| ᠣᠳᠣᠨᠭᠡᠷᠡᠯ ᠤᠨ ᠵᠣᠯ ᠵᠢᠷᠭᠠᠯᠲᠤ ᠠᠮᠢᠳᠤᠷᠠᠯ | | ᠣᠳᠣᠨᠭᠡᠷᠡᠯ ᠪᠣᠯ ᠴᠣᠩᠵᠢ ᠰᠣᠮᠣᠨ ᠤ ᠪᠠᠶᠢᠲᠤᠩ ᠭᠠᠴᠠᠭᠠᠨ ᠤ ᠮᠠᠯᠴᠢᠨ ᠪᠣᠯᠣᠨ᠎ᠠ ᠃ ᠲᠡᠳᠡᠨᠡᠶᠢᠬᠡᠨ 2011ᠣᠨ ᠳᠤ ᠭᠡᠷ ᠪᠦᠯᠢ ᠶᠢᠨ ᠮᠠᠯᠵᠢᠯ ᠤᠨ | ᠲᠠᠯᠠᠪᠠᠢ ᠪᠠᠶᠢᠭᠤᠯᠤᠭᠰᠠᠨ ᠠᠴᠠ ᠨᠠᠭᠠᠰᠢ᠂ ᠦᠨᠢᠶ᠎ᠡ ᠲᠡᠵᠢᠭᠡᠨ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠦᠨ ᠪᠣᠷᠣᠯᠠᠭᠤᠯᠵᠤ ᠂ 2023 ᠣᠨ ᠤ ᠴᠡᠪᠡᠷ ᠣᠷᠣᠯᠭ᠎ᠠ | ᠨᠢ 13 ᠲᠦᠮᠡ ᠳᠤ ᠬᠦᠷᠴᠦ ᠂ ᠪᠠᠰᠠ ᠪᠠᠶᠠᠨᠨᠠᠭᠤᠷ ᠬᠤᠳᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠡᠷᠦᠬᠡ ᠪᠠᠷ ᠦᠨᠡᠯᠡᠭᠳᠡᠵᠦ ᠂ | ᠦᠨᠡᠨᠬᠦ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠭᠰᠠᠨ ᠰᠢᠨ᠎ᠡ ᠴᠠᠭ ᠦᠶ᠎ᠡ ᠶᠢᠨ ᠮᠠᠯᠴᠢᠨ ᠪᠣᠯᠵᠠᠢ ᠃ | | | | | | | | ᠣᠶᠢᠷ᠎ᠠ ᠳᠤ ᠰᠤᠷᠪᠤᠯᠵᠢᠯᠠᠭᠴᠢ ᠣᠳᠣᠨᠭᠡᠷᠡᠯ ᠤᠨ ᠬᠢᠨ ᠳᠤ ᠣᠴᠢᠬᠤ ᠳᠤ ᠂ ᠲᠣᠬᠢᠯᠢᠭ ᠰᠠᠶᠢᠬᠠᠨ ᠭᠡᠷ ᠪᠠᠶᠢᠰᠢᠩ ᠂ ᠲᠡᠷᠢ ᠲᠡᠭᠰᠢ ᠭᠡᠷ ᠤᠨ ᠡᠳ᠋ᠯᠡᠯ ᠬᠡᠷᠡᠭᠰᠡᠯ᠂ | ᠣᠳᠣᠬᠢᠴᠢᠯᠠᠭᠰᠠᠨ ᠴᠠᠬᠢᠯᠭᠠᠨ ᠬᠡᠷᠡᠭᠰᠡᠯ ᠵᠡᠷᠭᠡ ᠨᠢ ᠬᠤᠲᠠ ᠶᠢᠨ ᠠᠶᠢᠯ ᠠᠴᠠ ᠬᠤᠵᠢᠳ ᠦᠭᠡᠢ ᠪᠠᠶᠢᠵᠤ᠂ ᠦᠭᠡᠲᠡ ᠡᠰᠡᠷᠡᠭ᠂ ᠵᠣᠯ ᠵᠢᠷᠭᠠᠯᠲᠠᠢ᠂ ᠲᠡᠮᠡᠤᠯᠡᠯ ᠲᠠᠢ | ᠠᠶᠢᠯ ᠤᠨ ᠳᠦᠷᠢ ᠪᠠᠶᠢᠳᠠᠯ ᠢᠯᠡᠷᠡᠵᠦ ᠪᠠᠶᠢᠯ᠎ᠠ᠃ | | | | | | | | ᠣᠲᠣ ᠳᠤ ᠶᠠᠭ ᠲᠥᠯ ᠲᠣᠰᠬᠤ ᠴᠠᠭ ᠪᠣᠯᠣᠨ᠎ᠠ ᠂ ᠣᠳᠣᠨᠭᠡᠷᠡᠯ ᠨᠥᠬᠦᠷ ᠲᠠᠢ ᠪᠠᠨ ᠬᠤᠶᠠᠭᠤᠯᠠ ᠡᠳᠦᠷ ᠪᠦᠷᠢ ᠥᠷᠯᠥᠭᠡ ᠶᠢᠨ ᠨᠠᠷᠠ ᠲᠠᠢ ᠤᠷᠤᠯᠳᠤᠨ | ᠪᠣᠰᠴᠤ ᠂ ᠲᠥᠯ ᠮᠠᠯ ᠢᠶᠠᠨ ᠠᠷᠠᠴᠢᠯᠠᠵᠤ ᠂ ᠬᠠᠰᠢᠶ᠎ᠠ ᠰᠠᠷᠠᠪᠴᠢ ᠪᠠᠨ ᠴᠡᠪᠡᠷᠯᠡᠨ᠂ ᠦᠨᠢᠶ᠎ᠡ ᠰᠠᠭᠠᠬᠤ᠂ ᠰᠦ ᠴᠠᠭ᠎ᠠ ᠬᠢᠬᠦ ᠂ ᠭᠡᠷ ᠣᠷᠣᠨ ᠢᠶᠠᠨ ᠳᠣᠳᠤᠮᠳᠠᠬᠤ ᠠᠯᠢ | ᠨᠢᠭᠡᠨ ᠠᠵᠢᠯ ᠢᠶᠠᠨ ᠴᠤ ᠰᠠᠭᠠᠲᠠᠭᠤᠯᠤᠯ ᠦᠭᠡᠢ ᠠᠵᠤ ᠠᠮᠢᠳᠤᠷᠠᠯ ᠢᠶᠠᠨ ᠴᠣᠭᠴᠠᠯᠠᠵᠤ ᠶᠠᠪᠤᠨ᠎ᠠ᠃ | | | | | | | | ᠣᠶᠢᠷ᠎ᠠ ᠶᠢᠨ ᠬᠡᠳᠦᠨ ᠵᠢᠯ ᠳᠤ᠂ ᠤᠷᠠᠳ ᠤᠨ ᠳᠤᠮᠳᠠᠳᠤ ᠬᠤᠰᠢᠭᠤ ᠲᠣᠰᠬᠤᠨ ᠳᠤ ᠨᠡᠪᠲᠡᠷᠡᠬᠦ ᠵᠠᠰᠠᠮᠠᠯ ᠵᠠᠮ᠂ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ᠂ ᠰᠠᠯᠬᠢ ᠭᠡᠷᠡᠯ ᠢ ᠬᠠᠷᠢᠯᠴᠠᠨ ᠨᠥᠬᠦᠪᠦᠷᠢᠯᠡᠵᠦ ᠴᠠᠬᠢᠯᠭᠠᠨ ᠭᠠᠷᠭᠠᠬᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠵᠡᠷᠭᠡ | ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ | ᠤᠯᠠᠮ ᠨᠢᠭᠡ ᠠᠯᠬᠤᠮ ᠲᠡᠭᠦᠯᠳᠡᠷᠵᠢᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠡᠬᠡᠪᠡᠷ ᠳᠡᠭᠡᠭᠰᠢᠯᠡᠨ᠂ ᠣᠳᠣᠨᠭᠡᠷᠡᠯ ᠰᠢᠭ᠋ ᠡᠶᠢᠮᠦ ᠮᠠᠯᠴᠢᠨ | ᠲᠠᠷᠢᠶᠠᠴᠢᠨ ᠡᠷᠦᠬᠡ ᠶᠢᠨ ᠳᠤ ᠴᠤ ᠤᠰᠤ᠂ ᠴᠠᠬᠢᠯᠭᠠᠨ᠂ ᠵᠠᠮ ᠨᠡᠪᠲᠡᠷᠡᠨ ᠂ ᠰᠠᠷᠠᠭᠤᠯ ᠳᠤᠯᠠᠭᠠᠬᠠᠨ ᠭᠡᠷ ᠪᠠᠶᠢᠰᠢᠩ ᠳᠤ ᠰᠠᠭᠤᠵᠤ᠂ ᠵᠣᠯ ᠵᠢᠷᠭᠠᠯ ᠲᠠᠢ ᠰᠠᠶᠢᠨ | ᠰᠠᠶᠢᠬᠠᠨ ᠠᠮᠢᠳᠤᠷᠠᠯ ᠢ ᠡᠳ᠋ᠯᠡᠭᠰᠡᠨ ᠪᠠᠶᠢᠨ᠎ᠠ᠃ | |