠭᠡ ᠴᠤᠭᠴᠠᠵᠢᠭᠤᠯᠬᠤ ᠶᠢ | ᠪᠡᠶᠡᠯᠡᠭᠦᠯᠬᠦ ᠶᠢ ᠵᠢᠭᠠᠵᠤ ᠪᠣᠶ᠃ | 15᠂ ᠤᠷᠠᠳ ᠨᠣᠲᠤᠭ ᠤᠨ ᠠᠮᠲᠠᠳᠤ ᠢᠳᠡᠭᠡᠨ᠄ ᠠᠮᠲᠠᠲᠤ ᠢᠳᠡᠭᠡᠨ ᠢᠶᠠᠷ ᠭᠠᠷᠳᠠᠴᠠ ᠪᠣᠯᠭᠠᠨ᠂ ᠤᠷᠠᠳ ᠤᠨ ᠳᠤᠮᠳᠠᠳᠤ ᠬᠤᠰᠢᠭᠤᠨ ᠤ ᠣᠯᠠᠨ ᠡᠰᠢᠲᠦ ᠢᠳᠡᠭᠡᠨ | ᠤᠮᠳᠠᠭᠠᠨ ᠤ ᠰᠣᠶᠣᠯ ᠤᠨ ᠠᠭᠤᠯᠬᠤᠨ ᠢ ᠠᠭᠤᠳᠠᠯᠵᠤ᠂ ᠥᠪᠥᠷ ᠮᠣᠩᠭᠤᠯ ᠤᠨ ᠤᠯᠠᠮᠵᠢᠯᠠᠯᠲᠤ ᠢᠳᠡᠭᠡᠨ ᠤᠮᠳᠠᠭᠠᠨ ᠤ ᠰᠣᠶᠣᠯ ᠤᠨ ᠥᠪ ᠢ ᠬᠠᠮᠠᠭᠠᠯᠠᠨ | ᠵᠠᠯᠭᠠᠮᠵᠢᠯᠠᠵᠤ᠂ ᠤᠷᠠᠳ ᠤᠨ ᠳᠤᠮᠳᠠᠳᠤ ᠬᠤᠰᠢᠭᠤᠨ ᠤ ᠭᠠᠵᠠᠷ ᠣᠷᠣᠨ ᠤ ᠠᠮᠲᠠᠲᠤ ᠢᠳᠡᠭᠡᠨ ᠤ IP ᠶᠢᠨ ᠰᠢᠯᠢᠳᠡᠭ ᠢ ᠨᠢ ᠰᠤᠩᠭᠤᠨ᠂ ᠵᠠᠰᠠᠭ ᠤᠨ ᠣᠷᠳᠤᠨ | ᠬᠦᠳᠦᠯᠦᠨ ᠲᠠᠭᠠᠭᠤᠯᠬᠤ᠂ ᠭᠤᠣᠯ ᠴᠣᠭᠴᠠ ᠶᠢᠨ ᠠᠵᠤ ᠠᠬᠤᠶᠢᠯᠠᠯ ᠣᠷᠣᠯᠴᠠᠬᠤ ᠠᠷᠭ᠎ᠠ ᠬᠡᠯᠪᠡᠷᠢ ᠪᠠᠷ ᠤᠷᠠᠳ ᠤᠨ ᠳᠤᠮᠳᠠᠳᠤ ᠬᠤᠰᠢᠭᠤᠨ ᠤ ᠣᠯᠠᠨ ᠡᠰᠢᠲᠦ | ᠢᠳᠡᠭᠡᠨ ᠤᠮᠳᠠᠭᠠᠨ ᠤ ᠰᠣᠶᠣᠯ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠬᠠᠮᠲᠤ᠂ ᠠᠮᠲᠠᠲᠤ ᠢᠳᠡᠭᠡᠨ ᠤ ᠰᠣᠶᠣᠯ ᠤᠨ ᠤᠯᠠᠮᠵᠢᠯᠠᠨ ᠳᠡᠯᠭᠡᠷᠡᠭᠦᠯᠬᠦ ᠥᠪᠡᠷᠮᠢᠴᠡ | ᠠᠷᠭ᠎ᠠ ᠵᠠᠮ ᠪᠠ ᠲᠠᠲᠠᠬᠤ ᠬᠦᠴᠦᠨ ᠢ ᠠᠰᠢᠭᠯᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠬᠦ ᠠᠵᠤ ᠦᠢᠯᠡᠰ ᠤᠨ | ᠬᠡᠯᠬᠢᠶᠡᠵᠢᠯ ᠢ ᠬᠦᠭᠵᠢᠬᠦᠯᠦᠨ᠎ᠡ᠃ | 16᠂ ᠨᠢᠭᠡ ᠲᠣᠭᠤᠷᠢᠭ ᠬᠤᠶᠠᠷ ᠬᠦᠷᠢᠶᠡᠯᠡᠩ᠄ ᠭᠠᠭᠴᠠᠮᠣᠳᠣ ᠬᠢᠯᠢ ᠶᠢᠨ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ᠂ ᠶᠢᠨ ᠴᠢᠤᠸᠠᠨ ᠠᠵᠤ | ᠦᠢᠯᠡᠰ ᠤᠨ ᠬᠦᠷᠢᠶᠡᠯᠡᠩ᠂ ᠶᠢᠨ ᠬᠠᠢ ᠠᠵᠤ ᠦᠢᠯᠡᠰ ᠤᠨ ᠬᠦᠷᠢᠶᠡᠯᠡᠩ ᠢ ᠵᠢᠭᠠᠵᠤ ᠪᠣᠶ᠃ | 17᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠄ ᠨᠢᠭᠡ ᠰᠦᠯᠵᠢᠶᠡᠨ ᠳᠡᠭᠡᠷ᠎ᠡ ᠭᠠᠷᠴᠤ ᠪᠥᠬᠦ ᠶᠠᠪᠤᠳᠠᠯ ᠢ ᠭᠦᠢᠴᠡᠳᠭᠡᠬᠦ ᠶᠢ ᠵᠢᠭᠠᠵᠤ ᠪᠣᠶ᠃ ᠠᠳᠠᠯᠢ ᠪᠤᠰᠤ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠪᠲᠡᠷᠡᠭᠦᠯᠵᠦ᠂ ᠤᠯᠠᠨ ᠲᠦᠮᠡᠨ ᠵᠥᠪᠬᠡᠨ ᠨᠢᠭᠡ ᠯᠡ ᠬᠡᠷᠡᠭ ᠡᠷᠬᠢᠯᠡᠬᠦ ᠰᠢᠰᠲ᠋ᠧᠮ ᠳᠡᠭᠡᠷ᠎ᠡ ᠭᠠᠷᠴᠤ | ᠠᠵᠢᠯᠯᠠᠪᠠᠯ ᠳᠠᠷᠤᠢ ᠠᠳᠠᠯᠢ ᠪᠤᠰᠤ ᠬᠦᠷᠢᠶ᠎ᠡ ᠴᠠᠷᠠᠭᠠᠨ ᠤ ᠠᠵᠢᠯ ᠶᠠᠪᠤᠳᠠᠯ ᠢ ᠪᠦᠬᠦᠨ ᠢ ᠭᠦᠢᠴᠡᠳᠭᠡᠨ ᠰᠢᠢᠳᠪᠦᠷᠢᠯᠡᠵᠦ ᠳᠡᠶᠢᠯᠬᠦ ᠪᠣᠯᠣᠨ᠎ᠠ᠃ | 18᠂ ᠭᠤᠷᠪᠠᠨ ᠬᠠᠮᠢᠶᠠᠷᠤᠯᠲᠠ ᠳᠤ ᠭᠤᠷᠪᠠᠨ ᠡᠷᠬᠡᠪᠰᠢ ᠶᠢ ᠪᠡᠶᠡᠯᠡᠬᠦᠯᠬᠦ᠄ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ | ᠪᠠᠶᠢᠬᠤ ᠶᠢ ᠬᠠᠮᠢᠶᠠᠷᠬᠤ ᠶᠢ ᠵᠢᠭᠠᠵᠤ ᠪᠠᠶᠢᠨ᠎ᠠ᠃ | 19 ᠂ ᠬᠤᠶᠠᠷ ᠱᠤᠭᠤᠮ ᠭᠤᠷᠪᠠᠨ ᠲᠤᠭᠤᠷᠢᠭ ᠄ ᠤᠯᠤᠰ ᠤᠨ ᠱᠤᠭᠤᠮ G0616 ᠭᠠᠭᠴᠠᠮᠤᠳᠤ ᠠᠴᠠ ᠮᠤᠨᠢ ᠠᠭᠤᠯᠠ ᠬᠦᠷᠬᠦ ᠲᠦᠷᠭᠡᠨ ᠤ ᠵᠠᠮ᠂ ᠭᠦᠸᠧ ᠨᠧᠩ | ᠱᠧᠨ ᠬᠤᠸᠠ ᠭᠠᠭᠴᠠᠮᠤᠳᠤ ᠠᠴᠠ ᠸᠠᠨ ᠱᠦᠢ ᠴᠢᠤᠸᠠᠨ ᠬᠦᠷᠬᠦ ᠲᠡᠮᠦᠷ ᠵᠠᠮ︔ ᠭᠠᠭᠴᠠᠮᠤᠳᠤ ᠪᠠᠯᠭᠠᠰᠤᠨ ᠤ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ | ᠲᠣᠭᠤᠷᠢᠭ᠂ ᠬᠠᠯᠢᠭᠤᠳᠤ ᠪᠠᠯᠭᠠᠰᠤᠨ ᠤ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠲᠡᠭᠡᠭᠡᠪᠦᠷᠢᠯᠡᠬᠦ ᠲᠣᠭᠤᠷᠢᠭ᠂ ᠭᠠᠭᠴᠠᠮᠤᠳᠤ ᠬᠢᠯᠢ ᠶᠢᠨ ᠪᠣᠭᠤᠮᠲᠠ ᠶᠢᠨ | ᠪᠤᠯᠪᠠᠰᠤᠷᠠᠭᠤᠯᠤᠯᠲᠠ ᠶᠢᠨ ᠲᠣᠭᠤᠷᠢᠭ ᠤᠨ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠪᠠᠷᠠᠭᠠᠨ ᠤ ᠲᠥᠪᠯᠡᠷᠡᠭᠦᠯᠦᠨ ᠲᠠᠷᠬᠠᠭᠠᠬᠤ ᠲᠣᠭᠤᠷᠢᠭ᠃ | 20᠂ ᠲᠣᠳᠤ ᠭᠡᠷᠡᠯᠲᠦ ᠢᠨᠵᠧᠨᠧᠷᠢᠩ᠄ ᠬᠤᠰᠢᠭᠤ ᠰᠢᠶᠠᠨ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ | ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠴᠢᠯᠠᠯᠲᠠ ᠪᠠᠷ ᠲᠤᠯᠭᠠᠭᠤᠷᠢᠯᠠᠵᠤ᠂ ᠣᠷᠣᠨ ᠲᠣᠭᠤᠷᠢᠭᠴᠢᠯᠠᠭᠰᠠᠨ ᠬᠠᠮᠢᠶᠠᠷᠤᠯᠲᠠ ᠳᠤ | ᠰᠠᠭᠤᠷᠢᠯᠠᠨ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠰᠦᠯᠵᠢᠶᠡᠵᠢᠭᠦᠯᠦᠨ ᠬᠡᠷᠡᠭᠯᠡᠬᠦ ᠪᠠᠷ ᠭᠤᠣᠯᠳᠠᠯᠭ᠎ᠠ | ᠪᠣᠯᠭᠠᠭᠰᠠᠨ ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠵᠢᠭᠠᠨ᠎ᠠ᠃ | 21᠂ ᠹᠧᠩ ᠴᠢᠶᠣᠣ ᠶᠢᠨ ᠲᠤᠷᠰᠢᠯᠭ᠎ᠠ᠄ ᠵᠧᠵᠢᠶᠠᠩ ᠮᠤᠵᠢ ᠶᠢᠨ ᠵᠦᠵᠢ ᠰᠢᠶᠠᠨ ︵ᠤᠳᠤ ᠶᠢᠨ ᠵᠦᠵᠢ ᠬᠤᠳᠠ︶ ᠤ ᠹᠧᠩ ᠴᠢᠶᠣᠣ ᠪᠠᠯᠭᠠᠰᠤᠨ ᠤ ᠺᠠᠳ᠋ᠷ ᠤᠯᠠᠨ | ᠲᠦᠮᠡᠨ ᠤ ᠡᠭᠦᠳᠦᠨ ᠪᠦᠲᠦᠭᠡᠭᠰᠡᠨ ︽ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠥᠷᠢᠴᠡᠯ ᠵᠢᠭᠤᠷᠠᠯᠳᠤᠭᠠᠨ ᠢ ᠳᠡᠭᠡᠭᠰᠢ ᠮᠡᠳᠡᠭᠦᠯᠬᠦ ᠦᠭᠡᠢ ᠪᠠᠶᠢᠬᠤ ᠶᠢ | ᠪᠠᠷᠢᠮᠲᠠᠯᠠᠵᠤ᠂ ᠲᠤᠬᠠᠢ ᠶᠢᠨ ᠭᠠᠵᠠᠷ ᠲᠤ ᠨᠢ ᠰᠢᠢᠳᠪᠦᠷᠢᠯᠡᠵᠦ᠂ ᠪᠠᠷᠢᠵᠤ ᠪᠠᠷᠢᠪᠴᠢᠯᠠᠬᠤ ᠪᠠᠶᠢᠳᠠᠯ ᠦᠭᠡᠢ᠂ ᠨᠡᠶᠢᠭᠡᠮ ᠤᠨ ᠵᠠᠰᠠᠯᠲᠠ ᠠᠮᠤᠷ ᠠᠮᠤᠭᠤᠯᠠᠩ ᠪᠠᠶᠢᠬᠤ︾ | ᠲᠤᠷᠰᠢᠯᠭ᠎ᠠ ᠶᠢ ᠬᠡᠯᠡᠵᠦ ᠪᠠᠶᠢᠨ᠎ᠠ᠃ | 22᠂ ᠭᠤᠷᠪᠠᠨ ᠰᠠᠯᠵᠤ ᠴᠢᠳᠠᠬᠤ ᠦᠭᠡᠢ᠄ ᠳᠠᠷᠤᠢ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ | ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ | ᠰᠠᠯᠵᠤ ᠴᠢᠳᠠᠬᠤ ᠦᠭᠡᠢ᠃ | 23 ᠂ ᠳᠥᠷᠪᠡᠨ ᠬᠠᠮᠲᠤ ᠪᠠᠷ᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ | ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ | ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠤᠶᠢᠵᠢᠭᠤᠯᠤᠭᠰᠠᠨ ᠶᠤᠮ᠃ | 24᠂ ᠲᠦᠷᠪᠡᠨ ᠬᠠᠮᠳᠤᠳᠬᠠᠬᠤ᠄ ᠲᠤᠬᠠᠶᠢᠯᠠᠪᠠᠯ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠢᠷᠠᠭᠤ ᠠᠯᠳᠠᠷ ᠢᠴᠢᠬᠦᠷᠢ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ | 25᠂ ᠲᠠᠪᠤᠨ ᠬᠠᠮᠲᠤ ᠶᠢᠨ ᠲᠠᠨᠢᠯᠲᠠ᠄ ᠲᠤᠬᠠᠶᠢᠯᠠᠪᠠᠯ ᠠᠭᠤᠤ ᠶᠡᠭᠡ ᠡᠬᠡ ᠤᠯᠤᠰ ᠤᠨ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠶᠢᠨ ᠦᠨᠳᠦᠰᠦᠲᠡᠨ ᠤ | ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ | ᠬᠠᠮᠲᠤ ᠶᠢᠨ ᠲᠠᠨᠢᠯᠲᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠪᠣᠯᠤᠨ᠎ᠠ᠃ | 26 ᠂ ᠨᠠᠢᠮᠠ ᠳᠤ ᠣᠷᠣᠭᠤᠯᠬᠤ + N ᠄ ᠳᠠᠷᠤᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ ᠂ ᠠᠵᠤ | ᠠᠬᠤᠶᠢᠯᠠᠯ ᠂ ᠨᠡᠶᠢᠭᠡᠮ ᠲᠣᠭᠤᠷᠢᠭ ᠂ ᠰᠤᠮᠤ ᠰᠢᠶᠠᠩ ᠪᠠᠯᠭᠠᠰᠤ ᠂ ᠰᠤᠷᠭᠠᠭᠤᠯᠢ ᠂ ᠴᠡᠷᠢᠭ ᠠᠩᠭᠢ ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠂ | ᠰᠦᠯᠵᠢᠶ᠎ᠡ ᠳᠤ ᠣᠷᠣᠭᠤᠯᠬᠤ ᠶᠢ ᠬᠡᠯᠡᠵᠦ ᠪᠣᠢ ᠃ N ᠪᠣᠯ ᠲᠤᠰ ᠭᠠᠵᠠᠷ ᠣᠷᠣᠨ ᠤ ᠪᠠᠨ ᠣᠨᠴᠠᠯᠢᠭ ᠢ ᠦᠨᠳᠦᠰᠦᠯᠡᠨ ᠰᠢᠨ᠎ᠡ ᠶᠢ ᠡᠭᠦᠳᠬᠦ ᠴᠢᠨᠠᠷᠲᠠᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠨᠢᠬᠦᠯᠬᠦ ᠶᠢ ᠵᠢᠭᠠᠨ᠎ᠠ᠃ ᠵᠢᠱᠢᠶᠡᠯᠡᠪᠡᠯ ᠬᠤᠶᠠᠷ ᠰᠢᠨ᠎ᠡ ᠵᠣᠬᠢᠶᠠᠨ | ᠪᠠᠶᠢᠭᠤᠯᠤᠯᠲᠠ ᠳᠤ ᠣᠷᠣᠭᠤᠯᠬᠤ ᠂ ᠴᠣᠩᠬᠤᠪᠴᠢ ᠨᠢᠭᠡᠴᠢ ᠳᠤ ᠣᠷᠣᠭᠤᠯᠬᠤ ᠂ ᠡᠭᠡᠯᠵᠢ ᠳᠤᠭᠤᠶᠢᠯᠠᠩ ᠳᠤ ᠣᠷᠣᠭᠤᠯᠬᠤ ᠵᠡᠷᠭᠡ ᠪᠣᠯᠣᠨ᠎ᠠ ᠃ | 27᠂ ᠬᠤᠲᠠ ᠶᠢᠨ ᠰᠢᠨᠡᠴᠢᠯᠡᠯᠲᠡ᠄ ᠬᠤᠲᠠ ᠶᠢᠨ ᠲᠥᠪ ᠤᠨ ᠨᠢᠭᠡᠨᠲᠡ ᠪᠠᠶᠢᠭᠤᠯᠤᠭᠰᠠᠨ ᠬᠤᠲᠠ ᠶᠢᠨ ᠲᠤᠭᠤᠷᠢᠭ ᠤᠨ ᠣᠷᠣᠨ ᠵᠠᠢ ᠶᠢᠨ ᠬᠡᠯᠪᠡᠷᠢ ᠪᠠᠶᠢᠳᠠᠯ ᠪᠠ | ᠴᠢᠳᠠᠮᠵᠢ ᠶᠢ ᠴᠡᠭᠴᠡᠯᠡᠨ ᠵᠠᠰᠠᠬᠤ᠂ ᠰᠢᠨᠡᠳᠭᠡᠬᠦ᠂ ᠰᠢᠯᠢᠳᠡᠭᠵᠢᠭᠦᠯᠬᠦ ᠶᠢᠨ ᠤᠯᠠᠮ ᠢᠶᠠᠷ ᠭᠡᠷ ᠪᠠᠶᠢᠰᠢᠩ ᠤᠨ ᠬᠡᠷᠡᠭᠯᠡᠯᠲᠡ᠂ ᠬᠤᠲᠠ ᠶᠢᠨ ᠶᠠᠪᠤᠳᠠᠯ ᠤᠨ ᠲᠦᠬᠦᠭᠡᠷᠦᠮᠵᠢ᠂ | ᠨᠡᠶᠢᠲᠡ ᠶᠢᠨ ᠲᠦᠬᠦᠭᠡᠷᠦᠮᠵᠢ ᠶᠢ ᠢᠵᠢ ᠪᠦᠷᠢᠳᠦᠭᠦᠯᠬᠦ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠠᠵᠤ ᠦᠢᠯᠡᠰ ᠤᠨ ᠪᠦᠲᠦᠴᠡ᠂ ᠣᠷᠴᠢᠨ ᠲᠣᠭᠤᠷᠢᠨ ᠤ ᠴᠢᠨᠠᠷ | ᠴᠢᠨᠰᠠᠭ᠎ᠠ᠂ ᠰᠣᠶᠣᠯ ᠤᠨ ᠤᠯᠠᠮᠵᠢᠯᠠᠯ ᠵᠡᠷᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠭᠠᠵᠤ ᠪᠣᠶ᠃ | 28᠂ ᠡᠷᠡᠭᠦᠯ ᠡᠩᠬᠡ ᠶᠢᠨ ᠡᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠄ ᠡᠷᠡᠭᠦᠯ ᠡᠩᠬᠡ ᠰᠤᠮᠤ ᠪᠠᠯᠭᠠᠰᠤ᠂ ᠡᠷᠡᠭᠦᠯ ᠡᠩᠬᠡ ᠨᠡᠶᠢᠭᠡᠮ ᠲᠣᠭᠤᠷᠢᠭ ︵ | ᠭᠠᠴᠠᠭ᠎ᠠ ᠲᠣᠰᠬᠤᠨ ︶ ᠂ ᠡᠷᠡᠭᠦᠯ ᠡᠩᠬᠡ ᠪᠠᠶᠢᠭᠤᠯᠭ᠎ᠠ ᠨᠢᠭᠡᠴᠢ᠂ ᠡᠷᠡᠭᠦᠯ ᠡᠩᠬᠡ ᠭᠡᠷ ᠪᠦᠯᠢ ᠶᠢ ᠪᠦᠳᠦᠭᠡᠨ ᠪᠠᠶᠢᠭᠤᠯᠬᠤ ᠶᠢ ᠵᠢᠭᠠᠵᠤ ᠪᠤᠢ᠃ | 29᠂ ᠪᠣᠶ ᠪᠦᠬᠦᠢ ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢ ᠣᠯᠭᠤᠬᠤ᠄ ᠪᠣᠢ ᠪᠦᠬᠦᠢ ᠦᠭᠡᠷᠡᠴᠢᠯᠡᠯᠲᠡ ᠭᠦᠭᠵᠢᠯᠲᠡ ᠳᠤ | ᠲᠣᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠤᠯ ᠢ | ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠦᠮᠦᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠣᠯᠭᠤᠪᠠ᠃ | 30᠂ ᠮᠣᠩᠭᠤᠯ ᠮᠣᠷᠢᠨ ᠤ ᠵᠣᠷᠢᠭ ᠰᠠᠨᠠᠭ᠎ᠠ ᠄ ᠲᠡᠰᠪᠦᠷᠢ ᠬᠠᠳᠠᠭᠤᠵᠢᠯᠳᠠᠢ᠂ ᠴᠤᠴᠠᠯᠳᠠ ᠦᠭᠡᠢ ᠤᠷᠤᠭᠰᠢᠯᠠᠨ᠂ ᠵᠣᠷᠢᠭᠰᠠᠨ ᠳᠠᠭᠠᠨ ᠵᠠᠪᠠᠯ ᠬᠦᠷᠬᠦ ᠵᠤᠷᠢᠭ | ᠰᠠᠨᠠᠭ᠎ᠠ ᠶᠢ ᠵᠢᠭᠠᠵᠤ ᠪᠤᠢ᠃ | 31᠂ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ᠄ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠶ | ᠴᠢᠷᠮᠠᠶᠢᠬᠤ᠂ ᠤᠳᠠᠭᠠᠨ ᠳᠠᠭᠠᠭᠠᠮᠠᠭᠠᠶ ᠴᠢᠷᠮᠠᠶᠢᠬᠤ ᠵᠤᠷᠢᠭ ᠰᠠᠨᠠᠭ᠎ᠠ ᠶᠢ ᠵᠢᠭᠠᠵᠤ ᠪᠤᠢ᠃ | |