2024 ᠣᠨ ᠤ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/11
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠠᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ  ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠤᠮᠤ ᠰᠢᠶᠠᠩ ᠪᠠᠯᠭᠠᠰᠤ︵ᠺᠣᠮᠫᠠᠨᠢ᠂ ᠲᠥᠪ︶ ᠶᠢᠨ ᠮᠡᠳᠡᠭᠦᠯᠦᠯᠲᠡ ᠪᠠᠷ ᠳᠡᠮᠵᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠢᠨᠠᠨ  ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠳᠤ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠵᠦ᠂ ︽2024 ᠣᠨ ᠤ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ︵  ᠤᠷᠠᠳ ᠳᠤᠮᠳᠠᠳᠤ ᠵᠠᠰᠠᠭ ᠠᠯᠪᠠᠨ ᠥᠰᠥᠭ ﹇2024﹈ 2 ᠳ᠋ᠤᠭᠠᠷ ᠲᠣᠭᠠᠲᠤ︶ ᠶᠢ ᠦᠨᠳᠦᠰᠦᠯᠡᠨ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ 300 ᠲᠦᠮᠡᠨ ᠲᠥᠭᠦᠷᠢᠭ ᠤᠨ ᠪᠡᠯᠡ ᠮᠥᠩᠭᠦ  ᠶᠢ ᠲᠣᠬᠢᠷᠠᠭᠤᠯᠵᠤ᠂  ᠬᠤᠯᠤᠰᠤᠲᠠᠢ ᠰᠤᠮᠤᠨ ᠤ ᠣᠩᠭᠤᠨ ᠭᠠᠴᠠᠭᠠᠨ ᠤ ᠬᠠᠮᠲᠤ ᠶᠢᠨ ᠰᠦᠷᠦᠭ ᠢ ᠨᠠᠶᠢᠳᠠᠨ  ᠲᠡᠵᠢᠭᠡᠬᠦ ᠲᠥᠷᠥᠯ ᠵᠦᠢᠯ ︵70 ᠲᠦᠮᠡᠨ ᠲᠥᠭᠦᠷᠢᠭ︶᠂ ᠰᠢᠬ᠎ᠠ ᠭᠤᠣᠯ ᠪᠠᠯᠭᠠᠰᠤ ᠶᠢᠨ ᠱᠤᠸᠠᠩ ᠱᠧᠩ ᠮᠧᠶ ᠲᠣᠰᠬᠤᠨ ᠤ ᠰᠢᠬᠢᠷ ᠼᠤᠤ ᠲᠠᠢ ᠰᠠᠷᠢᠮᠰᠠᠭ ᠪᠤᠯᠪᠠᠰᠤᠷᠠᠭᠤᠯᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵70 ᠲᠦᠮᠡᠨ ᠲᠥᠭᠦᠷᠢᠭ︶᠂ ᠪᠠᠶ᠋ᠬᠠᠤᠯᠠᠭᠠᠨ ᠰᠤᠮᠤ ᠶᠢᠨ  ᠨᠦᠬᠦᠷᠯᠡᠯ ᠭᠠᠴᠠᠭ᠎ᠠ ᠶᠢᠨ ᠬᠠᠳᠠᠭᠠᠭᠰᠠᠨ ᠮᠢᠬ᠎ᠠ ᠪᠤᠯᠪᠠᠰᠤᠷᠠᠭᠤᠯᠬᠤ ᠲᠥᠷᠥᠯ ᠵᠦᠢᠯ ︵70 ᠲᠦᠮᠡᠨ ᠲᠥᠭᠦᠷᠢᠭ︶ ᠵᠡᠷᠭᠡ 3 ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠨ᠎ᠡ︔ ᠡᠭᠦᠨ ᠤ ᠬᠠᠮᠲᠤ ᠲᠥᠪ ᠠᠴᠠ ᠲᠡᠳᠬᠦᠨ ᠳᠡᠮᠵᠢᠵᠦ ᠪᠠᠶᠢᠭ᠎ᠠ 3 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ︵ᠰᠢᠨᠡᠬᠦ᠋ᠷᠢᠶ᠎ᠡ‌‍ᠰᠤᠮᠤ ᠶᠢᠨ ᠤᠯᠠᠭᠠᠨᠴᠢᠯᠠᠭᠤ ᠭᠠᠴᠠᠭ᠎ᠠ ᠶᠢᠨ  ᠰᠠᠯᠬᠢᠨ ᠳᠤ ᠬᠠᠳᠠᠭᠠᠭᠰᠠᠨ ᠮᠢᠬ᠎ᠠ ᠪᠤᠯᠪᠠᠰᠤᠷᠠᠭᠤᠯᠬᠤ ᠲᠥᠷᠥᠯ ᠵᠦᠢᠯ᠂  ᠦᠵᠦᠭᠦᠷ ᠭᠤᠣᠯ ᠪᠠᠯᠭᠠᠰᠤᠨ ᠤ ᠬᠤᠩ ᠭᠤᠸᠠᠩ ᠱᠧᠩ ᠯᠢ ᠲᠣᠰᠬᠤᠨ ᠤ ᠡᠷᠳᠡᠨᠢ ᠰᠢᠰᠢ ᠶᠢ ᠨᠠᠷᠢᠯᠢᠭ  ᠪᠤᠯᠪᠠᠰᠤᠷᠠᠭᠤᠯᠤᠨ ᠡᠳ᠋ᠰᠢᠭᠦᠯᠬᠦ ᠬᠥᠮᠥᠷᠭᠡ ᠵᠢᠴᠢ  ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠲᠥᠷᠥᠯ ᠵᠦᠢᠯ᠂  ᠴᠣᠩᠵᠢ ᠰᠤᠮᠤ ᠶᠢᠨ ᠰᠢᠪᠠᠭ  ᠭᠠᠴᠠᠭ᠎ᠠ ᠶᠢᠨ ᠦᠷᠨᠢᠯ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠠᠩᠬ᠎ᠠ  ᠪᠤᠯᠪᠠᠰᠤᠷᠠᠭᠤᠯᠤᠨ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶ ᠨᠢᠭᠡᠪᠦᠷᠢ ᠳᠤ 30 ᠲᠦᠮᠡᠨ ᠲᠥᠭᠦᠷᠢᠭ ᠤᠨ ᠪᠡᠯᠡ ᠮᠥᠩᠭᠦ  ᠶᠢ ᠢᠵᠢ ᠪᠦᠷᠢᠳᠦᠭᠦᠯᠬᠦ ᠪᠠᠷ ᠪᠣᠢ᠃     ᠤᠳᠤ ᠵᠠᠷᠯᠠᠨ ᠨᠡᠶᠢᠲᠡᠯᠡᠶ᠎ᠡ᠂ ᠥᠷᠭᠡᠨ ᠣᠯᠠᠨ ᠺᠠᠳ᠋ᠷ ᠣᠯᠠᠨ ᠲᠦᠮᠡᠨ ᠠᠴᠠ ᠡᠳ᠋ ᠤᠨ ᠵᠠᠰᠠᠭ ᠤᠨ ᠲᠤᠰᠬᠠᠢ  ᠲᠦᠷᠦᠯ ᠤᠨ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃     ᠵᠠᠷᠯᠠᠨ ᠨᠡᠶᠢᠲᠡᠯᠡᠬᠦ ᠴᠠᠭ ᠬᠤᠭᠤᠴᠠᠭ᠎ᠠ᠄ 2024 ᠣᠨ ᠤ  4 ᠰᠠᠷ᠎ᠠ ᠶᠢᠨ  9 ᠤ ᠡᠳᠦᠷ ᠠᠴᠠ  2024 ᠣᠨ ᠤ  4 ᠰᠠᠷ᠎ᠠ ᠶᠢᠨ 18 ᠤ  ᠡᠳᠦᠷ     ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠤ  ᠤᠲᠠᠰᠤ᠄ 12317      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠤᠲᠠᠰᠤ᠄ 13847856638      ᠬᠤᠰᠢᠭᠤᠨ  ᠤ ᠡᠳ᠋ ᠤᠨ ᠵᠠᠰᠠᠭ ᠤᠨ ᠲᠣᠪᠴᠢᠶ᠎ᠠ᠄ ᠯᠢ ᠢᠦᠢ ᠮᠧᠶ 0478 ︱ 5608535      ᠬᠤᠰᠢᠭᠤᠨ  ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠄ ᠵᠠᠩ ᠶᠦᠩ ᠵᠢᠶᠦ᠋ᠨ 0478 ︱ 2263092      ᠰᠢᠤᠳᠠᠨ ᠬᠠᠶᠢᠷᠴᠠᠭ᠄ wzqfpb@126.com     ᠬᠠᠷᠢᠭᠤ ᠲᠤᠰᠬᠠᠬᠤ  ᠭᠠᠵᠠᠷ᠄ ᠤᠷᠠᠳ ᠤᠨ ᠲᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ  6021 ᠠᠯᠪᠠᠨ ᠭᠡᠷ                                        ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ                                     ᠤᠷᠠᠳ ᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ                                     ᠬᠥᠭᠵᠢᠭᠦᠯᠦᠨ ᠮᠠᠨᠳᠤᠭᠤᠯᠬᠤ ᠲᠣᠪᠴᠢᠶ᠎ᠠ                                                                                 2024 ᠣᠨ ᠤ 4 ᠰᠠᠷ᠎ᠠ ᠶᠢᠨ 9 ᠤ  ᠡᠳᠦᠷ  http://www.wltzq.gov.cn/ywdt/tzgg/202404/P020240409414730505118.xlsx 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ