︽ᠡᠶᠢᠮᠦ ᠤᠷᠲᠤ ᠬᠤᠭᠤᠴᠠᠭ᠎ᠠ ᠥᠩᠭᠡᠷᠡᠭᠰᠡᠨ ᠪᠣᠯᠪᠠᠴᠤ ᠪᠠᠰᠠ ᠯᠠ ᠰᠢᠢᠳᠪᠦᠷᠢᠯᠡᠬᠦ ᠠᠴᠠ ᠵᠠᠶᠢᠯᠠᠵᠤ ᠴᠢᠳᠠᠬᠤ ᠦᠭᠡᠢ ᠭᠡᠵᠦ ᠪᠣᠳᠣᠵᠤ ᠣᠯᠣᠭᠰᠠᠨ ᠦᠭᠡᠢ ᠁ | ︾ ᠬᠤᠪᠧᠢ ᠮᠤᠵᠢ ᠶᠢᠨ ᠵᠦ ᠱᠠᠨ ᠰᠢᠶᠠᠨ ᠤ ᠯᠧᠦ ᠲᠠᠢ ᠰᠢᠶᠠᠩ ᠤᠨ ᠨᠢᠭᠡᠨ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ ᠵᠥᠪᠯᠡᠯ ᠤᠨ | ᠡᠷᠬᠢᠯᠡᠭᠴᠢ ᠵᠢᠶᠠᠩ ᠣᠪᠣᠭᠲᠤ᠂ ᠥᠪᠡᠷ ᠤᠨ ᠳᠥᠷᠪᠡᠨ ᠵᠢᠯ ᠤᠨ ᠡᠮᠦᠨᠡᠬᠢ ᠲᠣᠭᠲᠠᠭᠠᠯ ᠠᠴᠠ ᠵᠥᠷᠢᠴᠡᠭᠰᠡᠨ ᠵᠢᠭᠤᠯᠴᠢᠯᠠᠯ ᠤᠨ ᠠᠰᠠᠭᠤᠳᠠᠯ ᠨᠢ ᠣᠯᠠᠨ ᠲᠦᠮᠡᠨ ᠤ | ᠬᠢᠨᠠᠯᠲᠠ ᠶᠢᠨ ᠬᠠᠷᠠᠭᠠᠨ ᠠᠴᠠ ᠮᠤᠯᠲᠤᠷᠠᠵᠤ ᠴᠢᠳᠠᠭᠰᠠᠨ ᠦᠭᠡᠢ᠂ ᠨᠡᠩ ᠴᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠥᠪ ᠴᠢᠩᠭ᠎ᠠ | ᠬᠢᠨᠠᠯᠲᠠ ᠠᠴᠠ ᠵᠠᠶᠢᠯᠠᠵᠤ ᠴᠢᠳᠠᠭᠰᠠᠨ ᠦᠭᠡᠢ ᠭᠡᠳᠡᠭ ᠢ ᠶᠠᠭᠠᠬᠢᠭᠰᠠᠨ ᠴᠤ ᠪᠣᠳᠣᠵᠤ ᠣᠯᠣᠭᠰᠠᠨ ᠦᠭᠡᠢ᠃ | ᠲᠦᠷᠦᠭᠦᠬᠡᠨ᠂ ᠵᠦ ᠱᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ | ᠣᠯᠵᠤ᠂ ᠲᠤᠰ ᠮᠡᠳᠡᠭᠦᠯᠦᠯᠲᠡ ᠳᠤ ᠵᠢᠶᠠᠩ ᠣᠪᠣᠭᠲᠤ ᠵᠡᠷᠭᠡ ᠬᠥᠮᠥᠰ ᠤᠨ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠠᠭᠠᠭᠠᠮᠠᠯ ᠢᠶᠠᠷ ᠵᠠᠷᠤᠳᠠᠯ ᠲᠦᠯᠦᠬᠦᠯᠵᠦ | ᠪᠠᠶᠢᠭᠠᠳ ᠦᠵᠡᠮᠵᠢ ᠶᠢᠨ ᠣᠷᠣᠨ ᠳᠤ ᠵᠢᠭᠤᠯᠴᠢᠯᠠᠭᠰᠠᠨ ᠠᠰᠠᠭᠤᠳᠠᠯ ᠢ ᠲᠤᠰᠬᠠᠪᠠ᠃ ᠠᠰᠠᠭᠤᠳᠠᠯ ᠤᠨ ᠰᠦᠪᠡᠭᠴᠢ ᠶᠢ ᠣᠯᠣᠭᠰᠠᠨ ᠤ ᠳᠠᠷᠠᠭ᠎ᠠ᠂ ᠲᠣᠰ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠡᠷᠡ ᠳᠠᠷᠤᠢ ᠳᠤᠨᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠰᠠᠭᠤᠳᠠᠯ ᠤᠨ | ᠰᠦᠪᠡᠭᠴᠢ ᠶᠢ ᠬᠠᠷᠭᠤᠭᠤᠯᠤᠨ ᠲᠣᠳᠣᠯᠠᠪᠠ᠃ | ᠪᠠᠶᠢᠴᠠᠭᠠᠯᠲᠠ ᠶᠢᠨ ᠳᠤᠭᠤᠶᠢᠯᠠᠩ ᠠᠴᠠ ᠲᠤᠬᠠᠢ ᠶᠢᠨ ᠭᠠᠵᠠᠷ ᠲᠤ ᠬᠦᠷᠴᠦ ᠰᠤᠷᠪᠤᠯᠵᠢᠯᠠᠬᠤ ᠳᠤ᠂ ᠵᠢᠶᠠᠩ ᠣᠪᠣᠭᠲᠤ ᠶᠢᠨ ᠨᠠᠶᠢᠵᠠ ᠶᠢᠨ ᠲᠣᠭᠤᠷᠢᠭ ᠲᠤ ᠪᠠᠨ | ᠶᠠᠪᠤᠭᠤᠯᠤᠭᠰᠠᠨ ᠭᠤᠷᠪᠠᠨ ᠵᠢᠭᠤᠯᠴᠢᠯᠠᠯ ᠤᠨ ᠭᠡᠷᠡᠯ ᠵᠢᠷᠤᠭ ᠢ ᠣᠯᠠᠨ ᠲᠦᠮᠡᠨ ᠳᠤᠰᠬᠠᠵᠤ ᠬᠠᠩᠭᠠᠭᠰᠠᠨ ᠪᠠᠶᠢᠨ᠎ᠠ᠂ ᠨᠠᠷᠢᠨ ᠨᠢᠮᠪᠠᠢ ᠬᠠᠷᠢᠴᠠᠭᠤᠯᠤᠨ ᠵᠠᠳᠠᠯᠤᠭᠰᠠᠨ ᠤ | ᠳ᠋ᠦᠩ ᠳᠤ ᠦᠵᠡᠮᠵᠢ ᠶᠢᠨ ᠣᠷᠣᠨ ᠤ ᠭᠡᠷᠡᠯ ᠵᠢᠷᠤᠭ ᠢ ᠰᠡᠭᠦᠳᠡᠷᠯᠡᠭᠰᠡᠨ ᠴᠠᠭ ᠨᠢ ᠵᠢᠶᠠᠩ ᠣᠪᠣᠭᠲᠤ ᠶᠢᠨ ᠭᠠᠳᠠᠨ᠎ᠠ ᠭᠠᠵᠠᠷ ᠲᠣᠭᠤᠷᠢᠨ ᠦᠵᠡᠵᠦ ᠰᠤᠷᠤᠯᠴᠠᠭᠰᠠᠨ | ᠴᠠᠭ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠬᠤ ᠶᠢ ᠣᠯᠵᠤ ᠮᠠᠲᠠᠵᠠᠢ᠂ ᠢᠩᠭᠢᠭᠡᠳ ᠵᠢᠶᠠᠩ ᠣᠪᠣᠭᠲᠤ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ | ᠵᠢᠭᠤᠯᠴᠢᠯᠠᠭᠰᠠᠨ ᠠᠰᠠᠭᠤᠳᠠᠯ ᠳᠤ ᠬᠤᠯᠪᠣᠭᠳᠠᠵᠤ ᠮᠡᠳᠡᠨ᠎ᠡ ᠭᠡᠵᠦ ᠠᠩᠬ᠎ᠠ ᠠᠯᠬᠤᠮ ᠰᠤᠳᠤᠯᠤᠨ ᠮᠠᠭᠠᠳᠯᠠᠭᠰᠠᠨ ᠪᠠᠶᠢᠨ᠎ᠠ᠃ ᠲᠤᠰ ᠤᠳᠠᠭᠠᠨ ᠤ ᠰᠤᠷᠤᠯᠴᠠᠯᠭ᠎ᠠ ᠳᠤ | ᠵᠢᠶᠠᠩ ᠣᠪᠣᠭᠲᠤ ᠵᠢᠴᠢ ᠲᠤᠰ ᠭᠠᠴᠠᠭᠠᠨ ᠤ ᠭᠠᠴᠠᠭᠠᠨ ᠤ ᠠᠷᠠᠳ ᠤᠨ ᠵᠥᠪᠯᠡᠯ ᠤᠨ ᠪᠤᠰᠤᠳ 6 ᠬᠥᠮᠥᠨ ᠣᠷᠣᠯᠴᠠᠵᠠᠢ᠂ ᠡᠭᠦᠨ ᠤ ᠵᠣᠷᠢᠯᠭ᠎ᠠ ᠨᠢ ᠦᠨᠦᠷᠲᠦ | ᠮᠥᠭᠦ ᠲᠠᠷᠢᠬᠤ ᠮᠡᠷᠭᠡᠵᠢᠯ ᠢ ᠰᠢᠨᠵᠢᠯᠡᠨ ᠰᠤᠷᠤᠯᠴᠠᠬᠤ ᠶᠢᠨ ᠲᠥᠯᠥᠭᠡ ᠶᠤᠮ᠃ | ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠠᠭᠠᠭᠠᠮᠠᠯ ᠶᠠᠭᠤᠨ ᠤ ᠤᠴᠢᠷ ᠠᠴᠠ ᠰᠢᠨᠵᠢᠯᠡᠨ ᠪᠠᠶᠢᠴᠠᠭᠠᠵᠤ ᠰᠤᠷᠤᠯᠴᠠᠬᠤ ᠵᠠᠪᠰᠢᠶᠠᠨ ᠢᠶᠠᠷ ᠲᠣᠰᠬᠤᠨ ᠤ | ᠺᠠᠳ᠋ᠷ ᠢ ᠦᠵᠡᠮᠵᠢ ᠶᠢᠨ ᠣᠷᠣᠨ ᠢᠶᠠᠷ ᠵᠤᠭᠠᠴᠠᠭᠤᠯᠬᠤ ᠪᠠᠷ ᠤᠷᠢᠭᠰᠠᠨ ᠪᠤᠢ᠂ ᠡᠭᠦᠨ ᠤ ᠠᠷᠤ ᠳᠤ ᠨᠡᠩ ᠶᠡᠭᠡ ᠠᠰᠢᠭ ᠲᠤᠰᠠ ᠶᠢᠨ ᠶᠠᠪᠤᠯᠴᠠᠭ᠎ᠠ ᠪᠠᠶᠢᠨ᠎ᠠ ᠤᠤ︖ | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠵᠢᠶᠠᠩ ᠣᠪᠣᠭᠲᠤ ᠨᠠᠷ ᠢ ᠡᠷᠢᠵᠦ ᠣᠴᠢᠭᠠᠳ ᠬᠠᠷᠢᠭᠤᠯᠲᠠ ᠶᠢ ᠨᠢ ᠡᠷᠢᠵᠦ᠂ ᠲᠡᠳᠡᠨ ᠳᠤ ᠲᠥᠪ ᠴᠢᠩᠭ᠎ᠠ ᠪᠠᠷ | ᠠᠰᠠᠭᠤᠯᠲᠠ ᠲᠠᠯᠪᠢᠵᠠᠢ᠃ | ᠵᠢᠶᠠᠩ ᠣᠪᠣᠭᠲᠤ ᠤᠴᠢᠷ ᠶᠠᠪᠤᠳᠠᠯ ᠢ ᠨᠢᠭᠤᠵᠤ ᠳᠡᠶᠢᠯᠬᠦ ᠦᠭᠡᠢ ᠪᠣᠯᠤᠭᠰᠠᠨ ᠢ ᠦᠵᠡᠭᠡᠳ ᠦᠨᠡᠨ ᠢᠶᠠᠨ ᠬᠡᠯᠡᠪᠡ᠃ ᠤᠤᠯ ᠨᠢ᠂ 2018 ᠣᠨ ᠳᠤ᠂ ᠲᠣᠰ | ᠲᠣᠰᠬᠤᠨ ᠤ ᠦᠨᠦᠷᠲᠦ ᠮᠥᠭᠦ ᠳᠠᠷᠢᠬᠤ ᠬᠤᠷᠰᠢᠶ᠎ᠠ ᠶᠢᠨ ᠲᠠᠭᠠᠭᠠᠮᠠᠯ ᠶᠢᠦ ᠣᠪᠣᠭᠲᠤ ᠦᠨᠦᠷᠲᠦ ᠮᠥᠭᠦ ᠳᠠᠷᠢᠬᠤ ᠮᠡᠷᠭᠡᠵᠢᠯ ᠢ ᠰᠤᠷᠤᠯᠴᠠᠬᠤ ᠨᠡᠷ᠎ᠡ ᠪᠠᠷ ᠲᠣᠰᠬᠤᠨ ᠤ | ᠺᠠᠳ᠋ᠷᠴᠤᠳ ᠢ ᠤᠷᠢᠵᠤ᠂ ᠦᠨᠦᠷᠲᠦ ᠮᠥᠭᠦ ᠳᠠᠷᠢᠬᠤ ᠮᠡᠷᠭᠡᠵᠢᠯ ᠢ ᠲᠣᠭᠤᠷᠢᠨ ᠦᠵᠡᠭᠦᠯᠵᠦ ᠰᠤᠷᠤᠯᠴᠠᠭᠤᠯᠤᠭᠰᠠᠨ ᠤ ᠳᠠᠷᠠᠭ᠎ᠠ᠂ ᠣᠶᠢᠷ᠎ᠠ ᠬᠠᠪᠢ ᠳᠠᠭᠠᠨ 4A | ᠲᠠᠰ ᠤᠨ ᠦᠵᠡᠮᠵᠢ ᠶᠢᠨ ᠣᠷᠣᠨ ᠢᠶᠠᠷ ᠳᠠᠶᠢᠯᠠᠨ ᠵᠤᠭᠠᠴᠠᠭᠤᠯᠵᠤ᠂ ᠬᠠᠮᠢᠶ᠎ᠠ ᠪᠦᠬᠦᠢ ᠵᠠᠷᠤᠳᠠᠯ ᠢ ᠴᠥᠮ ᠶᠢᠦ ᠣᠪᠣᠭᠲᠤ ᠭᠠᠷᠭᠠᠵᠠᠢ᠃ | ᠡᠴᠦᠰ ᠲᠡᠭᠡᠨ ᠵᠢᠶᠠᠩ ᠣᠪᠣᠭᠲᠤ ᠪᠠᠰᠠ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠰᠠᠭᠤᠳᠠᠯ ᠲᠠᠢ ᠠᠴᠠ ᠪᠣᠯᠵᠤ᠂ ᠵᠦ ᠱᠠᠨ ᠰᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠲᠡᠭᠦᠨ ᠳᠤ ᠨᠠᠮ ᠤᠨ ᠲᠣᠲᠣᠭᠠᠳᠤ ᠳᠤ ᠴᠢᠩᠭ᠎ᠠ ᠳᠣᠩᠭᠤᠳᠬᠤ ᠰᠢᠢᠳᠬᠡᠯ ᠥᠭᠴᠦ᠂ ᠬᠤᠯᠪᠣᠭᠳᠠᠯ | ᠪᠦᠬᠦᠢ ᠪᠤᠰᠤᠳ 6 ᠬᠥᠮᠥᠨ ᠳᠤ ᠴᠥᠮ ᠬᠠᠷᠠᠭᠠᠯᠵᠠᠭᠰᠠᠨ ᠰᠢᠢᠳᠬᠡᠯ ᠥᠭᠴᠡᠢ᠃ ᠬᠡᠷᠡᠭ ᠲᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠲᠤᠰ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠪᠠ ᠠᠵᠢᠯ ᠤᠨ ᠰᠠᠨᠠᠭᠤᠯᠭ᠎ᠠ ᠶᠢᠨ | ᠪᠢᠴᠢᠭ ᠪᠠᠭᠤᠯᠭᠠᠵᠤ᠂ ᠲᠤᠰ ᠰᠢᠶᠠᠩ ᠤᠨ ᠬᠡᠷᠡᠭ ᠢᠶᠠᠷ ᠲᠣᠯᠢ ᠪᠣᠯᠭᠠᠨ᠂ ᠳᠦᠷᠢᠮ ᠲᠣᠭᠲᠠᠭᠠᠯ ᠲᠣᠭᠲᠠᠭᠠᠵᠤ᠂ ᠠᠯᠳᠠᠰᠢ ᠭᠠᠷᠬᠤ ᠶᠢ ᠬᠤᠷᠢᠭᠯᠠᠬᠤ ᠪᠠᠷ ᠱᠠᠭᠠᠷᠳᠠᠪᠠ᠃ | |