ᠨᠠᠰᠤᠲᠠᠨ ᠣᠮᠪᠣᠯᠣ ᠪᠠᠨ ᠠᠰᠠᠷᠠᠨ ᠬᠠᠷᠠᠭᠠᠯᠵᠠᠪᠠᠯ ᠦᠷ᠎ᠡ ᠬᠡᠦᠬᠡᠳ ᠢᠶᠠᠷ ᠢᠶᠠᠨ ︽ᠣᠮᠪᠣᠯᠣ ᠬᠠᠷᠠᠭᠰᠠᠨ ᠵᠠᠷᠤᠳᠠᠯ︾ ᠦᠭᠭᠦᠭᠦᠯᠬᠦ ᠪᠠᠷ ᠱᠠᠭᠠᠷᠳᠠᠬᠤ ᠡᠷᠬᠡ ᠲᠠᠢ | ᠦᠦ︖ ᠡᠪᠦᠭᠡ ᠣᠮᠪᠣᠯᠣ ᠬᠤᠭᠤᠷᠣᠨᠳᠣ ᠪᠠᠨ ᠠᠰᠠᠷᠠᠨ ᠲᠡᠵᠢᠭᠡᠬᠦ ᠡᠭᠦᠷᠭᠡ ᠲᠠᠢ ᠦᠦ︖ ᠣᠶᠢᠷ᠎ᠠ ᠳᠤ᠂ ᠬᠤᠨᠠᠨ ᠮᠤᠵᠢ ᠶᠢᠨ ᠶᠦᠩᠵᠸᠥ ᠬᠤᠲᠠ ᠶᠢᠨ ᠳ᠋ᠤᠤ | ᠰᠢᠶᠠᠨ ᠤ ᠠᠷᠠᠳ ᠤᠨ ᠰᠢᠭᠦᠬᠦ ᠬᠤᠷᠢᠶ᠎ᠠ ᠨᠠᠰᠤᠲᠠᠨ ︽ᠣᠮᠪᠣᠯᠣ ᠬᠠᠷᠠᠭᠰᠠᠨ ᠵᠠᠷᠤᠳᠠᠯ︾ ᠨᠡᠬᠡᠭᠰᠡᠨ ᠬᠡᠷᠡᠭ ᠤᠨ ᠵᠢᠱᠢᠶ᠎ᠡ ᠶᠢ ᠰᠢᠭᠦᠪᠡ᠃ | ᠵᠠᠭᠠᠯᠳᠤᠭᠳᠠᠭᠴᠢ ᠡᠦ × ᠵᠢᠶᠠ ᠪᠣᠯ ᠵᠠᠭᠠᠯᠳᠤᠭᠴᠢ ᠡᠦ × ᠯᠦᠩ ᠪᠣᠯᠣᠨ ᠾᠧ ᠣᠪᠣᠭᠲᠤ ᠶᠢᠨ ᠬᠦᠦ ᠮᠥᠨ᠂ ᠲᠡᠷᠡ ᠵᠠᠭᠠᠯᠳᠤᠭᠳᠠᠭᠴᠢ ᠯᠢ × | ᠬᠤᠸᠠ ᠲᠠᠢ ᠤᠷᠤᠭᠯᠠᠭᠠᠳ ᠡᠦ × ᠶᠤᠸᠠᠨ᠂ ᠡᠦ × ᠽᠧ ᠶᠢ ᠲᠦᠷᠦᠵᠡᠢ᠂ ᠰᠡᠭᠦᠯᠡᠷ ᠨᠢ ᠵᠠᠭᠠᠯᠳᠤᠭᠳᠠᠭᠴᠢ ᠡᠷ᠎ᠡ ᠡᠮ᠎ᠡ ᠬᠤᠶᠠᠭᠤᠯᠠ ᠭᠠᠳᠠᠭᠰᠢ ᠭᠠᠷᠤᠭᠠᠳ | ᠬᠠᠷᠢᠵᠤ ᠢᠷᠡᠭᠰᠡᠨ ᠦᠭᠡᠢ᠂ 4 ᠨᠠᠰᠤᠲᠠᠢ ᠡᠦ × ᠶᠤᠸᠠᠨ᠂ 2 ᠨᠠᠰᠤᠲᠠᠢ ᠡᠦ × ᠽᠧ ᠶᠢ ᠭᠡᠷ ᠲᠡᠭᠡᠨ ᠦᠯᠡᠳᠡᠭᠡᠵᠦ ᠡᠪᠦᠭᠡ ᠡᠮᠡᠭᠡ ᠲᠤᠬᠠᠶᠢᠯᠠᠪᠠᠯ | ᠵᠠᠭᠠᠯᠳᠤᠭᠴᠢ ᠪᠠᠷ ᠠᠰᠠᠷᠠᠭᠤᠯᠤᠨ ᠲᠡᠵᠢᠭᠡᠯᠭᠡᠵᠡᠢ᠂ ᠬᠡᠦᠬᠡᠳ ᠤᠨ ᠪᠡᠶ᠎ᠡ ᠨᠢ ᠮᠠᠭᠤ ᠡᠪᠡᠳᠴᠢᠨ ᠣᠯᠠᠨᠲᠠᠢ ᠪᠤᠯᠬᠤᠷ ᠨᠠᠰᠤ ᠪᠠᠷ ᠨᠡᠯᠢᠶᠡᠳ ᠥᠨᠳᠥᠷ ᠬᠤᠶᠠᠷ ᠨᠠᠰᠤᠲᠠᠨ | ᠠᠰᠠᠷᠠᠨ ᠲᠡᠵᠢᠭᠡᠬᠦ ᠳᠤ ᠮᠠᠰᠢ ᠬᠦᠴᠢᠷᠳᠡᠵᠦ᠂ ᠦᠷ᠎ᠡ ᠬᠡᠦᠬᠡᠳ ᠤᠨ ᠢᠶᠠᠨ ᠭᠡᠷ ᠲᠡᠭᠡᠨ ᠬᠠᠷᠢᠵᠤ ᠬᠡᠦᠬᠡᠳ ᠢᠶᠠᠨ ᠬᠠᠷᠠᠭᠠᠯᠵᠠᠬᠤ ᠪᠤᠶᠤ ᠬᠡᠦᠬᠡᠳ ᠢᠶᠠᠨ | ᠬᠠᠵᠠᠭᠤ ᠳᠤ ᠪᠠᠨ ᠳᠠᠭᠠᠭᠤᠯᠵᠤ ᠬᠠᠷᠠᠭᠠᠯᠵᠠᠬᠤ ᠶᠢ ᠬᠦᠰᠡᠭᠰᠡᠭᠡᠷ ᠢᠷᠡᠵᠡᠢ᠂ ᠭᠡᠪᠡᠴᠦ ᠵᠠᠭᠠᠯᠳᠤᠭᠳᠠᠭᠴᠢ ᠬᠤᠶᠠᠭᠤᠯᠠ ᠶᠡᠷᠦ ᠠᠴᠠ ᠬᠠᠷᠢᠵᠤ ᠢᠷᠡᠭᠰᠡᠨ ᠦᠭᠡᠢ᠂ | ᠠᠰᠠᠷᠠᠨ ᠲᠡᠵᠢᠭᠡᠬᠦ ᠡᠭᠦᠷᠭᠡ ᠪᠠᠨ ᠴᠦ ᠭᠦᠢᠴᠡᠳᠬᠡᠭᠰᠡᠨ ᠦᠭᠡᠢ᠂ ᠠᠰᠠᠷᠠᠨ ᠲᠡᠵᠢᠭᠡᠬᠦ ᠵᠠᠷᠤᠳᠠᠯ ᠢ ᠴᠤ ᠥᠭᠭᠦᠭᠰᠡᠨ ᠦᠭᠡᠢ᠃ ᠬᠡᠦᠬᠡᠳ ᠤᠨ ᠥᠰᠥᠯᠲᠡ ᠪᠤᠶᠢᠵᠢᠯᠲᠠ | ᠪᠣᠯᠤᠨ ᠥᠪᠡᠷ ᠤᠨ ᠠᠵᠤ ᠠᠬᠤᠶ ᠶᠢᠨ ᠪᠠᠶᠢᠳᠠᠯ ᠢᠶᠠᠨ ᠪᠣᠳᠣᠯᠬᠢᠯᠠᠭᠠᠳ᠂ ᠬᠤᠶᠠᠷ ᠨᠠᠰᠤᠲᠠᠨ ᠠᠷᠭ᠎ᠠ ᠪᠤᠰᠤ ᠡᠷ᠎ᠡ ᠡᠮ᠎ᠡ ᠬᠤᠶᠠᠭᠤᠯᠠ ᠶᠢ ᠰᠢᠭᠦᠬᠦ ᠬᠤᠷᠢᠶᠠᠨ ᠳᠤ | ᠵᠠᠭᠠᠯᠳᠤᠵᠤ᠂ ᠰᠢᠭᠦᠬᠦ ᠬᠤᠷᠢᠶᠠᠨ ᠠᠴᠠ ᠠᠰᠠᠷᠠᠨ ᠲᠡᠵᠢᠭᠡᠬᠦ ᠵᠠᠷᠤᠳᠠᠯ 87101 ᠲᠥᠭᠦᠷᠢᠭ ᠥᠭᠭᠦᠭᠦᠯᠬᠦ ᠪᠠᠷ ᠲᠠᠰᠤᠯᠬᠤ ᠶᠢ ᠬᠦᠰᠡᠵᠡᠶ᠃ | ᠰᠢᠭᠦᠬᠦ ᠬᠤᠷᠢᠶ᠎ᠠ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠤ ᠳᠠᠷᠠᠭ᠎ᠠ ᠦᠵᠡᠭᠰᠡᠨ ᠨᠢ᠂ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠡᠴᠢᠭᠡ | ᠡᠬᠡ ᠨᠢ ᠦᠷ᠎ᠡ ᠬᠡᠦᠬᠡᠳ ᠢᠶᠠᠨ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ ᠪᠠ ᠬᠠᠮᠠᠭᠠᠯᠠᠬᠤ ᠡᠭᠦᠷᠭᠡ ᠲᠠᠢ᠂ ᠭᠠᠭᠴᠠ ᠬᠦ ᠡᠴᠢᠭᠡ ᠡᠬᠡ ᠨᠢ ᠨᠢᠭᠡᠨᠲᠡ ᠦᠬᠦᠭᠰᠡᠨ | ᠪᠤᠶᠤ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠴᠢᠳᠠᠪᠤᠷᠢ ᠦᠭᠡᠢ ᠪᠣᠯᠤᠭᠰᠠᠨ ᠣᠨᠴᠠᠭᠠᠢ ᠪᠠᠶᠢᠳᠠᠯ ᠤᠨ ᠳᠣᠣᠷ᠎ᠠ ᠰᠠᠶ᠋ᠢ ᠡᠭᠦᠷᠭᠡᠯᠡᠬᠦ ᠴᠢᠳᠠᠪᠤᠷᠢ ᠪᠦᠬᠦᠢ ᠡᠪᠦᠭᠡ | ᠡᠮᠡᠭᠡ᠂ ᠨᠠᠭᠠᠴᠤ ᠡᠪᠦᠭᠡ ᠡᠮᠡᠭᠡ ᠨᠢ ᠣᠮᠪᠣᠯᠣ ᠦᠷ᠎ᠡ ᠬᠡᠦᠬᠡᠳ᠂ ᠵᠢᠭᠡ ᠣᠮᠪᠣᠯᠣ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠡᠭᠦᠷᠭᠡ ᠲᠠᠢ ᠭᠡᠵᠦ ᠲᠣᠭᠲᠠᠭᠠᠵᠠᠢ᠃ | ᠡᠶᠢᠮᠦ ᠠᠴᠠ᠂ ᠡᠴᠢᠭᠡ ᠡᠬᠡ ᠨᠢ ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡ ᠲᠠᠢ᠂ ᠡᠪᠦᠭᠡ ᠡᠮᠡᠭᠡ᠂ | ᠨᠠᠭᠠᠴᠤ ᠡᠪᠦᠭᠡ ᠡᠮᠡᠭᠡ ᠨᠢ ᠣᠮᠪᠣᠯᠣ ᠦᠷ᠎ᠡ ᠬᠡᠦᠬᠡᠳ᠂ ᠵᠢᠭᠡ ᠣᠮᠪᠣᠯᠣ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠬᠠᠤᠯᠢ ᠪᠠᠷ ᠲᠣᠭᠲᠠᠭᠠᠭᠰᠠᠨ ᠡᠭᠦᠷᠭᠡ ᠦᠭᠡᠢ᠃ | ᠲᠤᠰ ᠬᠡᠷᠡᠭ ᠲᠤ᠂ ᠡᠦ × ᠵᠢᠶᠠ᠂ ᠯᠢ × ᠬᠤᠸᠠ ᠬᠤᠶᠠᠭᠤᠯᠠ ᠶᠠᠭ ᠵᠠᠯᠠᠭᠤ ᠢᠳᠡᠷ ᠦᠶ᠎ᠡ ᠳᠡᠭᠡᠨ ᠪᠠᠶᠢᠬᠤ ᠪᠦᠭᠡᠳ ᠪᠡᠶ᠎ᠡ ᠮᠠᠬᠠᠪᠣᠳ ᠨᠢ ᠡᠷᠡᠭᠦᠯ ᠴᠢᠭᠢᠷᠠᠭ᠂ | ᠡᠦ × ᠶᠤᠸᠠᠨ᠂ ᠡᠦ × ᠽᠧ ᠶᠢᠨ ᠲᠥᠷᠥᠭᠰᠡᠨ ᠡᠴᠢᠭᠡ ᠡᠬᠡ ᠪᠣᠯᠤᠭᠰᠠᠨ ᠤ ᠬᠤᠪᠢ ᠳᠤ ᠬᠤᠶᠠᠭᠤᠯᠠ ᠠᠰᠠᠷᠠᠨ ᠲᠡᠵᠢᠭᠡᠬᠦ ᠴᠢᠳᠠᠪᠤᠷᠢ ᠲᠠᠢ ᠪᠠᠶᠢᠳᠠᠯ ᠳᠣᠣᠷ᠎ᠠ | ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠶ᠂ ᠬᠠᠷᠢᠨ ᠲᠤᠰ ᠡᠭᠦᠷᠭᠡ ᠪᠠᠨ ᠡᠴᠢᠭᠡ ᠡᠬᠡ ᠳᠡᠭᠡᠨ ᠰᠢᠯᠵᠢᠭᠦᠯᠦᠨ ᠥᠭᠴᠦ᠂ ᠡᠪᠦᠭᠡ ᠡᠮᠡᠭᠡ ᠪᠠᠷ ᠨᠢ | ᠬᠤᠶᠠᠷ ᠣᠮᠪᠣᠯᠣ ᠶᠢ ᠨᠢ ᠠᠰᠠᠷᠠᠭᠤᠯᠤᠨ ᠲᠡᠵᠢᠭᠡᠯᠭᠡᠭᠰᠡᠨ ᠲᠤᠯᠠ ᠬᠠᠤᠯᠢ ᠶᠣᠰᠣᠭᠠᠷ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠵᠦ ᠠᠰᠠᠷᠠᠨ ᠲᠡᠵᠢᠭᠡᠬᠦ ᠵᠠᠷᠤᠳᠠᠯ | ᠥᠭᠬᠦ ᠬᠡᠷᠡᠭᠲᠡᠶ᠃ ᠡᠶᠢᠮᠦ ᠠᠴᠠ 2020 ᠣᠨ᠂ 2021 ᠣᠨ ᠤ ᠬᠤᠨᠠᠨ ᠮᠤᠵᠢ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢᠨ ᠪᠠᠷᠢᠮᠵᠢᠶ᠎ᠠ ᠶᠢ ᠦᠨᠳᠦᠰᠦᠯᠡᠨ᠂ ᠰᠢᠭᠦᠬᠦ ᠬᠤᠷᠢᠶ᠎ᠠ ᠠᠴᠠ ᠬᠤᠶᠠᠷ ᠵᠠᠭᠠᠯᠳᠤᠭᠳᠠᠭᠴᠢ ᠪᠠᠷ ᠬᠤᠶᠠᠷ ᠵᠠᠭᠠᠯᠳᠤᠭᠴᠢ ᠳᠤ | ᠡᠦ × ᠶᠤᠸᠠᠨ᠂ ᠡᠦ × ᠽᠧ ᠶᠢ 2021 ᠣᠨ ᠤ 3 ᠰᠠᠷ᠎ᠠ ᠠᠴᠠ 2022 ᠣᠨ ᠤ 9 ᠰᠠᠷ᠎ᠠ ᠪᠣᠯᠲᠠᠯ᠎ᠠ ᠠᠷᠪᠠ ᠶᠢᠰᠦᠨ ᠰᠠᠷ᠎ᠠ ᠶᠢᠨ ᠠᠰᠠᠷᠠᠨ ᠳᠡᠵᠢᠭᠡᠭᠰᠡᠨ | ᠵᠠᠷᠤᠳᠠᠯ 87101 ᠲᠥᠭᠦᠷᠢᠭ ᠲᠦᠯᠦᠭᠦᠯᠬᠦ ᠪᠠᠷ ᠰᠢᠭᠦᠨ ᠲᠠᠰᠤᠯᠵᠠᠢ᠃ |