ᠪᠡᠭᠡᠵᠢᠩ ᠤᠨ ︽ᠶᠠᠨᠴᠢᠩ ᠤᠨ ᠴᠠᠭᠳᠠᠭᠠᠨ ᠤ ᠲᠠᠯ᠎ᠠ︾ ᠸᠢᠴᠠᠲ ᠤᠨ ᠨᠡᠶᠢᠲᠡ ᠶᠢᠨ ᠳ᠋ᠤᠭᠠᠷ ᠤᠨ ᠮᠡᠳᠡᠭᠡ ᠶᠢ ᠦᠨᠳᠦᠰᠦᠯᠡᠪᠡᠯ᠂ ᠣᠯᠠᠨ ᠲᠦᠮᠡᠨ ᠤ ᠢᠯᠡᠴᠢᠯᠡᠨ | ᠮᠡᠳᠡᠭᠦᠯᠦᠭᠰᠡᠨ ︽ᠵᠠᠷᠢᠮ ᠵᠢᠭᠤᠯᠴᠢᠯᠠᠭᠴᠢ ᠤᠷᠲᠤ ᠴᠠᠭᠠᠨ ᠬᠡᠷᠡᠮ ᠳᠡᠭᠡᠷ᠎ᠡ ᠦᠰᠦᠭ ᠰᠡᠶᠢᠯᠵᠦ ᠪᠠᠶᠢᠨ᠎ᠠ︾ ᠭᠡᠰᠡᠨ ᠪᠠᠶᠢᠳᠠᠯ ᠳᠤ ᠴᠢᠭᠯᠡᠭᠦᠯᠦᠨ᠂ ᠶᠠᠨᠴᠢᠩ ᠤᠨ | ᠴᠠᠭᠳᠠᠭᠠᠨ ᠤ ᠲᠠᠯ᠎ᠠ ᠶᠢᠨ ᠬᠢᠨ ᠪᠠᠶᠢᠴᠠᠭᠠᠯᠲᠠ ᠬᠢᠬᠦ ᠪᠠᠷ ᠳᠡᠮᠵᠢᠨ᠂ ᠬᠠᠤᠯᠢ ᠶᠢ ᠵᠥᠷᠢᠴᠡᠭᠰᠡᠨ ᠬᠥᠮᠥᠨ ᠮᠧᠩ ᠣᠪᠣᠭᠲᠤ ︵ᠡᠷᠡᠭᠲᠡᠢ᠂ 35 ᠨᠠᠰᠤᠲᠠᠢ︶ ᠶᠢ | ᠪᠠᠶᠢᠴᠠᠭᠠᠵᠤ ᠭᠠᠷᠭᠠᠵᠠᠢ᠂ ᠲᠤᠰ ᠬᠥᠮᠥᠨ 3 ᠰᠠᠷ᠎ᠠ ᠶᠢᠨ 21 ᠤ ᠡᠳᠦᠷ ᠪᠠ ᠳ᠋ᠠ ᠯᠢᠩ ᠤᠨ ᠦᠵᠡᠮᠵᠢ ᠶᠢᠨ ᠣᠷᠣᠨ ᠢᠶᠠᠷ ᠵᠤᠭᠠᠴᠠᠬᠤ ᠳᠠᠭᠠᠨ ᠤᠷᠲᠤ ᠬᠡᠷᠡᠮ ᠤᠨ | ᠬᠡᠷᠡᠮ ᠳᠡᠭᠡᠷ᠎ᠡ ᠦᠰᠦᠭ ᠰᠡᠶᠢᠯᠦᠭᠰᠡᠨ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠶᠠᠨᠴᠢᠩ ᠤᠨ ᠴᠠᠭᠳᠠᠭᠠᠨ ᠤ ᠲᠠᠯ᠎ᠠ ᠶᠢᠨ ᠬᠢᠨ ᠮᠧᠩ ᠣᠪᠣᠭᠲᠤ ᠶᠢ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠪᠠᠰᠠ ᠵᠣᠭᠤᠰ ᠢᠶᠠᠷ ᠲᠣᠷᠭᠠᠬᠤ ᠪᠠᠷ ᠰᠢᠢᠳᠬᠡᠵᠡᠢ᠃ |