| ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠬᠦᠰᠡᠯ | | ᠤᠷᠴᠢᠮᠬᠠᠨ ᠪᠠᠶᠠᠨᠨᠠᠭᠤᠷ ᠬᠤᠳᠠ ᠶᠢᠨ ᠬᠠᠮᠤᠭ ᠭᠤᠶᠤ ᠡᠮᠡᠭᠳᠡᠢ ᠶᠢᠨ ᠢᠷᠠᠭᠤ ᠠᠯᠳᠠᠷ ᠬᠦᠷᠳᠡᠭᠰᠡᠤᠨ ᠲᠤᠳᠤᠷ᠎ᠠ ᠨᠠᠬᠢᠶ᠎ᠠ ᠶᠢᠨ ᠠᠯᠳᠠᠷ ᠲᠤᠷᠠᠶᠢᠵᠦ ᠪᠠᠶᠢᠯ᠎ᠠ᠃ | ᠲᠡᠷᠡᠪᠡᠷ 2010 ᠤᠨ ᠳᠤ ᠠᠵᠢᠯ ᠤᠨ ᠪᠠᠶᠢᠷᠢᠨ ᠳᠤ ᠭᠠᠷᠴᠦ᠂ ᠤᠷᠠᠤᠨ ᠤᠨ ᠲᠤᠮᠳᠠᠳᠤ ᠬᠤᠰᠢᠭᠤᠨ ᠤ ᠭᠠᠭᠴᠠᠮᠤᠳᠤ ᠪᠠᠯᠭᠠᠰᠤ ᠶᠢᠨ ᠶᠡᠷᠤᠩᠬᠡᠶᠢᠯᠡᠭᠰᠡᠨ | ᠪᠠᠳᠤᠯᠠᠭ᠎ᠠ ᠪᠠ ᠮᠡᠷᠬᠡᠵᠢᠯ ᠲᠦᠬᠡᠮᠡᠯᠵᠢᠬᠦᠯᠬᠦ ᠲᠦᠪ ᠤᠨ ᠲᠡᠳ᠋ ᠡᠷᠬᠢᠯᠡᠭᠴᠢ᠂ ᠡᠬᠢᠨᠴᠠᠭᠠᠨ ᠭᠠᠴᠠᠭᠠᠨ ᠤ ᠨᠠᠮ ᠤᠨ ᠡᠬᠦᠷ ᠤᠨ ᠱᠦᠵᠢ ᠵᠡᠷᠬᠡ ᠲᠤᠰᠢᠶᠡᠯ ᠡᠬᠦᠷᠬᠡᠯᠡᠵᠦ | ᠶᠠᠪᠤᠭ᠎ᠠ ᠦᠨᠳᠦᠰᠦᠨ ᠱᠠᠳᠤᠨ ᠳᠤ ᠵᠠᠯᠠᠭᠤ ᠨᠠᠰᠤᠨ ᠤ ᠬᠡᠷᠡᠯ ᠬᠢᠯᠪᠠᠭ᠎ᠠ ᠪᠠᠨ ᠵᠤᠷᠢᠭᠤᠯᠵᠦ᠂ ᠡᠬᠡᠯ ᠵᠢᠷ ᠤᠨ ᠠᠵᠢᠯ ᠤᠨ ᠪᠠᠶᠢᠷᠢᠨ ᠳᠠᠭᠠᠨ ᠵᠢᠷ ᠤᠨ ᠪᠤᠰᠦ ᠵᠢᠤᠨᠬᠦᠯ | ᠲᠠᠢ ᠬᠢᠯᠠᠷᠠᠭᠤᠯᠤᠨ᠂ ᠮᠠᠩᠬᠠᠨ ᠨᠤᠳᠤᠭ ᠢᠶᠠᠨ ᠨᠤᠭᠤᠭᠠᠷᠠᠭᠤᠯᠬᠤ ᠳᠤ ᠬᠦᠴᠦᠨ ᠴᠢᠳᠠᠯ ᠢᠶᠠᠨ ᠰᠢᠪᠬᠠᠵᠦ ᠶᠠᠪᠤᠭᠰᠠᠨ ᠰᠤᠨᠳᠤᠷᠳᠤ ᠪᠠᠭᠠᠳᠤᠷ ᠪᠢᠯᠡ᠃ | | | | | | ᠲᠡᠬᠦᠨ ᠤ ᠠᠵᠢᠯᠯᠠᠵᠦ ᠪᠠᠶᠢᠭ᠎ᠠ ᠭᠠᠭᠴᠠᠮᠤᠳᠤ ᠪᠠᠯᠭᠠᠰᠦ ᠨᠢ ᠴᠦᠯᠯᠡᠷᠭᠡᠭ ᠲᠠᠯ᠎ᠠ ᠨᠤᠳᠤᠭ ᠢᠶᠠᠷ ᠭᠤᠤᠯᠯᠠᠵᠦ᠂ ᠵᠢᠯ ᠲᠠᠷᠠᠭᠠᠯᠠᠨ ᠭᠠᠩᠳᠠᠵᠦ ᠪᠠᠶᠢᠭ᠎ᠠ ᠪᠠ | ᠬᠡᠳᠤᠷᠠᠳᠡᠯᠡ ᠮᠠᠯᠵᠢᠬᠤ ᠵᠡᠷᠬᠡ ᠰᠢᠯᠳᠠᠭᠠᠨ ᠠᠴᠠ ᠪᠤᠯᠵᠦ ᠡᠯᠡᠰᠤᠷᠬᠡᠭᠵᠢᠯ ᠤᠨ ᠠᠰᠠᠭᠤᠳᠠᠯ ᠬᠡᠴᠡᠬᠦᠳᠡᠵᠦ ᠢᠷᠡᠯ᠎ᠡ᠃ ᠡᠨᠡᠬᠦ ᠪᠠᠶᠢᠳᠠᠯ ᠲᠤᠤᠷ᠎ᠠ ᠭᠠᠭᠴᠠᠮᠤᠳᠤ ᠪᠠᠯᠭᠠᠰᠦ | ᠨᠢ 2022 ᠤᠨ ᠠᠴᠠ ᠴᠦᠯᠯᠡᠷᠬᠡᠭ ᠲᠠᠯ᠎ᠠ ᠨᠤᠳᠤᠭ ᠤᠨ ᠠᠮᠢ ᠠᠬᠤᠢ ᠶᠢ ᠰᠡᠷᠬᠦᠬᠡᠨ ᠵᠠᠰᠠᠬᠤ ᠲᠦᠷᠦᠯ ᠵᠤᠶᠢᠯ ᠢ ᠡᠬᠢᠯᠡᠨ ᠬᠡᠷᠡᠭᠵᠢᠬᠦᠯᠵᠦ᠂ ᠨᠠᠬᠢᠶ᠎ᠠ ᠴᠦ | ᠭᠠᠴᠠᠭᠠᠨ ᠤ ᠪᠠᠨ ᠦᠩᠬᠡ ᠲᠦᠷᠰᠦ ᠶᠢ ᠬᠤᠪᠢᠷᠠᠭᠤᠯᠬᠤ ᠪᠠᠷ ᠵᠤᠷᠢᠭ ᠰᠢᠭᠤᠳᠤᠨ ᠴᠢᠷᠮᠠᠶᠢᠵᠦ ᠡᠬᠢᠯᠡᠭᠰᠡᠨ ᠶᠤᠮ᠃ ᠭᠠᠭᠴᠠᠮᠤᠳᠤ ᠪᠠᠯᠭᠠᠰᠦ ᠨᠢ ᠡᠨᠡᠬᠦ ᠲᠦᠷᠦᠯ | ᠵᠤᠶᠢᠯ ᠳᠤ 380 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠰᠤᠩᠭᠤᠬᠤ ᠳᠤ ᠤᠷᠭᠤᠮᠠᠯ ᠤᠨ ᠪᠦᠷᠬᠦᠴᠡ ᠤᠷᠭᠤᠮᠠᠯ | ᠤᠨ ᠲᠦᠷᠦᠯ ᠵᠤᠶᠢᠯ ᠭᠠᠵᠠᠷ ᠤᠨ ᠪᠠᠶᠢᠴᠠ ᠵᠡᠷᠬᠡ ᠲᠠᠯ᠎ᠠ ᠪᠠᠷ ᠴᠢᠩᠭ᠎ᠠ ᠱᠠᠭᠠᠷᠳᠠᠯᠭ᠎ᠠ ᠲᠠᠢ ᠪᠠᠶᠢᠳᠠᠭ ᠠᠴᠠ ᠨᠠᠬᠢᠶ᠎ᠠ ᠮᠠᠯᠴᠢᠨ ᠲᠦᠮᠡᠨ ᠳᠡᠭᠡᠨ ᠤᠬᠠᠭᠤᠯᠭ᠎ᠠ ᠶᠢᠨ | ᠠᠵᠢᠯ ᠢ ᠰᠠᠶᠢᠳᠤᠷ ᠬᠢᠵᠦ᠂ ᠠᠮᠢ ᠠᠬᠤᠢ ᠶᠢ ᠰᠡᠷᠬᠦᠬᠡᠬᠦ ᠲᠦᠷᠦᠯ ᠵᠤᠶᠢᠯ ᠤᠨ ᠴᠢᠬᠤᠯᠠ ᠴᠢᠨᠡᠷ ᠢ ᠶᠠᠷᠢᠵᠦ᠂ ᠭᠠᠴᠠᠭᠠᠨ ᠤ ᠬᠡᠰᠢᠬᠦᠤᠨ ᠤᠨ ᠶᠡᠭᠡ ᠬᠤᠷᠠᠯ ᠢᠶᠠᠷ | ᠶᠠᠷᠢᠯᠴᠠᠬᠤ ᠪᠠᠷ ᠲᠠᠮᠵᠢᠨ 2.3 ᠲᠦᠮᠡᠨ ᠮᠤ᠋ ᠬᠠᠮᠳᠤ ᠶᠢᠨ ᠨᠤᠳᠤᠭ ᠪᠡᠯᠴᠢᠬᠡᠷ ᠢᠶᠠᠨ ᠭᠠᠷᠭᠠᠨ ᠠᠮᠢ ᠠᠬᠤᠢ ᠶᠢ ᠰᠡᠷᠬᠦᠬᠡᠬᠦ ᠵᠢᠱᠢᠶ᠎ᠡ ᠦᠵᠡᠬᠦᠯᠬᠦ ᠤᠷᠤᠨ ᠢᠶᠠᠷ | ᠲᠤᠭᠳᠠᠵᠦ᠂ ᠪᠦᠬᠦᠳᠡ ᠶᠢ ᠪᠢᠳᠡᠬᠦᠮᠵᠢᠯᠡᠨ ᠬᠦᠷᠢᠶᠠᠯᠡᠵᠦ᠂ ᠬᠤᠶᠡᠷ ᠬᠤᠤᠨᠳᠤᠭ᠂ 10 ᠲᠤᠨ ᠤᠰᠤ ᠬᠠᠳᠠᠭᠠᠯᠠᠬᠤ ᠵᠤᠭᠤᠷᠢ ᠨᠢᠬᠡ ᠪᠠᠶᠢᠭᠤᠯᠤᠨ᠂ 27000 ᠰᠠᠭᠤᠷᠢ | ᠲᠡᠰᠬᠢ᠂ 15000 ᠰᠠᠭᠤᠷᠢ ᠬᠠᠷᠭᠠᠨ᠎ᠠ ᠲᠠᠷᠢᠵᠦ᠂ ᠲᠤᠰᠤᠯᠭᠠᠨ ᠤᠰᠤᠯᠠᠬᠤ ᠲᠦᠬᠦᠬᠡᠷᠤᠮᠵᠢ ᠢᠵᠢ ᠪᠦᠷᠢᠳᠦᠬᠦᠯᠦᠨ᠂ ᠬᠡᠬᠡᠷ᠎ᠡ ᠶᠢᠨ ᠠᠮᠢᠳᠠᠨ ᠢ ᠤᠰᠤᠯᠠᠬᠤ ᠭᠠᠵᠠᠷ | ᠨᠢᠬᠡ᠂ ᠲᠤᠷᠠᠨᠳᠠᠨ ᠦᠵᠡᠬᠦ ᠲᠦᠬᠦᠬᠡᠷᠤᠮᠵᠢ 10 ᠢᠵᠢ ᠤᠭᠰᠠᠷᠠᠨ᠂ 1 ᠲᠦᠮᠡᠨ ᠮᠧᠲᠷ ᠤᠨ ᠤᠷᠳᠤ 30 ᠰᠡᠨᠲ᠋ᠢᠮᠧᠲᠷ ᠦᠷᠬᠡᠨ ᠡᠯᠡᠰᠦ ᠲᠤᠭᠳᠠᠪᠤᠷᠢᠵᠢᠭᠤᠯᠬᠤ | ᠪᠦᠰᠠ ᠪᠠᠶᠢᠭᠤᠯᠵᠠᠢ᠃ | | | | | | | | ᠮᠠᠩᠬᠠᠨ ᠨᠤᠳᠤᠭ ᠢᠶᠠᠨ ᠨᠤᠭᠤᠭᠠᠷᠠᠭᠤᠯᠬᠤ ᠳᠤ ᠬᠦᠴᠦ ᠬᠦᠯᠦᠰᠦ ᠪᠠᠨ ᠤᠷᠤᠰᠬᠠᠬᠤ ᠠᠴᠠ ᠭᠠᠳᠠᠨ᠎ᠠ ᠵᠠᠰᠠᠭ ᠤᠨ ᠤᠷᠳᠤᠨ ᠠᠴᠠ ᠲᠠᠭᠠᠭᠤᠯᠤᠨ᠂ ᠮᠠᠯᠴᠢᠤᠨ | ᠤᠷᠤᠯᠴᠠᠨ᠂ ᠠᠮᠢ ᠠᠬᠤᠢ ᠶᠢᠨ ᠬᠠᠮᠠᠭᠠᠯᠠᠯᠳᠠ ᠶᠢᠨ ᠲᠤᠬᠠᠢ ᠦᠵᠡᠯᠳᠡ ᠲᠠᠨᠢᠯᠳᠠ ᠪᠠᠨ ᠬᠤᠪᠢᠷᠠᠭᠤᠯᠬᠤ ᠴᠢᠬᠤᠯᠠᠳᠠᠢ ᠶᠤᠮ᠃ ᠡᠨᠡ ᠲᠠᠯ᠎ᠠ ᠪᠠᠷ ᠨᠠᠬᠢᠶ᠎ᠠ ᠦᠪᠡᠷ ᠤᠨ | ᠬᠡᠬᠦ ᠵᠤᠷ ᠲᠠᠢ᠃ ᠲᠤᠰᠬᠠᠢ ᠮᠡᠷᠭᠡᠵᠢᠯᠳᠡᠨ ᠵᠠᠯᠠᠵᠦ ᠤᠬᠠᠭᠤᠯᠤᠨ ᠲᠠᠶᠢᠯᠪᠤᠷᠢᠯᠠᠯᠳᠠ ᠬᠢᠯᠬᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠬᠡᠮᠡᠯᠵᠢᠬᠦᠯᠬᠦ ᠪᠢᠴᠢᠭ ᠮᠠᠲ᠋ᠧᠷᠢᠶᠠᠯ | ᠲᠠᠷᠬᠠᠭᠠᠬᠤ ᠶᠢᠨ ᠤᠷᠤᠨ ᠳᠤ ᠪᠤᠳᠠᠳᠠᠢ ᠦᠯᠢᠭᠡᠷ ᠵᠢᠱᠢᠶ᠎ᠡ ᠪᠠᠷ ᠢᠳᠡᠬᠡᠬᠦᠯᠬᠦ ᠲᠡᠭᠡᠷ᠎ᠡ ᠬᠦᠴᠦᠨ ᠢᠶᠠᠨ ᠲᠠᠯᠪᠢᠯ᠎ᠠ᠃ ᠲᠡᠷᠡ ︽ᠨᠡᠶᠢᠳᠡᠯᠢᠭ ᠵᠢᠱᠢᠶ᠎ᠡ ᠦᠵᠡᠬᠦᠯᠬᠦ | ᠡᠷᠤᠭᠡ︾ ᠶᠢ ᠱᠤᠭᠤᠵᠦ᠂ ᠪᠤᠳᠠᠳᠦ ᠦᠷ᠎ᠠ ᠪᠦᠳᠦᠮᠵᠢ ᠶᠢ ᠬᠠᠷᠠᠵᠦ᠂ ᠦᠩᠬᠡᠷᠡᠭᠰᠡᠨ ᠤᠳᠤᠬᠢ ᠶᠢ ᠬᠠᠷᠢᠴᠠᠭᠤᠯᠬᠤ ᠪᠠᠷ ᠲᠠᠮᠵᠢᠨ ᠲᠦᠷᠦᠯ ᠵᠤᠶᠢᠯ ᠢ ᠬᠡᠷᠡᠭᠵᠢᠬᠦᠯᠬᠦ | ᠶᠢᠨ ᠰᠠᠶᠢᠨᠳᠠᠢ ᠲᠠᠯ᠎ᠠ ᠶᠢ ᠮᠠᠯᠴᠢᠨ ᠲᠦᠮᠡᠨ ᠳᠡᠭᠡᠨ ᠦᠵᠡᠬᠦᠯᠬᠦ ᠶᠢ ᠵᠤᠷᠢᠵᠠᠢ᠃ | | | | | | | | ᠡᠨᠡᠬᠦ ᠲᠦᠷᠦᠯ ᠵᠤᠶᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠬᠡ ᠲᠡᠷᠡ ᠲᠤᠰᠬᠠᠢ ᠮᠡᠷᠬᠡᠵᠢᠯᠳᠡᠤᠨ ᠢ ᠤᠯᠠᠨᠳᠠ ᠵᠠᠯᠠᠨ ᠠᠪᠴᠢᠷᠠᠵᠦ᠂ | ᠡᠬᠢᠨᠴᠠᠭᠠᠨ ᠭᠠᠴᠠᠭᠠᠨ ᠤ ᠪᠠᠨ ᠠᠮᠢ ᠠᠬᠤᠢ ᠶᠢ ᠰᠡᠷᠬᠦᠬᠡᠬᠦ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠯᠬᠡᠨ᠂ ᠬᠠᠮᠳᠤᠪᠠᠷ | ᠬᠦᠴᠢᠷ ᠪᠡᠷᠬᠡ ᠶᠢ ᠲᠤᠭᠤᠯᠤᠨ᠂ ᠲᠤᠰᠬᠠᠢ ᠮᠡᠷᠭᠡᠵᠢᠯᠳᠡᠤᠨ ᠴᠦ ᠲᠦᠷᠦᠯ ᠵᠤᠶᠢᠯ ᠤᠨ ᠪᠦᠬᠦ ᠶᠠᠪᠤᠴᠠ ᠳᠤ ᠮᠦᠷᠳᠡᠨ ᠵᠢᠯᠤᠭᠤᠳᠤᠯᠭ᠎ᠠ ᠬᠢᠵᠦ᠂ ᠬᠤᠰᠢᠭᠤᠨ ᠤ ᠠᠮᠢ | ᠠᠬᠤᠢ ᠶᠢ ᠬᠠᠮᠠᠭᠠᠯᠠᠨ ᠰᠡᠷᠬᠦᠬᠡᠬᠦ ᠪᠠ ᠲᠠᠯ᠎ᠠ ᠨᠤᠳᠤᠭ ᠤᠨ ᠮᠠᠯ ᠠᠵᠤ ᠠᠬᠤᠢ ᠶᠢᠨ ᠬᠦᠭᠵᠢᠯᠳᠡ ᠶᠢ ᠪᠠᠳᠤᠯᠠᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠵᠠᠢ᠃ | ᠤᠳᠤᠬᠠᠨ ᠪᠤᠯᠳᠠᠯ᠎ᠠ ᠲᠡᠳᠡ ᠤᠷᠢᠤᠨ ᠬᠤᠵᠢᠤᠨ ᠪᠡᠬᠡᠵᠢᠩ᠂ ᠦᠪᠦᠷ ᠮᠤᠩᠭᠤᠯ ᠠᠴᠠ ᠬᠠᠮᠢᠶ᠎ᠠ ᠪᠦᠬᠦᠢ ᠮᠡᠷᠭᠡᠵᠢᠯᠳᠡᠤᠨ ᠤᠨ ᠡᠩᠨᠡᠭᠡ ᠶᠢ 30 ᠭᠠᠷᠤᠢ ᠤᠳᠠᠭ᠎ᠠ | ᠬᠦᠯᠢᠶᠠᠨ ᠠᠪᠴᠦ᠂ ᠲᠤᠬᠠᠢ ᠶᠢᠨ ᠭᠠᠵᠠᠷ ᠲᠤ 50 ᠤᠳᠠᠭ᠎ᠠ ᠪᠠᠶᠢᠴᠠᠭᠠᠨ ᠰᠤᠳᠤᠯᠤᠯᠳᠠ ᠬᠢᠵᠦ᠂ 2023 ᠤᠨ ᠤ 9 ᠰᠠᠷ᠎ᠠ ᠳᠤ ᠲᠤᠮᠳᠠᠳᠤ ᠤᠯᠤᠰ ᠤᠨ ᠤᠢ | ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠴᠦᠯᠡᠷᠬᠡᠭᠵᠢᠯ ᠢ ᠰᠤᠳᠤᠯᠬᠤ ᠭᠠᠵᠠᠷ ᠠᠴᠠ ᠭᠠᠭᠴᠠᠮᠤᠳᠤ ᠪᠠᠯᠭᠠᠰᠤᠨ ᠳᠤ ᠲᠠᠯ᠎ᠠ ᠨᠤᠳᠤᠭ ᠤᠨ ᠠᠮᠢ | ᠠᠬᠤᠢ ᠶᠢ ᠰᠡᠷᠬᠦᠬᠡᠨ ᠵᠠᠰᠠᠬᠤ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠠᠭᠤᠷᠢᠨ ᠢ ᠪᠠᠶᠢᠭᠤᠯᠤᠨ᠂ ᠡᠨᠡ ᠵᠢᠯ ᠤᠨ 1 ᠰᠠᠷ᠎ᠠ ᠳᠤ ᠤᠷᠠᠤᠨ ᠤᠨ ᠲᠤᠮᠳᠠᠳᠤ | ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠰᠤᠳᠤᠯᠭᠠᠨ ᠤ ᠨᠡᠶᠢᠬᠡᠮᠯᠢᠭ ᠴᠦ ᠵᠠᠯᠭᠠᠪᠠᠷ ᠪᠠᠶᠢᠭᠤᠯᠤᠭᠳᠠᠪᠠ᠃ ︽ᠡᠨᠡ ᠨᠢ ᠤᠷᠠᠤᠨ ᠤᠨ ᠲᠤᠮᠳᠠᠳᠤ | ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢ ᠰᠡᠷᠬᠦᠬᠡᠨ᠂ ᠡᠬᠡ ᠤᠯᠤᠰ ᠤᠨ ᠦᠵᠡᠰᠬᠦᠯᠡᠩᠳᠤ ᠰᠠᠶᠢᠬᠠᠨ ᠤᠮᠠᠷᠠᠳᠤ ᠬᠢᠯᠢ ᠶᠢ ᠴᠤᠭᠴᠠᠯᠠᠨ ᠪᠠᠶᠢᠭᠤᠯᠬᠤ ᠳᠤ | ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠠᠪᠤᠳᠠᠯ ᠪᠤᠯᠬᠤ ᠶᠤᠮ︾ ᠬᠡᠵᠦ ᠨᠡᠬᠢᠶ᠎ᠠ ᠶᠠᠷᠢᠯ᠎ᠠ᠃ | | | | | | | | ᠬᠦᠳᠡᠭᠡ ᠨᠤᠳᠤᠭ ᠲᠠᠭᠠᠨ ᠬᠦᠳᠦᠰᠦᠨ ᠲᠡᠪᠡᠯ ᠡᠮᠤᠰᠴᠦ ᠦᠰᠦᠭᠰᠡᠨ ᠶᠤᠮ ᠪᠤᠯᠬᠤᠷ ᠨᠠᠬᠢᠶ᠎ᠠ ᠮᠠᠯᠴᠢᠨ ᠲᠦᠮᠡᠨ ᠲᠠᠢ ᠪᠠᠨ ᠬᠡᠵᠢᠶᠠᠳᠠ ᠤᠶᠢᠷ᠎ᠠ ᠲᠤᠳᠤᠨᠤ | ᠶᠠᠪᠤᠯᠴᠠᠨ᠂ ᠠᠯᠢᠪᠠ ᠪᠦᠬᠦᠨ ᠮᠠᠯᠴᠢᠤᠨ ᠤᠨ ᠢᠶᠠᠨ ᠲᠦᠯᠦᠬᠡ ᠪᠤᠳᠤᠯᠬᠢᠯᠠᠵᠦ ᠶᠠᠪᠤᠳᠠᠭ ᠠᠴᠠ ᠡᠯ᠎ᠡ ᠱᠠᠳᠤᠨ ᠤ ᠱᠠᠩᠨᠠᠯ ᠬᠦᠬᠢᠬᠦᠯᠦᠯ ᠢ ᠤᠯᠠᠨᠳᠠ ᠲᠤᠰᠴᠦ | ᠶᠠᠪᠤᠭᠰᠠᠨ ᠡ᠂ ᠠᠷᠪᠠᠭᠠᠤᠨ ᠵᠢᠯ ᠤᠨ ᠲᠤᠷᠰᠢ ᠰᠢᠯᠢᠳᠡᠭ ᠨᠠᠮ ᠤᠨ ᠠᠵᠢᠯᠳᠠᠨ ᠤ ᠢᠷᠠᠭᠤ ᠠᠯᠳᠠᠷ ᠢ ᠵᠠᠯᠭᠠᠪᠠᠷ ᠤᠯᠠᠨ ᠵᠢᠯ ᠲᠤᠰᠴᠦ᠂ ᠡᠨᠡ ᠵᠢᠯ ᠪᠠᠶᠠᠨᠨᠠᠭᠤᠷ ᠬᠤᠳᠠ | ᠶᠢᠨ ᠬᠠᠮᠤᠭ ᠭᠤᠶᠤ ᠡᠮᠡᠭᠳᠡᠢ ᠬᠡᠬᠦ ᠢᠷᠠᠭᠤ ᠠᠯᠳᠠᠷ ᠢ ᠬᠦᠷᠳᠡᠵᠦ᠂ ᠤᠶᠢᠯᠡᠰ ᠤᠨ ᠲᠦᠷᠦᠭᠡ ᠪᠠᠨ ᠨᠡᠩ ᠴᠢᠩᠭᠠᠯᠠᠯ᠎ᠠ᠃ | ᠡᠯᠡᠰᠦᠷᠭᠡᠭᠵᠢᠯ ᠢ ᠵᠠᠰᠠᠵᠦ ᠡᠬᠡ ᠨᠤᠳᠤᠭ ᠢᠶᠠᠨ ᠨᠤᠭᠤᠭᠠᠷᠠᠭᠤᠯᠬᠤ ᠪᠤᠯ ᠠᠯᠤᠰ ᠬᠡᠳᠦ ᠶᠢᠨ ᠠᠴᠢ ᠬᠤᠯᠪᠤᠭᠳᠠᠯ ᠲᠠᠢ ᠦᠷ᠎ᠠ ᠬᠤᠶᠢᠴᠢᠰ ᠲᠠᠭᠠᠨ ᠪᠤᠶᠠᠨ | ᠤᠶᠢᠯᠡᠤᠨᠴᠦ ᠪᠠᠶᠢᠭ᠎ᠠ ᠪᠤᠶᠠᠨ ᠤ ᠤᠶᠢᠯᠡᠰ ᠶᠤᠮ᠃ ᠨᠠᠬᠢᠶ᠎ᠠ ᠡᠨᠡᠬᠦ ᠪᠤᠶᠠᠨᠳᠤ ᠤᠶᠢᠯᠡᠰ ᠢ ᠡᠬᠦᠷᠭᠡᠯᠡᠨ ᠠᠪᠴᠦ᠂ ᠵᠠᠯᠠᠭᠤ ᠨᠠᠰᠤᠨ ᠤ ᠬᠡᠷᠡᠯ ᠬᠢᠯᠪᠠᠭ᠎ᠠ ᠬᠦᠴᠦ ᠬᠦᠯᠦᠰᠦ | ᠪᠠᠨ ᠮᠠᠩᠬᠠᠨ ᠨᠤᠳᠤᠭ ᠢᠶᠠᠨ ᠨᠤᠭᠤᠭᠠᠷᠠᠭᠤᠯᠬᠤ ᠳᠤ ᠡᠷᠬᠦᠨ ᠮᠠᠯᠴᠢᠨ ᠲᠦᠮᠡᠨ ᠲᠠᠢ ᠪᠠᠨ ᠮᠦᠷᠦ ᠵᠡᠷᠬᠡᠴᠡᠨ ᠤᠷᠤᠭᠰᠢᠯᠠᠨᠠᠮ᠃ | | | | | | | | | |