ᠰᠤᠷᠪᠤᠯᠵᠢᠯᠠᠭᠴᠢ ᠯᠢᠶᠠᠩ ᠵᠧᠨ ᠶᠢᠩ | | ᠮᠢᠨᠦ ᠬᠠᠶᠢᠷᠠᠲᠠᠢ ᠤᠷᠠᠳ ᠤᠨ ᠲᠤᠮᠳᠠᠳᠤ ᠬᠤᠰᠢᠭᠤᠨ ᠤ ᠬᠦᠮᠦᠰ ᠮᠢᠨᠢ ᠡ᠂ ᠡᠨᠡ ᠨᠢᠭᠡ ᠵᠢᠯ ᠳᠤ ᠲᠠᠨ ᠤ ᠵᠣᠯ ᠵᠢᠷᠭᠠᠯᠲᠤ ᠰᠡᠳᠬᠢᠭᠳᠡᠯ ᠬᠠᠮᠢᠭ᠎ᠠ ᠠᠴᠠ | ᠢᠷᠡᠭᠰᠡᠨ ᠪᠤᠢ ︖ ᠡᠭᠦᠨ ᠳᠤ ᠬᠥᠮᠥᠨ ᠪᠣᠯᠭᠠᠨ ᠪᠦᠷ ᠥᠪᠡᠷ ᠤᠨ ᠭᠡᠰᠡᠨ ᠲᠦᠷᠦᠭᠳᠡᠯ ᠣᠶᠢᠯᠠᠭᠠᠯᠲᠠ ᠲᠠᠢ ᠪᠠᠶᠢᠬ᠎ᠠ᠃ | ᠵᠣᠯ ᠵᠢᠷᠭᠠᠯ ᠭᠡᠳᠡᠭ ᠨᠢ ᠡᠯᠪᠡᠭ ᠪᠠᠶᠠᠯᠢᠭ ᠠᠵᠤ ᠦᠢᠯᠡᠰ ᠤᠨ ᠰᠠᠭᠤᠷᠢ ᠪᠠᠷ ᠬᠠᠩᠭᠠᠭᠳᠠᠭᠳᠠᠨᠠ | 1᠂ ᠡᠨᠡ ᠨᠢᠭᠡ ᠵᠢᠯ ᠳᠤ᠂ ᠪᠢᠳᠡ ᠪᠥᠬᠦ ᠬᠦᠴᠦᠨ ᠢᠶᠠᠷ ᠢᠶᠠᠨ ᠠᠵᠤ ᠠᠬᠤᠢ ᠶᠢ ᠬᠦᠴᠦᠷᠭᠡᠭᠵᠢᠬᠦᠯᠬᠦ ᠶᠢᠨ ᠲᠥᠯᠥᠭᠡ ᠴᠢᠷᠮᠠᠶᠢᠵᠤ᠂ 199 ᠵᠦᠢᠯ ᠤᠨ | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 69.19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 128 ᠵᠦᠢᠯ ᠤᠨ | ᠪᠠᠷᠢᠯᠭ᠎ᠠ ᠶᠢ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠭᠦᠸᠧ ᠾᠧ ᠺᠣᠮᠫᠠᠨᠢ ᠶᠢᠨ 100MW ᠰᠠᠯᠬᠢᠨ ᠴᠠᠬᠢᠯᠭᠠᠨ ᠬᠦᠴᠦᠨ ᠂ ᠮᠧᠩ ᠳ᠋ᠢᠶᠠᠨ ᠽᠥᠩ | ᠨᠧᠩ ᠤᠨ 100MW ᠰᠠᠯᠬᠢᠨ ᠴᠠᠬᠢᠯᠭᠠᠨ ᠬᠦᠴᠦᠨ ᠵᠡᠷᠭᠡ ᠲᠥᠷᠥᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠭᠠᠷᠭᠠᠵᠤ ᠂ ᠪᠦᠦ ᠺᠦᠨ ᠤ 100 | ᠲᠦᠮᠡᠨ ᠲᠣᠨ ᠨᠡᠭᠦᠷᠡᠰᠦᠲᠥ᠋ᠷᠥᠭᠴᠢ ᠴᠠᠬᠢᠭᠤᠷ ᠤᠨ ᠰᠢᠨ᠎ᠡ ᠮᠠᠲ᠋ᠧᠷᠢᠶᠠᠯ ᠪᠠ ᠮᠧᠲ᠋ᠢᠯ ᠠᠯᠺᠣᠣᠯ ᠤᠨ 200 ᠲᠦᠮᠡᠨ ᠲᠣᠨ ᠤ ᠬᠡᠤᠷᠡᠰᠦᠨ ᠵᠤᠤᠬ᠎ᠠ ᠶᠢᠨ ᠰᠡᠭᠦᠯ ᠤᠨ | ᠬᠡᠢᠶᠢᠨ ᠨᠡᠶᠢᠯᠡᠮᠡᠯ ᠂ ᠶᠢᠨ ᠹᠧᠩ ᠤᠨ 12 ᠲᠦᠮᠡᠨ ᠲᠣᠨ ᠰᠠᠯᠬᠢᠨ ᠴᠠᠬᠢᠯᠭᠠᠨ ᠬᠦᠴᠦᠨ ᠤ ᠰᠤᠪᠤᠷᠭ᠎ᠠ᠂ ᠬᠤᠸᠠ ᠴᠢ ᠶᠢᠨ 10 ᠲᠦᠮᠡᠨ ᠲᠣᠨ ᠬᠥᠳᠡᠯᠭᠡᠭᠴᠢ | ᠬᠦᠴᠦᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ᠂ ᠱᠧᠨ ᠬᠤᠸᠠ ᠶᠢᠨ 120 ᠲᠦᠮᠡᠨ ᠲᠣᠨ ᠬᠡᠤᠷᠰᠢᠮᠡᠯ ᠨᠡᠭᠦᠷᠡᠰᠦ ᠶᠢᠨ ᠨᠦᠳᠦᠵᠦ | ᠬᠠᠲᠠᠭᠤᠷᠠᠭᠤᠯᠬᠤ ᠵᠢᠴᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠣᠬᠢᠷᠲᠤᠯ ᠦᠭᠡᠢ ᠬᠥᠭᠵᠢᠯᠲᠡ | ᠶᠢᠨ ᠳᠠᠪᠠᠭᠤᠯᠢᠭ ᠢ ᠠᠯᠬᠤᠮ ᠠᠯᠬᠤᠮ ᠢᠶᠠᠷ ᠢᠯᠡᠷᠡᠭᠦᠯᠪᠡ᠃ ᠦ᠋ ᠯᠢᠩ ᠵᠥᠩ ᠵᠧᠦ ᠶᠢᠨ 10 ᠲᠦᠮᠡᠨ ᠲᠣᠨ ᠣᠯᠠᠨ ᠲᠠᠯᠠᠰᠲᠤ ᠴᠠᠬᠢᠭᠤᠷ᠂ 15 ᠲᠦᠮᠡᠨ ᠲᠣᠨ | ᠠᠵᠤ ᠦᠢᠯᠡᠳᠪᠦᠷᠢ ᠶᠢᠨ ᠴᠠᠬᠢᠭᠤᠷ ᠵᠢᠴᠢ 1.8 GW ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠵᠥᠪᠰᠢᠶᠡᠷᠡᠭᠳᠡᠵᠦ᠂ ᠠᠵᠤ ᠦᠢᠯᠡᠰ ᠤᠨ | ᠪᠦᠯᠦᠭᠵᠢᠯ ᠤᠨ ᠵᠢᠭᠦᠷ ᠨᠢ ᠤᠯᠠᠮ ᠢᠶᠠᠷ ᠬᠠᠲᠠᠭᠤᠵᠢᠪᠠ ᠃ | 2 ᠂ ᠡᠨᠡ ᠨᠢᠭᠡ ᠵᠢᠯ ᠳᠤ ᠪᠢᠳᠡ ᠮᠢᠩᠭᠠᠨ ᠭᠠᠵᠠᠷ ᠢᠶᠠᠷ ᠠᠶᠠᠯᠠᠵᠤ᠂ ᠬᠤᠣᠰ ᠴᠢᠭᠯᠡᠯ ᠢᠶᠠᠷ ᠤᠷᠤᠭᠰᠢᠯᠠᠭᠰᠠᠨ ᠶᠤᠮ᠃ ᠤᠨᠢᠨ ᠳᠡᠭᠡᠷ᠎ᠡ ᠨᠢ ᠬᠦᠴᠦᠯᠡᠵᠦ᠂ | ᠪᠦᠭᠦᠳᠡᠭᠡᠷ ᠢᠶᠠᠨ ᠪᠦᠷ ᠠᠷᠠᠯᠵᠢᠶᠠᠴᠢᠨ ᠤᠷᠢᠬᠤ ᠳᠤ ᠣᠷᠤᠯᠴᠠᠵᠠᠭᠠᠪᠠ ᠁ ᠱᠠᠩᠬᠠᠢ ᠂ ᠱᠧᠨᠵᠧᠨ ᠂ ᠬᠠᠩᠵᠧᠦ ᠂ ᠴᠢᠩᠳᠣᠣ ᠵᠡᠷᠭᠡ ᠭᠠᠵᠠᠷ ᠲᠤ ᠬᠦᠷᠴᠦ 4 | ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠨ ᠬᠤᠷᠠᠯᠳᠤᠵᠤ᠂ ᠨᠡᠶᠢᠲᠡ 872 ᠪᠦᠯᠦᠭ ᠤᠳᠠᠭ᠎ᠠ ᠭᠠᠳᠠᠭᠰᠢ ᠭᠠᠷᠴᠤ ᠤᠷᠢᠨ ᠠᠪᠴᠢᠷᠠᠵᠤ᠂ 1375 | ᠠᠵᠤ ᠠᠬᠤᠶᠢᠯᠠᠯ ᠲᠠᠢ ᠠᠵᠢᠯ ᠢᠶᠠᠨ ᠵᠣᠯᠭᠠᠭᠤᠯᠵᠤ ᠂ ᠵᠢᠱᠢᠯᠲᠡ ᠪᠠᠷ ᠪᠦᠬᠦ ᠵᠢᠯ ᠳᠤ 28.62 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ | ᠪᠤᠲᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠡᠢ ᠃ ᠤᠳᠠᠭ᠎ᠠ ᠪᠦᠷᠢ ᠶᠢᠨ ︽ᠭᠠᠳᠠᠭᠰᠢ ᠭᠠᠷᠬᠤ︾ ᠪᠠ ︽ ᠤᠷᠢᠨ | ᠣᠷᠣᠭᠤᠯᠬᠤ ︾ ᠪᠠᠷ ᠳᠠᠮᠵᠢᠨ ᠨᠡᠩ ᠣᠯᠠᠨ ᠠᠵᠤ ᠠᠬᠤᠶᠢᠯᠠᠯ ᠤᠳ ᠤᠷᠠᠳ ᠤᠨ ᠳᠤᠮᠳᠠᠳᠤ ᠬᠤᠰᠢᠭᠤ ᠲᠠᠢ ᠬᠠᠮᠤᠭ ᠤᠨ ᠰᠠᠶᠢᠨ ᠬᠠᠮᠳᠤᠷᠠᠨ ᠬᠤᠷᠰᠢᠭᠴᠢ | ᠪᠣᠯᠣᠭᠰᠠᠨ ᠪᠠᠶᠢᠨ᠎ᠠ᠃ | 3 ᠂ ᠡᠨᠡ ᠨᠢᠭᠡ ᠵᠢᠯ ᠳᠤ᠂ ᠡᠳᠡᠭᠡᠷ ᠲᠤᠭ᠎ᠠ ᠪᠠᠷᠢᠮᠲᠠ ᠨᠢ ᠪᠢᠳᠡᠨ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ ᠃ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ ᠤᠨ GDP ᠶᠢᠨ ᠶᠡᠷᠦᠩᠬᠡᠢ ᠬᠡᠮᠵᠢᠶ᠎ᠡ ᠨᠢ 132.93 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠶᠢᠨ | ᠨᠡᠮᠡᠭᠳᠡᠯ ᠤᠨ ᠬᠤᠷᠳᠤᠴᠠ ᠨᠢ 16.9% ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠢ 20%ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ | ᠭᠤᠷᠪᠠᠳᠤᠭᠠᠷ ᠲᠤ ᠣᠷᠤᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 47.29 ᠳ᠋ᠦᠩᠰᠢᠭᠤᠷ ᠲᠥᠭᠦᠷᠢᠭ ᠲᠤ ᠭ᠊ | ᠦ᠋ᠷᠴᠦ᠂ ᠨᠡᠮᠡᠭᠳᠡᠯ ᠤᠨ ᠬᠤᠷᠳᠤᠴᠠ ᠨᠢ 24.5% ᠬᠦᠷᠴᠦ ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ︔ ᠡᠩ ᠤᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠨᠢ 12 ᠳ᠋ᠦᠩᠰᠢᠭᠤᠷ ᠲᠥᠭᠦᠷᠢᠭ ᠲᠤ ᠬᠦᠷᠴᠦ᠂ 28.91% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠨᠢ 41551 ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 6.2% ᠪᠠᠶᠢᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ | ᠬᠤᠶᠠᠳᠤᠭᠠᠷ ᠲᠤ ᠣᠷᠣᠪᠠ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 25598 | ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 8.4% ᠪᠠᠶᠢᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ | ᠪᠢᠳᠡ ᠤᠷᠢᠳ ᠬᠤᠵᠢᠳ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ ᠪᠥᠬᠦ ᠤᠯᠤᠰ ᠤᠨ ︽ᠨᠢᠭᠡ | ᠲᠣᠰᠬᠤᠨ ᠨᠢᠭᠡ ᠨᠡᠷᠡᠲᠦ ᠲᠦᠷᠦᠯ ᠲᠡᠮᠳᠡᠭᠲᠦ︾ ᠶᠢᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ᠂ ᠪᠥᠬᠦ ᠤᠯᠤᠰ ᠤᠨ ᠪᠥᠬᠦ ᠰᠢᠶᠠᠨ ᠢᠶᠠᠷ ᠨᠢ ᠣᠯᠠᠨ ᠡᠬᠢᠲᠦ | ᠪᠣᠬᠢᠷᠲᠤᠯ ᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠬᠤ ᠵᠢᠱᠢᠶ᠎ᠡ ᠦᠵᠡᠭᠦᠯᠬᠦ ᠬᠤᠰᠢᠭᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠤᠰᠢᠭᠤ ᠰᠢᠶᠠᠨ᠂ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠠᠮᠤᠷ | ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠵᠡᠷᠭᠡ 61 ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠠᠰ ᠤᠨ ᠢᠷᠠᠭᠤ ᠠᠯᠳᠠᠷ ᠢ ᠭᠥᠷᠳᠡᠵᠦ᠂ ᠤᠷᠠᠳ ᠤᠨ ᠳᠤᠮᠳᠠᠳᠤ ᠬᠤᠰᠢᠭᠤ ᠵᠠᠯᠭᠠᠭ᠎ᠠ ᠪᠠᠷ ᠢᠷᠠᠭᠤ ᠠᠯᠳᠠᠷ ᠪᠠ ᠨᠡᠷ᠎ᠡ ᠬᠥᠨᠳᠦ ᠶᠢ ᠣᠯᠣᠭᠰᠠᠨ ᠪᠠᠶᠢᠨ᠎ᠠ᠃ | ᠡᠳᠡᠭᠡᠷ ᠂ ᠬᠥᠮᠥᠰ ᠤᠨ ᠤᠷᠮ᠎ᠠ ᠵᠣᠷᠢᠭ ᠢ ᠬᠥᠭᠵᠢᠭᠡᠭᠰᠡᠨ ᠰᠢᠪᠲᠤᠯᠤᠯᠲᠠ ᠪᠠ ᠠᠮᠵᠢᠯᠲᠠ ᠪᠦᠲᠦᠮᠵᠢ ᠶᠢ ᠦᠵᠡᠬᠦ ᠳᠤ ᠡᠩ ᠤᠨ ᠰᠢᠭ ᠪᠣᠯᠪᠠᠴᠤ ᠲᠡᠭᠦᠨ ᠤ | ᠠᠷᠤ ᠳᠠᠬᠢ ᠣᠷᠣᠰᠬᠠᠭᠰᠠᠨ ᠬᠦᠴᠦ ᠬᠦᠯᠦᠰᠦ ᠶᠢ ᠬᠡᠷᠬᠢᠨ ᠦᠭᠡ ᠪᠠᠷ ᠢᠯᠡᠳᠬᠡᠬᠦ ᠪᠢᠯᠡ᠃ | ᠡᠳᠡᠭᠡᠷ ᠠᠮᠵᠢᠯᠲᠠ ᠪᠦᠲᠦᠮᠵᠢ ᠶᠢ ᠭᠠᠷᠭᠠᠭᠰᠠᠨ ᠨᠢ ᠤᠷᠠᠳ ᠤᠨ ᠲᠤᠮᠳᠠᠳᠤ ᠬᠤᠰᠢᠭᠤᠨ ᠤ ᠬᠥᠮᠥᠨ ᠨᠢᠭᠡᠪᠦᠷᠢ ᠶᠢᠨ ᠬᠠᠮᠲᠤ ᠶᠢᠨ ᠴᠢᠷᠮᠠᠶᠢᠯᠭ᠎ᠠ ᠪᠣᠯᠬᠤ ᠶᠤᠮ᠃ | ᠤᠷᠳᠤ ᠵᠠᠮ ᠤᠨ ᠠᠶᠠᠯᠠᠯ ᠳᠤ ᠪᠠᠨ ᠪᠢᠳᠡ ᠨᠤᠭᠤᠷᠠᠯ ᠪᠦᠳᠦᠷᠢᠯ ᠳᠤ ᠤᠴᠠᠷᠠᠵᠤ ᠥᠩᠭᠡᠷᠡᠭᠰᠡᠨ ᠂ ᠡᠷᠡᠭᠡᠯᠵᠡᠨ ᠲᠠᠲᠠᠭᠠᠯᠵᠠᠵᠤ ᠥᠩᠭᠡᠷᠡᠭᠰᠡᠨ ᠂ ᠰᠡᠵᠢᠭᠯᠡᠵᠦ ᠢᠲᠡᠭᠡᠯ | ᠠᠯᠳᠠᠵᠤ ᠥᠩᠭᠡᠷᠡᠭᠰᠡᠨ ᠪᠣᠯᠪᠠᠴᠤ ᠡᠴᠦᠰ ᠲᠤ ᠪᠠᠨ ᠢᠯᠠᠨ ᠳᠠᠪᠠᠵᠤ ᠠᠮᠵᠢᠯᠲᠠ ᠣᠯᠣᠭᠰᠠᠨ ᠶᠤᠮ ᠃ | ᠵᠣᠯ ᠵᠢᠷᠭᠠᠯ ᠭᠡᠳᠡᠭ ᠨᠢ ᠰᠢᠯᠦᠭ ᠰᠢᠭ ᠰᠠᠶᠢᠬᠠᠨ ᠠᠮᠢᠳᠤᠷᠠᠯ ᠢ ᠪᠡᠶᠡᠯᠡᠭᠦᠯᠬᠦ ᠶᠢ ᠬᠡᠯᠡᠵᠦ ᠪᠤᠢ | 1 ᠂ ᠡᠨᠡ ᠨᠢᠭᠡ ᠵᠢᠯ ᠳᠤ᠂ ᠪᠢᠳᠡᠨ ᠤ ᠦᠰᠦᠨᠪᠣᠶᠢᠵᠢᠭᠰᠠᠨ ᠬᠠᠯᠢᠭᠤᠳᠤ ᠶᠡᠭᠡ ᠵᠡᠭᠡᠯᠢ᠂ ᠤᠷᠠᠳ ᠵᠠᠮ ᠵᠡᠷᠭᠡ 12 ᠭᠤᠣᠯ ᠳᠡᠳ᠋ ᠵᠠᠮ ᠱᠤᠭᠤᠮ ᠪᠥᠬᠦ | ᠲᠠᠯ᠎ᠠ ᠪᠠᠷ ᠰᠢᠨᠡᠳᠴᠦ᠂ ᠬᠤᠲᠠ ᠶᠢᠨ ᠠᠷᠠᠳ ᠤᠨ ᠣᠷᠣᠵᠣ ᠭᠠᠷᠬᠤ ᠶᠠᠪᠤᠵᠤ ᠰᠠᠭᠤᠬᠤ ᠳᠤ ᠳᠦᠭᠦᠮ ᠦᠵᠡᠭᠦᠯᠦᠭᠰᠡᠨ ᠪᠠᠶᠢᠨ᠎ᠠ᠃ ᠰᠢᠨ᠎ᠡ ᠪᠠᠷ ᠪᠠᠶᠢᠭᠤᠯᠤᠭᠰᠠᠨ | 3 ᠲᠡᠷᠭᠡᠨ ᠵᠣᠭᠰᠣᠭᠠᠯ ᠨᠢ ᠭᠤᠣᠯ ᠬᠤᠲᠠ ᠶᠢᠨ ᠲᠣᠭᠤᠷᠢᠭ ᠤᠨ ᠲᠡᠷᠭᠡ ᠵᠣᠭᠰᠤᠭᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ 33 ᠬᠠᠭᠤᠴᠢᠨ | ᠬᠤᠷᠢᠶᠠᠯᠠᠯ ᠢ ᠵᠠᠰᠠᠨ ᠰᠢᠨᠡᠳᠭᠡᠵᠦ᠂ 11117 ᠡᠷᠦᠬᠡ ᠳᠤ ᠠᠰᠢᠭ ᠬᠦᠷᠲᠡᠭᠡᠵᠦ ᠂ ᠤᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠬᠦᠰᠡᠯ | ᠵᠡᠭᠦᠳᠦ ᠶᠢ ᠲᠡᠷᠭᠡᠯᠰᠢᠭᠦᠯᠪᠡ ᠃ 11 ᠴᠡᠴᠡᠷᠯᠢᠭ ᠠᠭᠤᠳᠠᠮ ᠲᠠᠯᠠᠪᠠᠢ ᠂ 5 ᠬᠠᠷᠮᠠᠨ ᠴᠡᠴᠡᠷᠯᠢᠭ ᠨᠢ ᠬᠤᠳᠠ ᠵᠡᠭᠡᠯᠢ ᠶᠢᠨ ᠥᠨᠴᠥᠭ ᠪᠤᠯᠤᠩ ᠳᠤ ᠥᠩᠭᠡ | ᠨᠡᠮᠡᠷᠢᠯᠡᠵᠦ ᠦᠵᠡᠰᠬᠦᠯᠡᠩᠲᠦ ᠰᠠᠶᠢᠬᠠᠨ ᠬᠠᠷᠠᠭᠳᠠᠨ᠎ᠠ᠃ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ ᠨᠢ 40 ᠨᠡᠷᠡᠰ ᠵᠡᠮᠳᠡᠭᠴᠦᠳ ᠢ | ᠬᠠᠯᠠᠮᠵᠢᠯᠠᠨ ᠠᠰᠠᠷᠠᠵᠤ ᠲᠡᠲᠡᠨᠡᠷ ᠲᠤ ᠭᠡᠷ ᠪᠦᠯᠢ ᠶᠢᠨ ᠬᠠᠯᠠᠮᠵᠢᠯᠠᠯ ᠢ ᠬᠦᠷᠲᠡᠭᠡᠭᠰᠡᠨ ᠪᠠᠶᠢᠨ᠎ᠠ᠃ ᠲᠠᠪᠤᠳᠤᠭᠠᠷ ᠬᠡᠦᠬᠡᠳ ᠤᠨ ᠴᠡᠴᠡᠷᠯᠢᠭ ᠂ ᠭᠤᠷᠪᠠᠳᠤᠭᠠᠷ ᠪᠠᠭ᠎ᠠ | ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ ᠂ ᠬᠡᠦᠬᠡᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠪᠣᠯᠣᠨ᠎ᠠ ᠃ | 2 ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠪᠦᠬᠦ ᠠᠷᠠᠳ ᠢᠶᠠᠷ ᠢᠶᠠᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠢᠲᠡᠭᠡᠯ ᠵᠣᠷᠢᠭ ᠢᠶᠠᠨ ᠬᠦᠪᠴᠢᠯᠡᠨ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠪᠠ ᠃ ᠤᠯᠠᠭᠠᠨ ᠥᠩᠭᠡ ᠶᠢᠨ ︽ ᠰᠠᠶᠢᠨ ᠲᠤᠷᠠᠴᠤᠳ︾ | ᠦᠰᠦᠭ ᠲᠠᠢ ᠬᠠᠨᠵᠢᠶᠠᠷ ᠡᠮᠦᠰᠦᠭᠰᠡᠨ ᠬᠦᠮᠦᠰ ᠵᠡᠭᠡᠯᠢ ᠭᠤᠳᠤᠮᠵᠢ ᠪᠠᠷ ᠳᠠᠩᠳᠠ ᠬᠠᠷᠠᠭᠳᠠᠬᠤ ᠪᠣᠯᠪᠠ᠃ ᠮᠢᠩᠭᠠᠨ ᠺᠠᠳ᠋ᠷ ᠲᠦᠮᠡᠨ ᠡᠷᠦᠬᠡ ᠪᠠᠷ ᠬᠦᠷᠴᠦ ᠂ ᠨᠢᠭᠡᠨ | ᠪᠤᠯᠪᠠᠰᠤᠨ ᠰᠠᠶᠢᠬᠠᠨ ᠬᠤᠲᠠ ᠶᠢ ᠡᠭᠦᠳᠦᠨ ᠪᠠᠶᠢᠭᠤᠯᠬᠤ ᠶᠢᠨ ᠲᠥᠯᠥᠭᠡ᠂ ᠰᠠᠯᠬᠢ ᠪᠣᠷᠣᠭᠠᠨ ᠢ ᠬᠠᠶᠢᠬᠤᠷᠤᠯ ᠦᠭᠡᠢ ᠪᠠᠷ ᠬᠥᠮᠥᠨ ᠪᠦᠬᠦᠨ ᠴᠢᠷᠮᠠᠶᠢᠵᠤ᠂ ᠬᠤᠪᠢ | ᠨᠡᠮᠡᠷᠢ ᠪᠠᠨ ᠦᠵᠡᠭᠦᠯᠵᠦ ᠪᠠᠶᠢᠨ᠎ᠠ᠃ | ᠬᠤᠳᠠ ᠶᠢᠨ ᠲᠦᠷᠭᠡᠨ ᠬᠦᠭᠵᠢᠬᠦ ᠶᠠᠪᠤᠴᠠ ᠲᠤᠮᠳᠠ᠂ ᠡᠭᠦᠨ ᠢ ᠨᠢ ᠬᠦᠨᠳᠦᠳᠬᠡᠵᠦ ᠲᠡᠭᠦᠨ ᠢ ᠨᠢ ᠬᠥᠩᠭᠡᠪᠴᠢᠯᠡᠵᠦ ᠪᠣᠯᠬᠤ ᠦᠭᠡᠢ ᠃ ᠲᠦᠷᠦᠵᠦ ᠦᠰᠦᠭᠰᠡᠨ | ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠵᠤ᠂ ᠴᠢᠷᠮᠠᠶᠢᠨ ᠠᠵᠢᠯᠯᠠᠵᠤ ᠰᠠᠶᠢᠲᠤᠷ ᠪᠦᠲᠦᠭᠡᠨ ᠪᠠᠶᠢᠭᠤᠯᠪᠠ᠃ | ᠳᠡᠯ ᠠᠭᠤᠯᠠ ᠪᠠᠯᠭᠠᠰᠤᠨ ᠤ ᠰᠾᠢ ᠢ ᠲᠠᠩ ᠲᠣᠰᠬᠤᠨ ᠤ 4 ᠰᠠᠭᠤᠷᠢ 6 ᠳᠠᠪᠬᠤᠷᠭ᠎ᠠ ᠶᠢᠨ ᠴᠠᠬᠢᠯᠭᠠᠨ ᠱᠠᠲᠤᠲᠤ ᠠᠰᠠᠷ ᠨᠢ ᠲᠣᠰᠬᠤᠨ ᠤ ᠠᠷᠠᠳ ᠲᠤ ᠥᠨᠳᠥᠷ | ᠪᠠᠷᠢᠮᠵᠢᠶ᠎ᠠ ᠲᠠᠢ ᠴᠢᠨᠠᠷᠯᠢᠭ ᠠᠮᠢᠳᠤᠷᠠᠯ ᠢ ᠡᠳ᠋ᠯᠡᠭᠦᠯᠵᠦ᠂ ᠡᠨᠡᠬᠦ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠂ ᠤᠯᠤᠰ ᠤᠨ ᠤᠢ ᠰᠢᠭᠤᠢ ᠶᠢᠨ ᠬᠥᠳᠡᠭᠡ | ᠲᠣᠰᠬᠤᠨ ᠂ ᠪᠦᠬᠦ ᠤᠯᠤᠰ ᠤᠨ ︽ ᠨᠢᠭᠡ ᠲᠣᠰᠬᠤᠨ ᠨᠢᠭᠡ ᠲᠦᠷᠦᠯ ᠲᠡᠮᠳᠡᠭᠲᠦ︾ ᠶᠢᠨ ᠵᠢᠱᠢᠶ᠎ᠡ ᠦᠵᠡᠭᠦᠯᠬᠦ ᠲᠣᠰᠬᠤᠨ ᠂ ᠪᠦᠬᠦ ᠤᠯᠤᠰ ᠤᠨ ᠲᠡᠷᠢᠭᠦᠨ ᠤ | ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠵᠡᠷᠭᠡ 5 ᠵᠦᠢᠯ ᠤᠨ ᠤᠯᠤᠰ ᠤᠨ ᠢᠷᠠᠭᠤ ᠠᠯᠳᠠᠷ ᠲᠠᠢ ︽ ᠣᠳᠤᠨ ᠲᠣᠰᠬᠤᠨ ︾ ᠨᠢ ᠦᠨᠡᠯᠡᠭᠳᠡᠵᠦ᠂ ᠬᠥᠳᠡᠭᠡ | ᠲᠣᠰᠬᠤᠨ ᠤ ᠬᠦᠭᠵᠢᠨ ᠴᠡᠴᠡᠭᠯᠡᠯ ᠳᠤ ᠰᠢᠨ᠎ᠡ ᠬᠤᠪᠢ ᠦᠵᠡᠭᠦᠯᠬᠦ ᠪᠠᠷ ᠦᠷᠭᠦᠯᠵᠢᠯᠡᠨ ᠴᠢᠷᠮᠠᠶᠢᠵᠤ ᠪᠣᠢ᠃ | ᠬᠤᠯᠤᠰᠤᠲᠠᠢ ᠰᠤᠮᠤ ᠶᠢᠨ ᠬᠤᠶᠠᠷ ᠪᠣᠭᠳᠠ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠨᠠᠶᠢᠳᠠᠨ ᠬᠠᠮᠢᠶᠠᠷᠴᠤ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠵᠢᠯ ᠪᠦᠷᠢ 5 ᠲᠦᠮᠡ ᠣᠷᠴᠢᠮ ᠤᠨ ᠬᠤᠶᠠᠷ ᠪᠣᠭᠳᠠ ᠶᠢᠨ ᠴᠠᠭᠠᠨ ᠨᠣᠯᠤᠥᠷ ᠤᠨ ᠢᠮᠠᠭ᠎ᠠ ᠶᠢ ᠠᠷᠠᠴᠢᠯᠠᠨ ᠪᠣᠶᠢᠵᠢᠭᠤᠯᠵᠤ ᠂ | ᠵᠢᠯ ᠤᠨ ᠦᠢᠯᠡᠳᠪᠦᠷᠢᠯᠡᠯ ᠤᠨ ᠥᠷᠲᠡᠭ ᠨᠢ 8000 ᠲᠦᠮᠡᠨ ᠲᠥᠭᠦᠷᠢᠭ ᠲᠤ ᠬᠦᠷᠴᠦ ᠂ ᠦᠷᠡᠵᠢᠭᠦᠯᠦᠨ ᠪᠣᠶᠢᠵᠢᠭᠤᠯᠬᠤ ᠪᠠᠷ ᠰᠠᠶᠢᠨ ᠠᠷᠠᠯᠵᠢᠶᠠᠯᠠᠨ | ᠬᠤᠳᠠᠯᠳᠤᠬᠤ ᠪᠠᠷ ᠲᠦᠷᠭᠡᠨ ᠪᠠᠶᠢᠵᠤ ᠂ ᠠᠯᠳᠠᠷ ᠨᠡᠷ᠎ᠡ ᠪᠠᠨ ᠳᠠᠭᠤᠷᠢᠰᠬᠠᠭᠰᠠᠨ ᠪᠠᠶᠢᠨ᠎ᠠ ᠃ | ᠦᠵᠦᠭᠦᠷ ᠭᠤᠣᠯ ᠪᠠᠯᠭᠠᠰᠤᠨ ᠳᠤ ᠰᠠᠨ ᠴᠧᠩ᠂ ᠡᠯ ᠬᠠᠨ᠂ ᠬᠤᠤ ᠯᠢᠶᠠᠨ ᠹᠧᠩ ᠵᠡᠷᠭᠡ 3 ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠪᠣᠯᠪᠠᠰᠤᠷᠠᠭᠤᠯᠬᠤ | ᠦᠢᠯᠡᠳᠪᠦᠷᠢ ᠪᠠᠶᠢᠭᠤᠯᠵᠤ᠂ ᠵᠢᠯ ᠤᠨ ᠳᠣᠲᠣᠷ᠎ᠠ ᠦᠢᠯᠡᠳᠪᠦᠷᠢᠯᠡᠯ ᠤᠨ ᠪᠤᠯᠪᠠᠰᠤᠷᠠᠭᠤᠯᠤᠯᠲᠠ ᠶᠢᠨ ᠬᠡᠮᠵᠢᠶ᠎ᠡ ᠨᠢ 2000 ᠲᠦᠮᠡ ᠰᠢᠷᠭᠡᠭ ᠲᠤ ᠬᠦᠷᠴᠦ᠂ ᠨᠢᠭᠡ | ᠮᠥᠬᠦᠯᠢᠭ ᠡᠷᠳᠡᠨᠢ ᠰᠢᠰᠢ ᠪᠠᠷ ᠨᠢᠭᠡ ᠠᠵᠤ ᠦᠢᠯᠡᠰ ᠢ ᠡᠭᠦᠳᠦᠨ ᠪᠦᠲᠦᠭᠡᠵᠡᠢ᠃ | ᠶᠢᠨ ᠰᠧ ᠲᠢᠶᠠᠨ ᠶᠧ᠂ ᠬᠤᠤ ᠯᠢᠶᠠᠨ ᠹᠧᠩ ᠨᠢ ᠤᠯᠤᠰ ᠤᠨ ᠲᠠᠷᠢᠶᠠᠴᠢᠳ ᠤᠨ ᠬᠤᠷᠰᠢᠶᠠᠵᠢᠯ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢᠶᠠᠷ ᠦᠨᠡᠯᠡᠭᠳᠡᠵᠦ᠂ | ᠭᠤᠸ ᠲᠠ ᠯᠢᠶᠠᠩ ᠺᠣᠮᠫᠠᠨᠢ ᠨᠢ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠴᠣᠯᠠ ᠭᠥᠷᠳᠡᠪᠡ᠃ | ︽ᠨᠢᠭᠡ ᠪᠠᠯᠭᠠᠰᠤ ᠨᠢᠭᠡ ᠲᠦᠷᠦᠯ ᠲᠡᠮᠳᠡᠭᠲᠦ︾ ᠪᠠᠷ ᠶᠡᠷᠦᠩᠬᠡᠢ ᠤᠳᠤᠷᠢᠳᠤᠮᠵᠢ ᠪᠣᠯᠭᠠᠵᠤ᠂ ︽ᠡᠳ᠋ᠰᠢᠭᠦᠯᠦᠨ ᠪᠣᠯᠪᠠᠰᠤᠷᠠᠭᠤᠯᠬᠤ︾ ᠪᠠ ︽ᠨᠠᠷᠠᠲᠤ ᠲᠦᠷᠦᠯ | ᠲᠡᠮᠳᠡᠭᠲᠦ︾ ᠪᠠᠷ ᠭᠤᠣᠯ ᠭᠤᠭᠴᠤᠭ᠎ᠠ ᠪᠣᠯᠭᠠᠵᠤ᠂ ᠣᠳᠣᠬᠠᠨ ᠶᠠᠭ 12 ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠳᠤ | ᠳᠠᠬᠢᠨ ᠠᠮᠢᠵᠢᠷᠠᠯ ᠤᠨ ᠬᠦᠴᠦᠨ ᠢ ᠣᠯᠭᠤᠪᠠ ᠃ | 2᠂ ᠡᠨᠡ ᠨᠢᠭᠡ ᠵᠢᠯ ᠳᠤ᠂ ᠤᠷᠠᠳ ᠤᠨ ᠳᠤᠮᠳᠠᠳᠤ ᠬᠤᠰᠢᠭᠤᠨ ᠤ 50% ᠠᠴᠠ ᠳᠡᠭᠡᠭᠰᠢᠬᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ | ᠣᠷᠣᠯᠭ᠎ᠠ 20 ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠂ ᠲᠣᠰᠬᠤᠨ ᠤ ᠠᠷᠠᠳ | ᠤᠨᠣᠷᠣᠯᠭ᠎ᠠ ᠶᠢ ᠨᠡᠮᠡᠭᠳᠡᠭᠦᠯᠪᠡ᠃ | ᠡᠳᠦᠷ ᠢᠷᠡᠬᠦᠶ᠎ᠡ ᠰᠢᠨᠡᠳᠦᠨ ᠬᠤᠪᠢᠷᠠᠵᠤ ᠪᠠᠶᠢᠭ᠎ᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠶᠣ ᠰᠠᠶᠢᠬᠠᠨ ᠨᠢ ᠬᠦᠮᠦᠰ ᠲᠤ | ᠲᠠᠭᠠᠰᠢᠶᠠᠭᠳᠠᠵᠤ ᠪᠠᠶᠢᠨ᠎ᠠ ᠃ ᠦᠨᠡᠨ ᠳᠤ ᠪᠠᠨ ᠤᠯᠠᠨ ᠲᠦᠮᠡᠨ ᠳᠤ ᠠᠪᠴᠤ ᠬᠡᠯᠡᠪᠡᠯ᠂ ᠠᠵᠤ ᠠᠮᠢᠳᠤᠷᠠᠯ ᠳᠤ ᠶᠡᠭᠡ ᠶᠠᠪᠤᠳᠠᠯ ᠭᠡᠵᠦ ᠦᠭᠡᠢ ᠶᠤᠮ ᠂ ᠨᠢᠭᠡ | ᠴᠠᠭ ᠤᠨ ᠬᠤᠭᠤᠯᠠ ᠂ ᠨᠢᠭᠡ ᠵᠠᠮ ᠱᠤᠭᠤᠮ᠂ ᠨᠢᠭᠡ ᠵᠦᠢᠯ ᠤᠨ ᠠᠷᠠᠳ ᠢ ᠪᠠᠶᠠᠵᠢᠭᠤᠯᠬᠤ ᠠᠵᠤ ᠦᠢᠯᠡᠰ ᠨᠢ ᠦᠵᠡᠬᠦ ᠳᠤ ᠶᠠᠯᠢᠮ ᠦᠭᠡᠢ ᠪᠠᠭ᠎ᠠ ᠤᠴᠢᠷ ᠪᠣᠯᠪᠠᠴᠤ | ᠬᠥᠮᠥᠰ ᠲᠤ ᠪᠠᠶᠠᠷ ᠪᠠᠶᠠᠰᠤᠯ ᠪᠠ ᠬᠠᠶᠢᠷ᠎ᠠ ᠬᠠᠨᠤᠮᠵᠢ ᠣᠯᠭᠤᠵᠤ ᠪᠠᠶᠢᠨ᠎ᠠ᠃ | ᠤᠷᠠᠳ ᠤᠨ ᠳᠤᠮᠳᠠᠳᠤ ᠬᠤᠰᠢᠭᠤ᠂ ᠬᠤᠨ ᠭᠠᠯᠠᠭᠤᠨ ᠨᠤᠲᠤᠭ ᠡ᠃ ᠤᠷᠠᠳ ᠤᠨ ᠳᠤᠮᠳᠠᠳᠤ ᠬᠤᠰᠢᠭᠤᠨ ᠤ 2.3 ᠲᠦᠮᠡᠨ ᠲᠡᠭᠰᠢ ᠳᠥᠷᠪᠡᠯᠵᠢᠨ | ᠺᠢᠯᠣᠮᠧᠲᠷ ᠲᠠᠯᠠᠪᠠᠢ ᠲᠠᠢ ᠨᠤᠲᠤᠭ ᠳᠡᠪᠢᠰᠬᠡᠷ ᠳᠡᠭᠡᠷ᠎ᠡ ᠥᠩᠭᠡ ᠶᠢᠨ ᠴᠡᠴᠡᠭ ᠮᠢᠷᠠᠯᠵᠠᠨ ᠂ ᠥᠯᠢᠭᠡᠷ ᠲᠡᠤᠬᠡ ᠲᠠᠢ ᠰᠠᠶᠢᠬᠠᠨ ᠣᠷᠣᠨ ᠪᠣᠯᠣᠨ᠎ᠠ | 1 ᠂ ᠡᠨᠡ ᠨᠢᠭᠡ ᠵᠢᠯ ᠳᠤ᠂ ᠪᠢᠳᠡ ᠬᠤᠨ ᠭᠠᠯᠠᠭᠤᠨ ᠰᠣᠶᠣᠯ ᠤᠷᠠᠯᠢᠭ ᠤᠨ ᠨᠠᠶᠢᠷ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠨᠠᠭᠠᠳᠤᠮ ᠤᠨ ᠬᠤᠷᠠᠯ᠂ ᠲᠠᠯ᠎ᠠ ᠨᠤᠲᠤᠭ ᠤᠨ ︽ ᠲᠥᠯ ᠴᠠᠭᠠᠯᠠᠬᠤ ᠨᠠᠶᠢᠷ ︾᠂ ᠬᠤᠨ ᠭᠠᠯᠠᠭᠤᠨ ᠰᠠᠯᠬᠢᠴᠢ ᠰᠢᠪᠠᠭᠤ ᠨᠢᠰᠭᠡᠬᠦ ᠨᠠᠶᠢᠷ᠂ ︽ᠤᠷᠠᠳ ᠨᠤᠲᠤᠭ ᠤᠨ | ᠠᠮᠲᠠᠲᠤ ᠢᠳᠡᠭᠡᠨ ︾ ᠬᠤᠭᠤᠯᠠ ᠤᠮᠳᠠ ᠶᠢᠨ ᠦᠨᠡᠯᠡᠯᠲᠡ ᠂ ︽ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠭᠡᠨ ᠬᠥᠰᠡᠯ ᠵᠡᠭᠦᠲᠦ | ᠪᠠᠨ ᠲᠡᠷᠭᠡᠯᠰᠢᠬᠦᠯᠬᠦ︾ ᠳᠠᠭᠤᠤ ᠭᠦᠭᠵᠢᠮ ᠤᠨ ᠲᠣᠭᠯᠠᠯᠲᠠ᠂ ︽ᠲᠤᠮᠳᠠᠳᠤ ᠶᠢᠨ ᠰᠤᠶᠤᠯ ᠢ ᠣᠶᠢᠯᠠᠭᠠᠨ᠂ ᠡᠬᠡ ᠤᠯᠤᠰ ᠤᠨ ᠤᠮᠠᠷᠠᠲᠦ ᠬᠢᠯᠢ ᠪᠠᠷ ᠵᠤᠭᠠᠴᠠᠨ | ᠲᠣᠭᠤᠷᠢᠬᠤ︾ UTV ᠤᠨ ᠬᠡᠭᠡᠷᠡᠯᠡᠬᠦ ᠬᠥᠳᠡᠯᠭᠡᠭᠡᠨ ᠂ ᠪᠥᠬᠦ ᠣᠷᠣᠨ ᠤ ᠠᠩᠬᠠᠳᠠᠭᠴᠢ ᠥᠨᠳᠥᠷ ᠣᠭᠲᠠᠷᠭᠤᠢ ᠠᠴᠠ ᠰᠢᠬᠦᠷ ᠢᠶᠠᠷ ᠪᠠᠭᠤᠬᠤ ᠬᠤᠸᠠᠷᠠᠨ ᠢ ᠡᠭᠦᠳᠦᠨ | ᠪᠠᠶᠢᠭᠤᠯᠬᠤ ᠵᠡᠷᠭᠡ ᠁ ᠣᠯᠠᠨ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠬᠥᠮᠥᠰ ᠤᠨ ᠬᠦᠷᠢᠶᠡᠯᠡᠯ ᠢ ᠣᠯᠪᠠ ᠃ ᠥᠪᠡᠷᠲᠡᠭᠡᠨ ᠵᠠᠰᠠᠬᠤ ᠣᠷᠣᠨ ᠤ | ᠬᠠᠮ ᠵᠠᠭᠤᠴᠢᠯᠠᠭᠤᠷ ᠲᠠᠢ ᠬᠠᠮᠲᠤᠷᠠᠨ ︽ᠦᠵᠡᠰᠬᠦᠯᠡᠩᠲᠦ ᠰᠠᠶᠢᠬᠠᠨ ᠮᠢᠨᠦ ᠨᠤᠲᠤᠭ︾ ᠭᠡᠬᠦ ᠲᠣᠮᠣ ᠬᠡᠯᠪᠡᠷᠢ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ | ᠠᠵᠢᠯᠯᠠᠭ᠎ᠠ ᠶᠢ ᠡᠷᠭᠢᠯᠡᠵᠦ᠂ ᠤᠷᠠᠳ ᠤᠨ ᠳᠤᠮᠳᠠᠳᠤ ᠬᠤᠰᠢᠭᠤ ᠢᠨᠲ᠋ᠧᠷ ᠰᠦᠯᠵᠢᠶ᠎ᠡ ᠪᠠᠷ ᠳᠠᠮᠵᠢᠨ ᠪᠥᠬᠦ ᠤᠯᠤᠰ ᠲᠤ ᠨᠡᠷ᠎ᠡ ᠠᠯᠳᠠᠷᠰᠢᠭᠰᠠᠨ ᠪᠠᠶᠢᠨ᠎ᠠ᠃ | ᠪᠢᠳᠠ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭᠲᠦ ᠶᠢ ᠡᠭᠦᠳᠴᠦ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠦᠨᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠭᠠᠵᠠᠷ ᠢᠶᠠᠷ | ᠦᠨᠡᠯᠡᠭᠳᠡᠪᠡ ᠃ ᠬᠠᠯᠢᠭᠤᠲᠦ ᠶᠢᠨ ᠤᠮᠠᠷᠠᠲᠤ ᠬᠢᠯᠢ ᠶᠢᠨ ᠰᠣᠶᠣᠯ ᠤᠨ ᠪᠡᠶᠡᠴᠢᠯᠡᠨ ᠣᠶᠢᠯᠠᠭᠠᠬᠤ ᠲᠥᠪ ︵ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ︶ ᠤᠷᠤᠭᠰᠢᠲᠠᠢ ᠪᠠᠷ ᠠᠵᠢᠯ ᠢᠶᠠᠨ ᠡᠬᠢᠯᠡᠭᠦᠯᠵᠦ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ | ᠬᠠᠮᠲᠤᠷᠠᠨ ︽ ᠤᠮᠠᠷᠠᠲᠤ ᠬᠢᠯᠢ ᠶᠢᠨ ᠰᠣᠶᠣᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠯᠪᠣᠭ᠎ᠠ ︾ ᠶᠢ ᠪᠠᠶᠢᠭᠤᠯᠪᠠ ᠃ | ᠡᠩ ᠤᠨ ᠬᠥᠮᠥᠰ ᠤᠨ ᠨᠢᠳᠦᠨ ᠳᠠᠬᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠣᠨ ᠵᠡᠭᠡᠯᠢ ᠭᠤᠳᠤᠮᠵᠢ ᠨᠢ ᠪᠠᠰᠠ ᠬᠦᠮᠦᠰ ᠲᠤ ᠮᠡᠳᠡᠷᠡᠭᠳᠡᠭᠰᠡᠨ | ᠲᠣᠭᠤᠷᠢᠨ ᠰᠣᠨᠢᠷᠬᠠᠬᠤ ᠰᠡᠯᠡᠭᠦᠴᠡᠯ ᠤᠨ ᠦᠵᠡᠮᠵᠢ ᠶᠢᠨ ᠴᠡᠭ ᠪᠣᠯᠣᠭᠰᠠᠨ ᠪᠠᠶᠢᠨ᠎ᠠ᠃ | ᠨᠧᠩ ᠶᠤᠸᠠᠨ ᠵᠡᠭᠡᠯᠢ ᠶᠢᠨ ᠪᠠᠶᠢᠰᠢᠩᠲᠦ ᠲᠣᠭᠤᠷᠢᠭ ᠤᠨ ᠰᠣᠶᠣᠯ ᠤᠨ ᠥᠩᠭᠡᠲᠦ ᠬᠡᠷᠡᠮ ᠨᠢ ᠪᠢᠳᠡᠨ ᠳᠤ ᠬᠠᠭᠤᠴᠢᠨ ᠢᠶᠠᠨ ᠡᠷᠭᠢᠴᠡᠭᠦᠯᠵᠦ ᠦᠩᠭᠡᠷᠡᠭᠰᠡᠨ ᠢ | ᠪᠣᠳᠤᠭᠳᠠᠭᠤᠯᠤᠨ᠎ᠠ᠃ | ᠭᠠᠷ ᠤᠷᠠᠯᠠᠯ ᠤᠨ ᠠᠵᠤ ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠢᠶᠠᠷ ᠰᠣᠷᠪᠤᠯᠵᠢᠯᠠᠬᠤ ᠳᠤ᠂ ᠠᠷᠠᠳ ᠤᠨ ᠤᠷᠠᠯᠢᠭᠴᠢᠳ ᠤᠨ ᠠᠪᠢᠶᠠᠰ ᠪᠢᠯᠢᠭ ᠤᠷ᠎ᠠ | ᠮᠡᠷᠭᠡᠵᠢᠯ ᠨᠢ ᠬᠦᠮᠦᠰ ᠢ ᠪᠢᠰᠢᠷᠡᠭᠦᠯᠦᠨ᠎ᠡ᠃ | ᠤᠷᠠᠳ ᠤᠨ ᠳᠤᠮᠳᠠᠳᠤ ᠬᠤᠰᠢᠭᠤᠨ ᠤ ᠮᠠᠯ ᠤᠨ ᠮᠢᠬ᠎ᠠ ᠶᠢ ᠠᠮᠲᠠᠯᠠᠬᠤ ᠳᠤ ᠂ ᠮᠠᠨ ᠤ ᠭᠤᠷᠪᠠᠨ ᠡᠷᠡᠨ ᠤ ᠬᠤᠭᠤᠯᠠ ᠶᠢ ᠪᠠᠶᠠᠯᠢᠭᠵᠢᠭᠤᠯᠵᠤ᠂ ᠠᠮᠢᠳᠤᠷᠠᠯ | ᠠᠵᠠ ᠵᠢᠷᠭᠠᠯ ᠢᠶᠠᠷ ᠳᠦᠭᠦᠷᠡᠩ ᠪᠠᠶᠢᠨ᠎ᠠ ᠃ | | | | |