ᠶᠡᠭᠡ ᠰᠤᠷᠭᠠᠭᠤᠯᠢ ᠶᠢᠨ ᠤᠶᠤᠳᠠᠳ ᠲᠤ ᠲᠤᠰᠬᠠᠶ ︽ᠴᠥᠷᠬᠡᠯᠡᠭᠡ ᠵᠢᠭᠡᠯᠡᠯᠭᠡ︾ ᠲᠠᠯᠪᠢᠳᠠᠭ 11 ᠬᠦᠮᠦᠨ ᠢ ᠡᠷᠡᠭᠦᠦ ᠪᠠᠷ ᠰᠢᠢᠳᠭᠡᠪᠡ︕
ᠨᠡᠶᠢᠲᠡᠯᠡᠭᠰᠡᠨ ᠴᠠᠭ᠄
2024/2/21
     ᠣᠶᠢᠷ᠎ᠠ ᠳᠤ᠂ ᠭᠤᠸᠠᠩᠳᠦ᠋ᠩ ᠤᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ︽ᠴᠥᠷᠬᠡᠯᠡᠭᠡ ᠵᠢᠭᠡᠯᠡᠯᠭᠡ︾ ᠶᠢᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠭᠰᠡᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃    ᠡᠭᠦᠨ ᠤ ᠳᠣᠲᠣᠷᠠᠬᠢ ᠨᠢᠭᠡ ᠬᠡᠷᠡᠭ ᠤᠨ ᠵᠢᠱᠢᠶ᠎ᠡ ᠨᠢ ᠰᠤᠷᠭᠠᠭᠤᠯᠢ ᠳᠤ ᠪᠠᠶᠢᠭ᠎ᠠ ᠰᠣᠷᠣᠭᠴᠢ ᠪᠠᠷ ᠬᠠᠷᠠᠯᠳᠠ ᠪᠣᠯᠭᠠᠨ ᠬᠡᠷᠡᠭᠵᠢᠭᠦᠯᠦᠭᠰᠡᠨ ︽ᠴᠥᠷᠬᠡᠯᠡᠭᠡ ᠵᠢᠭᠡᠯᠡᠯᠭᠡ︾ ᠪᠣᠯᠤᠨ᠎ᠠ᠃     ᠵᠠᠩ ᠣᠪᠣᠭᠲᠤ ᠵᠡᠷᠭᠡ 11 ᠬᠥᠮᠦᠨ ᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ ᠮᠡᠬᠡᠯᠡᠯ᠂ ᠦ ᠡᠷᠢᠵᠦ ᠬᠡᠷᠡᠭ ᠡᠳᠦᠭᠰᠡᠨ ᠭᠡᠷᠡᠭ ᠤᠨ ᠳᠤᠮᠳᠠ᠂ ᠵᠠᠩ ᠣᠪᠣᠭᠲᠤ ᠪᠣᠯ ᠵᠢᠭᠡᠯᠡᠯᠭᠡ ᠶᠢᠨ ᠣᠯᠠᠨ ᠲᠠᠪᠴᠠᠩ ᠤᠨ ᠳᠡᠭᠡᠳᠦ ᠰᠤᠷᠭᠠᠭᠤᠯᠢ ᠶᠢᠨ ᠠᠵᠢᠯᠲᠠᠨ ᠪᠤᠯᠬᠤ ᠪᠦᠭᠡᠳ ᠨᠢᠭᠡ ᠪᠦᠯᠦᠭ ᠬᠡᠷ ᠤᠨ ᠨᠥᠬᠦᠴᠡᠯ ᠨᠢ ᠰᠠᠶᠢᠨ᠂ ᠤᠷᠢᠳᠴᠢᠯᠠᠨ ᠬᠡᠷᠡᠭᠯᠡᠭᠡ ᠬᠢᠳᠡᠭ ᠳᠠᠳᠬᠠᠯ ᠲᠠᠢ ᠰᠤᠷᠭᠠᠭᠤᠯᠢ ᠳᠤ ᠪᠠᠶᠢᠭ᠎ᠠ ᠤᠶᠤᠲᠠᠳ ᠤᠨ ᠮᠡᠳᠡᠭᠡ ᠵᠠᠩᠭᠢ ᠶᠢ ᠡᠵᠡᠮᠰᠢᠭᠰᠡᠨ ᠪᠠᠶᠢᠳᠠᠭ᠃     ᠵᠠᠩ ᠣᠪᠣᠭᠲᠤ ᠵᠡᠷᠭᠡ ᠬᠥᠮᠦᠰ ᠨᠢ ᠰᠤᠷᠭᠠᠭᠤᠯᠢ ᠳᠤ ᠪᠠᠶᠢᠭ᠎ᠠ ᠤᠶᠤᠲᠠᠳ ᠲᠤ ᠴᠢᠭᠯᠡᠭᠦᠯᠦᠨ ᠪᠠᠷᠢᠴᠠᠭ᠎ᠠ ᠦᠭᠡᠶ ᠥᠨᠳᠥᠷ ᠬᠦᠦ ᠲᠠᠢ ᠣᠬᠤᠷ ᠬᠤᠭᠤᠴᠠᠭᠠᠨ ᠤ ᠵᠢᠭᠡᠯᠡᠯᠭᠡ ᠶᠢᠨ ︽ᠴᠥᠷᠬᠡᠯᠡᠭᠡ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠥᠷᠨᠢᠭᠦᠯᠵᠦ᠂ ᠪᠠᠶᠢᠨ ᠳᠠᠬᠢᠨ ᠠᠶᠤᠯᠭᠠᠨ ᠰᠦᠷᠳᠡᠭᠦᠯᠬᠦ᠂ ᠰᠢᠨ᠎ᠡ ᠪᠠᠷ ᠵᠢᠭᠡᠯᠡᠵᠦ ᠬᠠᠭᠤᠴᠢᠨ ᠢᠶᠠᠨ ᠪᠤᠴᠠᠭᠠᠬᠤ᠂ ᠵᠢᠭᠡᠯᠡᠯᠭᠡ ᠪᠠᠷ ᠵᠢᠭᠡᠯᠡᠯᠭᠡ ᠪᠠᠨ ᠪᠤᠴᠠᠭᠠᠬᠤ ᠵᠡᠷᠭᠡ ᠠᠷᠭ᠎ᠠ ᠮᠠᠶ᠋ᠢᠭ ᠢᠶᠠᠷ ᠮᠠᠭᠤ ᠰᠠᠨᠠᠭ᠎ᠠ ᠲᠠᠢ ᠪᠠᠷ ᠥᠨᠳᠥᠷ ᠥᠷᠢ ᠲᠠᠯᠪᠢᠵᠤ᠂ ᠵᠢᠭᠡᠯᠡᠭᠰᠡᠨ ᠵᠣᠭᠤᠰ ᠢ ᠨᠢ ᠬᠡᠳᠦᠨ ᠲᠦᠮᠡᠨ ᠲᠥᠭᠦᠷᠢᠭ ᠠᠴᠠ ᠬᠡᠳᠦᠨ ᠵᠠᠭᠤᠨ ᠲᠦᠮᠡᠨ ᠲᠥᠭᠦᠷᠢᠭ ᠪᠣᠯᠲᠠᠯ᠎ᠠ ᠥᠰᠬᠡᠬᠦ︔ ᠡᠭᠦᠨ ᠤ ᠬᠠᠮᠲᠤ ᠬᠤᠣᠷᠯᠠᠭᠳᠠᠭᠴᠢ ᠶᠢ ᠭᠤᠲᠤᠭᠠᠨ ᠳᠣᠷᠣᠮᠵᠢᠯᠠᠵᠤ ᠠᠶᠤᠯᠭᠠᠨ ᠰᠦᠷᠳᠡᠭᠦᠯᠵᠦ ᠪᠠᠶᠢᠭᠠᠳ ᠡᠴᠢᠭᠡ ᠡᠬᠡ ᠪᠠᠷ ᠨᠢ ᠭᠡᠷ ᠬᠥᠷᠥᠩᠭᠡ ᠪᠠᠷᠢᠴᠠᠭᠠᠯᠠᠭᠤᠯᠬᠤ ᠪᠠᠷ ᠱᠠᠭᠠᠷᠳᠠᠵᠤ᠂ ᠬᠤᠣᠷᠯᠠᠭᠳᠠᠭᠴᠢ ᠶᠢ ᠰᠢᠬᠠᠵᠤ ᠪᠠᠶᠢᠭᠠᠳ ᠰᠤᠷᠤᠯᠭ᠎ᠠ ᠠᠴᠠ ᠪᠠᠨ ᠵᠣᠭᠰᠣᠭᠠᠬᠤ︔ ᠡᠰᠡᠬᠦᠯ᠎ᠡ ᠭᠤᠲᠤᠭᠠᠨ ᠲᠤᠷᠤᠮᠵᠢᠯᠠᠬᠰᠠᠨ ᠣᠬᠤᠷ ᠮᠡᠳᠡᠭᠡ ᠶᠠᠪᠤᠭᠤᠯᠵᠤ᠂ ᠵᠥᠭᠡᠯᠡᠨ ᠲᠤᠨᠤᠭ ᠢᠶᠠᠷ ᠲᠠᠯᠪᠠᠷᠡᠳᠡᠯ᠎ᠡ ᠤᠳᠠᠰᠤᠳᠠᠵᠤ᠂ ᠬᠤᠣᠷᠯᠠᠭᠳᠠᠭᠴᠢ ᠶᠢᠨ ᠨᠢᠴᠦᠭᠦᠨ ᠰᠡᠭᠦᠳᠡᠷ ᠢ ᠸᠢᠳᠢᠣ᠋ ᠪᠠᠷ ᠶᠠᠪᠤᠭᠤᠯᠤᠨ ᠰᠦᠷᠳᠡᠭᠦᠯᠵᠦ᠂ ᠣᠨᠢᠰᠤᠨ ᠨᠦᠭᠡ ᠶᠢ ᠨᠢ ᠪᠥᠭᠯᠡᠬᠦ᠂ ᠡᠭᠦᠳᠡᠨ ᠣᠨᠢᠰᠤ ᠶᠢ ᠨᠢ ᠡᠪᠳᠡᠬᠦ᠂ ᠬᠠᠭᠤᠳᠠᠰᠤ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠠᠯᠪᠠᠳᠠᠨ ᠥᠷᠢ ᠲᠦᠯᠦᠭᠦᠯᠬᠦ ᠵᠡᠷᠭᠡ ᠠᠷᠭ᠎ᠠ ᠶᠢ ᠠᠪᠴᠤ᠂ ᠬᠠᠷᠭᠢᠰ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠶᠢᠨ ᠬᠦᠷᠢᠶᠡᠨ ᠤ ᠡᠮᠬᠢ ᠳᠢᠭᠯᠢᠮ ᠢ ᠬᠦᠨᠳᠦ ᠨᠣᠴᠢᠲᠠᠶ ᠰᠠᠮᠠᠭᠤᠷᠠᠭᠤᠯᠪᠠ᠃     ᠱᠧᠨᠵᠧᠨ ᠬᠤᠲᠠ ᠶᠢᠨ ᠨᠠᠨᠱᠠᠨ ᠲᠣᠭᠤᠷᠢᠭ ᠤᠨ ᠰᠢᠭᠦᠬᠦ ᠬᠤᠷᠢᠶ᠎ᠠ ᠵᠠᠩ ᠣᠪᠣᠭᠲᠤ ᠶᠢ ᠮᠡᠬᠡᠯᠡᠭᠰᠡᠨ ᠶᠠᠯ᠎ᠠ ᠬᠢᠭᠰᠡᠨ ᠭᠡᠵᠦ ᠰᠢᠭᠦᠨ ᠲᠡᠰᠦᠯᠵᠦ᠂ ᠠᠷᠪᠠᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ 20 ᠲᠦᠮᠡᠨ ᠲᠥᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠪᠡ︔ ᠪᠤᠰᠤᠳ 10 ᠵᠠᠭᠠᠯᠳᠤᠭᠳᠠᠭᠴᠢ ᠶᠢ ᠮᠡᠬᠡᠯᠡᠭᠰᠡᠨ ᠶᠠᠯ᠎ᠠ ᠪᠠᠷ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠪᠡ᠃     ᠨᠢᠭᠡ ᠡᠪᠰᠡᠯ ᠪᠦᠯᠦᠭ ᠤᠨ ᠬᠢᠨ ᠲᠦᠮᠡ ᠭᠠᠷᠤᠶ ᠵᠠᠯᠠᠭᠤᠴᠤᠳ ᠲᠤ ︽ᠴᠥᠷᠬᠡᠯᠡᠭᠡ ᠵᠢᠭᠡᠯᠡᠯᠭᠡ︾ ᠲᠠᠯᠪᠢᠪᠠ᠃     ᠣᠶᠢᠷ᠎ᠠ ᠶᠢᠨ ᠵᠢᠯ ᠤᠳ ᠲᠤ ︽ᠤᠶᠤᠲᠠᠳ ︿ᠴᠥᠷᠬᠡᠯᠡᠭᠡ ᠵᠢᠭᠡᠯᠡᠯᠭᠡ﹀ ᠶᠢᠨ ᠤᠨᠠᠭᠤᠯᠢ ᠳᠤ ᠤᠨᠠᠭᠰᠠᠨ︾ ᠮᠡᠳᠡᠭᠡᠯᠡᠯ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ 2022 ᠣᠨ ᠤ 12 ᠰᠠᠷ᠎ᠠ ᠶᠢᠨ 30 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠡᠶᠢᠲᠡᠯᠡᠭᠰᠡᠨ ᠰᠦᠯᠵᠢᠶᠡᠨ ᠤ ᠬᠠᠷ᠎ᠠ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢᠨ ᠨᠢᠭᠡᠨ ᠨᠡᠶᠢᠲᠡᠯᠢᠭ ᠬᠡᠷᠡᠭ ᠤᠨ ᠵᠢᠱᠢᠶ᠎ᠡ ᠳᠤ ᠵᠢᠶᠠᠩᠰᠢ ᠶᠢᠨ ᠨᠠᠨᠴᠠᠩ ᠤᠨ ᠲᠠᠩ ᠣᠪᠣᠭᠲᠤ ᠶᠢᠨ ᠡᠪᠰᠡᠯ ᠪᠦᠯᠦᠭ ᠤᠨ ᠪᠥᠬᠦ ᠤᠯᠤᠰ ᠤᠨ ᠵᠠᠭᠤ ᠭᠠᠷᠤᠶ ᠶᠡᠭᠡ ᠳᠡᠭᠡᠳᠦ ᠰᠤᠷᠭᠠᠭᠤᠯᠢ ᠶᠢᠨ ᠲᠦᠮᠡ ᠭᠠᠷᠤᠶ ᠵᠠᠯᠠᠭᠤᠴᠤᠳ ᠲᠤ ︽ᠴᠥᠷᠬᠡᠯᠡᠭᠡ ᠵᠢᠭᠡᠯᠡᠯᠭᠡ︾ ᠲᠠᠯᠪᠢᠬᠰᠠᠨ ᠬᠡᠷᠡᠭ ᠤᠨ ᠨᠠᠷᠢᠨ ᠵᠦᠢᠯᠡᠰ ᠢ ᠢᠯᠡᠷᠡᠭᠦᠯᠤᠨ ᠭᠠᠷᠭᠠᠪᠠ᠃     ᠪᠠᠶᠢᠴᠠᠭᠠᠯᠲᠠ ᠪᠠᠷ ᠲᠠᠮᠵᠢᠨ᠂ ᠲᠣᠰ ᠵᠣᠬᠢᠶᠠᠨ ᠪᠠᠶᠢᠭᠤᠯᠤᠯᠲᠠ ᠨᠢ ᠨᠡᠶᠢᠲᠡ 8000 ᠭᠠᠷᠤᠶ ᠲᠦᠮᠡᠨ ᠲᠥᠭᠦᠷᠢᠭ ᠤᠨ ᠵᠢᠭᠡᠯᠡᠯᠭᠡ ᠲᠠᠯᠪᠢᠭᠠᠳ ᠬᠠᠷᠢᠨ 1.5 ᠳ᠋ᠦᠩᠰᠢᠭᠤᠷ ᠭᠠᠷᠤᠶ ᠲᠥᠭᠦᠷᠢᠭ ᠵᠣᠭᠤᠰ ᠬᠤᠷᠢᠶᠠᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ 7000 ᠭᠠᠷᠤᠶ ᠲᠦᠮᠡᠨ ᠲᠥᠭᠦᠷᠢᠭ ᠲᠤ ᠬᠦᠷᠴᠡᠶ᠃ ᠲᠣᠰ ᠵᠣᠬᠢᠶᠠᠨ ᠪᠠᠶᠢᠭᠤᠯᠤᠯᠲᠠ ᠨᠢ ︽ᠵᠥᠭᠡᠯᠡᠨ ᠬᠦᠴᠦᠷᠬᠡᠭᠯᠡᠯ︾ ᠢᠶᠠᠷ ᠨᠡᠶᠢᠲᠡ ᠲᠦᠮᠡ ᠭᠠᠷᠤᠶ ᠵᠠᠬᠢᠶᠠᠯᠠᠭ᠎ᠠ ᠰᠢᠬᠠᠮᠳᠠᠭᠤᠯᠤᠨ ᠬᠤᠷᠢᠶᠠᠬᠰᠠᠨ ᠢ ᠤᠯᠵᠤ ᠮᠡᠳᠡᠵᠡᠢ᠃      ᠦᠯᠢᠭᠡᠷ ᠠᠪᠴᠤ ᠭᠡᠷᠡᠴᠢ ᠠᠪᠤᠭᠰᠠᠨ 259 ᠬᠤᠣᠷᠯᠠᠭᠳᠠᠭᠴᠢ ᠶᠢᠨ ᠳᠣᠲᠣᠷ᠎ᠠ ᠪᠦᠬᠦ ᠤᠯᠤᠰ ᠤᠨ 181 ᠳᠡᠭᠡᠳᠦ ᠰᠤᠷᠭᠠᠭᠤᠯᠢ ᠶᠢᠨ 223 ᠣᠶᠤᠲᠠᠨ ᠬᠤᠯᠪᠣᠭᠳᠠᠵᠤ᠂ 86 % ᠶᠢ ᠡᠵᠡᠯᠡᠪᠡ᠃    ᠲᠣᠰ ᠵᠣᠬᠢᠶᠠᠨ ᠪᠠᠶᠢᠭᠤᠯᠤᠯᠲᠠ ︽ᠵᠥᠭᠡᠯᠡᠨ ᠬᠦᠴᠦᠷᠬᠡᠭᠯᠡᠯ︾ ᠢᠶᠠᠷ 10000 ᠭᠠᠷᠤᠶ ᠬᠤᠪᠢ ᠵᠤᠭᠤᠰ ᠬᠤᠷᠢᠶᠠᠵᠤ᠂ 259 ᠬᠤᠤᠷᠯᠠᠭᠳᠠᠭᠴᠢ ᠶᠢᠨ ᠲᠤᠳᠤᠷᠠᠬᠢ 140 ᠭᠠᠷᠤᠶ ᠬᠥᠮᠦᠨ ᠠᠴᠠ ᠨᠢ ︽ᠵᠥᠭᠡᠯᠡᠨ ᠬᠦᠴᠦᠷᠬᠡᠭᠯᠡᠯ︾ ᠢᠶᠠᠷ ᠰᠢᠬᠠᠮᠳᠠᠭᠤᠯᠵᠤ ᠪᠠᠶᠢᠭᠠᠳ ᠵᠤᠭᠤᠰ ᠬᠤᠷᠢᠶᠠᠵᠤ᠂ 230 ᠬᠤᠤᠷᠯᠠᠭᠳᠠᠭᠴᠢ ᠶᠢᠨ ᠲᠥᠷᠥᠯ ᠰᠠᠳᠤᠨ ᠨᠠᠶᠢᠵᠠ ᠨᠥᠬᠦᠳ ᠢ ᠨᠢ ᠦᠢᠮᠡᠬᠦᠯᠪᠡ᠃ ᠪᠠᠶᠢᠴᠠᠭᠠᠨ ᠳᠣᠲᠣᠯᠠᠭᠰᠠᠨ ᠬᠤᠤᠷᠯᠠᠭᠳᠠᠭᠴᠢ ᠶᠢᠨ ᠳᠣᠲᠣᠷ᠎ᠠ᠂ 3 ᠬᠥᠮᠦᠨ ᠪᠡᠶ᠎ᠡ ᠪᠠᠨ ᠬᠤᠤᠷᠯᠠᠵᠤ᠂ 3 ᠬᠥᠮᠦᠨ ᠪᠡᠶ᠎ᠡ ᠪᠠᠨ ᠬᠤᠤᠷᠯᠠᠬᠤ ᠭᠡᠳ ᠪᠦᠲᠦᠭᠰᠡᠨ ᠥᠬᠡᠶ᠂ 3 ᠬᠥᠮᠦᠨ ᠭᠠᠩᠰᠠᠷᠠᠬᠤ ᠬᠡᠮ ᠣᠯᠵᠤ᠂ 14 ᠬᠥᠮᠦᠨ ᠠᠯᠪᠠᠳᠠᠯᠭ᠎ᠠ ᠪᠠᠷ ᠰᠤᠷᠤᠯᠭ᠎ᠠ ᠪᠠᠨ ᠵᠣᠭᠰᠣᠭᠰᠠᠨ ᠪᠤᠶᠤ ᠰᠤᠷᠤᠯᠭ᠎ᠠ ᠪᠠᠨ ᠲᠦᠷ ᠵᠣᠭᠰᠣᠵᠤ᠂ ᠲᠤᠰᠢᠶᠠᠯ ᠠᠴᠠ ᠪᠠᠨ ᠪᠠᠭᠤᠵᠠᠶ᠂ ᠡᠭᠦᠨ ᠤ ᠦᠷ᠎ᠡ ᠳ᠋ᠦᠩ ᠨᠢ ᠣᠨᠴᠠᠭᠠᠶ ᠬᠦᠨᠳᠦ ᠨᠣᠴᠢᠲᠠᠶ ᠪᠠᠶᠢᠨ᠎ᠠ᠃     2020 ᠣᠨ ᠳᠤ ᠰᠢᠭᠦᠬᠦ ᠬᠤᠷᠢᠶ᠎ᠠ ᠠᠴᠠ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠭᠠᠷᠭᠠᠵᠤ᠂ ᠲᠠᠩ ᠣᠪᠣᠭᠲᠤ ᠶᠢ 25 ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠤᠯᠤᠰ ᠲᠥᠷᠥ ᠶᠢᠨ ᠡᠷᠬᠡ ᠶᠢ ᠨᠢ 3 ᠵᠢᠯ ᠬᠠᠰᠤᠬᠤ ᠶᠢᠨ ᠬᠠᠮᠲᠤ ᠬᠤᠪᠢ ᠬᠥᠮᠦᠨ ᠤ ᠪᠥᠬᠦ ᠡᠳ᠋ ᠬᠥᠷᠥᠩᠭᠡ ᠶᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠪᠡ︔ ᠪᠤᠰᠤᠳ ᠵᠠᠭᠠᠯᠳᠤᠭᠳᠠᠭᠴᠢ ᠶᠢ ᠨᠢ 20 ᠵᠢᠯ ᠠᠴᠠ 6 ᠵᠢᠯ ᠠᠳᠠᠯᠢ ᠪᠤᠰᠤ ᠬᠤᠭᠤᠴᠠᠭ᠎ᠠ ᠲᠠᠢ ᠬᠤᠷᠢᠬᠤ ᠪᠠ ᠵᠣᠬᠢᠴᠠᠩᠭᠤᠢ ᠡᠳ᠋ ᠬᠥᠷᠥᠩᠭᠡ ᠶᠢᠨ ᠡᠷᠡᠭᠦᠦ ᠪᠠᠷ ᠲᠤᠰ ᠲᠤᠰ ᠰᠢᠢᠳᠬᠡᠪᠡ᠃     ᠵᠠᠷᠢᠮ ᠵᠠᠭᠤᠴᠢᠯᠠᠭᠤᠷ ᠤᠨ ᠬᠢᠨ ᠰᠢᠭᠦᠮᠵᠢ ᠵᠣᠬᠢᠶᠠᠯ ᠳᠠᠭᠠᠨ᠂ ᠴᠥᠷᠬᠡᠯᠡᠭᠡ ᠵᠢᠭᠡᠯᠡᠯᠭᠡ ᠲᠠᠯᠪᠢᠬᠤ ᠶᠢ ᠡᠷᠡᠰ ᠬᠤᠷᠢᠭᠯᠠᠵᠤ᠂ ᠴᠥᠷᠬᠡᠯᠡᠭᠡ ᠵᠢᠭᠡᠯᠡᠯᠭᠡ ᠪᠠᠷ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠴᠠ ᠭᠠᠳᠠᠨ᠎ᠠ᠂ ᠨᠡᠩ ᠴᠢᠬᠤᠯᠠ ᠨᠢ ᠤᠶᠤᠲᠠᠳ ᠲᠤ ᠡᠳ᠋ ᠤᠨ ᠶᠠᠪᠤᠳᠠᠯ ᠢᠶᠠᠨ ᠬᠠᠮᠢᠶᠠᠷᠬᠤ ᠬᠥᠮᠦᠵᠢᠯ ᠬᠢᠬᠦ ᠪᠠᠨ ᠴᠢᠩᠭᠠᠳᠬᠠᠵᠤ᠂ ᠤᠶᠤᠲᠠᠳ ᠢ ᠬᠡᠷᠡᠭᠯᠡᠭᠡ ᠪᠠᠨ ᠠᠳᠠᠯᠢᠳᠬᠠᠬᠤ ᠦᠭᠡᠢ᠂ ᠤᠷᠢᠳᠴᠢᠯᠠᠭᠰᠠᠨ ᠬᠡᠷᠡᠭᠯᠡᠭᠡ ᠬᠢᠬᠦ ᠦᠭᠡᠢ᠂ ᠬᠡᠭᠡᠨᠴᠢᠷᠯᠡᠬᠦ ᠬᠡᠷᠡᠭᠯᠡᠭᠡ ᠬᠢᠬᠦ ᠦᠭᠡᠢ ᠪᠤᠯᠭᠠᠵᠤ᠂ ᠰᠤᠷᠤᠭᠴᠢᠳ ᠤᠨ ᠠᠮᠢᠳᠤᠷᠠᠯ ᠤᠨ ᠬᠥᠮᠦᠵᠢᠯ᠂ ᠣᠷᠣᠰᠢᠨ ᠲᠣᠭᠲᠠᠨᠢᠬᠤ ᠬᠥᠮᠦᠵᠢᠯ ᠢ ᠦᠨᠡᠨ ᠬᠦ ᠴᠢᠬᠤᠯᠠᠴᠢᠯᠠᠵᠤ᠂ ᠰᠤᠷᠤᠭᠴᠢ ᠨᠢᠭᠡᠪᠦᠷᠢ ᠶᠢ ᠪᠡᠶ᠎ᠡ ᠪᠠᠨ ᠳᠠᠭᠠᠭᠠᠬᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠲᠠᠢ ᠪᠣᠯᠭᠠᠬᠤ ᠬᠡᠷᠡᠭᠲᠡᠢ ᠭᠡᠵᠦ ᠲᠤᠷᠠᠳᠴᠠᠢ᠃
ᠢᠷᠡᠯᠲᠡ᠄ ᠠᠷᠠᠳ ᠤᠨ ᠰᠦᠯᠵᠢᠶ᠎ᠡ