︽2024 ᠣᠨ ᠤ ᠤᠷᠠᠳ ᠤᠨ ᠳᠤᠮᠳᠠᠳᠤ ᠬᠤᠰᠢᠭᠤ ᠶᠢᠨ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠶᠢᠨ ᠲᠤᠬᠠᠢ ᠶᠢᠨ ᠭᠠᠵᠠᠷ ᠲᠤᠨᠢ ᠬᠠᠰᠢᠶᠠᠯᠠᠨ ᠪᠣᠷᠳᠣᠵᠤ ᠲᠡᠵᠢᠭᠡᠬᠦ ᠡᠪᠡᠰᠦ ᠪᠣᠷᠳᠤᠭ᠎ᠠ ᠶᠢᠨ ᠰᠢᠯᠵᠢᠭᠦᠯᠦᠨ ᠵᠥᠭᠡᠭᠡᠪᠦᠷᠢᠯᠡᠬᠦ ᠨᠥᠬᠦᠪᠦᠷᠢ︾ ᠶᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠤᠷᠠᠳ ᠤᠨ ᠲᠤᠮᠳᠠᠳᠤ ᠵᠠᠰᠠᠭ ᠲᠠᠷᠬᠠᠭᠠᠭᠰᠠᠨ ﹇2024﹈ 10 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤ ︵ᠲᠥᠪ᠂ ᠺᠣᠮᠫᠠᠨᠢ︶᠂ ᠬᠤᠰᠢᠭᠤᠨ ᠤ ᠰᠢᠭᠤᠳ ᠬᠠᠷᠢᠶ᠎ᠠ ︵ᠬᠤᠰᠢᠭᠤᠨ ᠳᠤ ᠰᠠᠭᠤᠭ᠎ᠠ︶ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠲᠤ᠄ | ︽ 2024 ᠣᠨ ᠤ ᠤᠷᠠᠳ ᠤᠨ ᠳᠤᠮᠳᠠᠳᠤ ᠬᠤᠰᠢᠭᠤ ᠶᠢᠨ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠶᠢᠨ ᠲᠤᠬᠠᠢ ᠶᠢᠨ ᠭᠠᠵᠠᠷ ᠲᠤᠨᠢ ᠬᠠᠰᠢᠶᠠᠯᠠᠨ ᠪᠣᠷᠳᠣᠵᠤ ᠲᠡᠵᠢᠭᠡᠬᠦ ᠡᠪᠡᠰᠦ ᠪᠣᠷᠳᠤᠭ᠎ᠠ ᠶᠢᠨ ᠰᠢᠯᠵᠢᠭᠦᠯᠦᠨ ᠵᠥᠭᠡᠭᠡᠪᠦᠷᠢᠯᠡᠬᠦ ᠨᠥᠬᠦᠪᠦᠷᠢ︾ ᠶᠢ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 27 ᠤ ᠡᠳᠦᠷ | | | 2024 ᠣᠨ ᠤ ᠤᠷᠠᠳ ᠤᠨ ᠳᠤᠮᠳᠠᠳᠤ ᠬᠤᠰᠢᠭᠤ ᠶᠢᠨ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠶᠢᠨ ᠲᠤᠬᠠᠢ ᠶᠢᠨ ᠭᠠᠵᠠᠷ ᠲᠤᠨᠢ ᠬᠠᠰᠢᠶᠠᠯᠠᠨ ᠪᠣᠷᠳᠣᠵᠤ ᠲᠡᠵᠢᠭᠡᠬᠦ ᠡᠪᠡᠰᠦ ᠪᠣᠷᠳᠤᠭ᠎ᠠ ᠶᠢᠨ ᠰᠢᠯᠵᠢᠭᠦᠯᠦᠨ ᠵᠥᠭᠡᠭᠡᠪᠦᠷᠢᠯᠡᠬᠦ ᠨᠥᠬᠦᠪᠦᠷᠢ ᠶᠢᠨ ᠲᠤᠬᠠᠢ | ᠮᠡᠳᠡᠭᠳᠡᠯ | ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ | ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 84 ᠳ᠋ᠦ᠋ᠭᠡᠷ ᠲᠣᠭᠠᠲᠤ︶᠂ ︽ᠤᠷᠠᠳ ᠤᠨ ᠳᠤᠮᠳᠠᠳᠤ ᠬᠤᠰᠢᠭᠤᠨ ᠤ ᠨᠤᠲᠤᠭ | ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ︾ ᠤᠨ ᠮᠡᠳᠡᠭᠳᠡᠯ ︵ᠤᠷᠠᠳ ᠤᠨ | ᠳᠤᠮᠳᠠᠳᠤ ᠨᠠᠮ ᠲᠠᠷᠬᠠᠭᠠᠭᠰᠠᠨ ﹇2024﹈ 5 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠨᠤᠲᠤᠭ | ᠪᠡᠯᠴᠢᠭᠡᠷ ᠤᠨ ᠲᠠᠭᠠᠭᠠᠴᠠ ᠠᠴᠠ ᠭᠡᠳᠦᠷᠡᠬᠦᠯᠦᠨ ᠮᠠᠯᠵᠢᠬᠤ ᠲᠣᠪᠣᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠨᠤᠲᠤᠭ ᠪᠡᠯᠴᠢᠭᠡᠷ ᠢ ᠭᠦᠢᠴᠡᠳ | ᠠᠮᠤᠷᠵᠢᠭᠤᠯᠤᠨ ᠰᠡᠷᠬᠦᠬᠡᠵᠤ ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠮᠠᠯ ᠪᠡᠯᠴᠢᠭᠡᠷ ᠢ | ᠲᠡᠩᠴᠡᠬᠦᠷᠢᠳᠠᠢ ᠪᠠᠶᠢᠯᠭᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠤᠯᠠᠮ | ᠨᠢᠭᠡ ᠠᠯᠬᠤᠮ ᠠᠬᠢᠭᠤᠯᠵᠤ᠂ ᠮᠠᠯᠴᠢᠳ ᠤᠨ ᠬᠠᠰᠢᠶᠠᠯᠠᠨ ᠲᠡᠵᠢᠭᠡᠬᠦ ᠶᠢ ᠵᠣᠷᠢᠭᠵᠢᠭᠤᠯᠤᠨ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠥᠷᠪᠡᠨ ᠤᠯᠠᠷᠢᠯ ᠳᠠᠬᠢ | ᠮᠠᠯ ᠪᠡᠯᠴᠢᠭᠡᠷ ᠤᠨ ᠲᠡᠩᠴᠡᠬᠦᠷᠢᠳᠠᠢ ᠪᠠᠶᠢᠯᠭᠠᠬᠤ ᠶᠢ ᠦᠨᠡᠨᠬᠦ ᠪᠠᠳᠤᠯᠠᠬᠤ ᠶᠢᠨ ᠲᠦᠯᠦᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠳᠣᠣᠷᠠᠬᠢ ᠮᠡᠲᠦ ᠨᠥᠬᠦᠪᠦᠷᠢ ᠥᠭᠬᠦ ᠲᠥᠰᠥᠯ ᠢ ᠲᠤᠭᠳᠠᠭᠠᠪᠠ ᠄ | ᠨᠢᠭᠡ ᠂ ᠨᠥᠬᠦᠪᠦᠷᠢ ᠥᠭᠬᠦ ᠵᠣᠷᠢᠯᠭ᠎ᠠ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠨ ᠲᠣᠭᠲᠠᠭᠠᠭᠰᠠᠨ ᠢᠶᠠᠷ᠂ ︽ᠲᠤᠬᠠᠢ ᠶᠢᠨ ᠭᠠᠵᠠᠷ ᠲᠤᠨᠢ ᠬᠠᠰᠢᠶᠠᠯᠠᠨ | ᠲᠡᠵᠢᠭᠡᠬᠦ᠂ ᠨᠠᠶᠢᠳᠠᠨ ᠲᠡᠵᠢᠭᠡᠯᠭᠡᠵᠦ ᠬᠠᠰᠢᠶᠠᠯᠠᠨ ᠲᠡᠵᠢᠭᠡᠬᠦ᠂ ᠣᠨᠳᠣᠣ ᠭᠠᠵᠠᠷ ᠲᠤ ᠬᠠᠰᠢᠶᠠᠯᠠᠨ ᠲᠡᠵᠢᠭᠡᠬᠦ᠂ ᠤᠲᠤᠷ ᠶᠠᠪᠤᠵᠤ ᠪᠡᠯᠴᠢᠭᠡᠷ ᠢᠶᠠᠨ ᠠᠮᠠᠷᠠᠭᠤᠯᠤᠨ | ᠰᠡᠷᠬᠦᠬᠡᠬᠦ︾ ᠪᠠᠷ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠠᠷᠭ᠎ᠠ ᠬᠡᠯᠪᠡᠷᠢ ᠪᠣᠯᠭᠠᠵᠤ᠂ ᠬᠠᠰᠢᠶᠠᠯᠠᠨ ᠲᠡᠵᠢᠭᠡᠬᠦ ᠶᠢ | ᠵᠣᠷᠢᠭᠵᠢᠭᠤᠯᠤᠨ᠂ ᠪᠠᠶᠢᠭᠠᠯᠢ ᠶᠢᠨ ᠨᠤᠲᠤᠭ ᠪᠡᠯᠴᠢᠭᠡᠷ ᠳᠠᠬᠢ ᠮᠠᠯ ᠢᠶᠠᠨ ᠪᠠᠭᠠᠰᠬᠠᠪᠠᠴᠤ ᠤᠷᠤᠯᠭ᠎ᠠ ᠪᠠᠨ ᠬᠠᠰᠤᠭᠳᠠᠭᠤᠯᠬᠤ ᠦᠭᠡᠢ ᠪᠠᠶᠢᠵᠤ᠂ ᠮᠠᠯ ᠪᠡᠯᠴᠢᠭᠡᠷ ᠢ | ᠲᠡᠩᠴᠡᠬᠦᠷᠢᠳᠠᠢ ᠪᠠᠶᠢᠯᠭᠠᠵᠤ᠂ ᠮᠠᠨ ᠤ ᠬᠤᠰᠢᠭᠤᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠨᠣᠷᠮ᠎ᠠ ᠶᠢ 10% ᠠᠴᠠ | ᠳᠣᠷᠣᠭᠰᠢ ᠪᠣᠯᠲᠠᠯ᠎ᠠ ᠪᠠᠭᠤᠷᠠᠭᠤᠯᠬᠤ ᠶᠢ ᠪᠠᠲᠤᠯᠠᠨ᠂ ᠨᠤᠲᠤᠭ ᠪᠡᠯᠴᠢᠭᠡᠷ ᠢ ᠭᠦᠢᠴᠡᠳ ᠠᠮᠤᠷᠵᠢᠭᠤᠯᠤᠨ ᠰᠡᠷᠬᠦᠭᠡᠬᠦ ᠪᠠ ᠮᠠᠯ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠲᠠᠰ ᠲᠡᠪᠰᠢᠬᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ᠂ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠬᠤᠶᠠᠷ ᠂ ᠬᠡᠷᠡᠭᠵᠢᠭᠦᠯᠬᠦ ᠬᠡᠪᠴᠢᠶ᠎ᠡ | ᠴᠤᠩᠵᠢ ᠰᠤᠮᠤ ᠂ ᠭᠠᠭᠴᠠᠮᠤᠳᠤ ᠪᠠᠯᠭᠠᠰᠤ ᠂ ᠪᠠᠶ᠋ᠬᠠᠤᠯᠠᠭᠠᠨ ᠰᠤᠮᠤ ᠂ ᠰᠢᠨᠡᠬᠦ᠋ᠷᠢᠶ᠎ᠡ ᠰᠤᠮᠤ ᠂ᠤᠩᠭᠤᠨ ᠪᠠᠯᠭᠠᠰᠤ ᠂ ᠬᠤᠯᠤᠰᠤᠲᠠᠢ ᠰᠤᠮᠤ ᠶᠢᠨ ᠭᠠᠴᠠᠭ᠎ᠠ ᠂ | ᠬᠤᠷᠰᠢᠶᠠᠵᠢᠯ᠂ ᠮᠠᠯᠵᠢᠬᠤ ᠡᠷᠦᠬᠡ ᠵᠡᠷᠭᠡ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠃ | ᠭᠤᠷᠪᠠ ᠂ ᠨᠥᠬᠦᠪᠦᠷᠢ ᠥᠭᠬᠦ ᠠᠷᠭ᠎ᠠ ᠬᠡᠮᠵᠢᠶ᠎ᠡ | ︵1︶ ᠨᠥᠬᠦᠪᠦᠷᠢ ᠣᠯᠭᠤᠬᠤ ᠡᠲᠡᠭᠡᠳ᠄ 2024 ᠣᠨ ᠳᠤ᠂ ᠮᠠᠯ ᠪᠡᠯᠴᠢᠭᠡᠷ ᠢ ᠲᠠᠩᠴᠡᠬᠦᠷᠢᠳᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠮᠠᠯᠵᠢᠬᠤ ᠡᠷᠦᠬᠡ ︵ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠡ ᠶᠢ ᠬᠢᠨᠠᠨ | ᠲᠣᠭᠲᠠᠭᠠᠬᠤ ᠳᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠷᠭᠠᠭᠰᠠᠨ ᠬᠢᠨᠠᠨ ᠬᠡᠮᠵᠢᠭᠰᠡᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ︶᠃ | ︵2︶ ᠨᠥᠬᠦᠪᠦᠷᠢ ᠥᠭᠬᠦ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠮᠠᠯᠵᠢᠬᠤ ᠡᠷᠦᠬᠡ ︵ᠨᠥᠬᠦᠪᠦᠷᠢ ᠥᠭᠬᠦ ᠨᠥᠬᠦᠴᠡᠯ ᠳᠤ ᠵᠢᠭᠰᠠᠭᠠᠭᠰᠠᠨ ᠪᠣᠶ ᠪᠦᠬᠦᠢ | ᠪᠠᠶᠢᠳᠠᠯ ᠢ ᠬᠠᠮᠲᠤ ᠳᠤᠨᠢ ᠬᠠᠩᠭᠠᠬᠤ ᠴᠢᠬᠤᠯᠠᠲᠠᠢ︶ ᠳᠤ᠂ ᠰᠢᠯᠵᠢᠬᠦᠯᠦᠨ ᠲᠡᠭᠡᠭᠡᠪᠦᠷᠢᠯᠡᠬᠦ ᠬᠤᠯᠠ ᠤᠶᠢᠷ᠎ᠠ ᠶᠢᠨ ᠪᠠᠶᠢᠳᠠᠯ ᠢ ᠦᠨᠳᠦᠰᠦᠯᠡᠨ ᠂ | ᠪᠠᠶ᠋ᠬᠠᠤᠯᠠᠭᠠᠨᠰᠤᠮᠤ᠂ ᠭᠠᠭᠴᠠᠮᠣᠳᠤ ᠪᠠᠯᠭᠠᠰᠤᠨ ᠤ ᠡᠷᠦᠬᠡ ᠪᠦᠷᠢ ᠳᠤ ᠲᠣᠨ ᠪᠦᠷᠢ ᠶᠢᠨ ᠨᠥᠬᠦᠪᠦᠷᠢ ᠶᠢ 200 ᠲᠥᠭᠦᠷᠢᠭ᠂ ᠴᠤᠩᠵᠢ ᠰᠤᠮᠤ᠂ ᠰᠢᠨᠡᠬᠦ᠋ᠷᠢᠶ᠎ᠡ | ᠰᠤᠮᠤᠨ ᠤ ᠡᠷᠦᠬᠡ ᠪᠦᠷᠢ ᠳᠤ ᠲᠣᠨ ᠪᠦᠷᠢ ᠶᠢᠨ ᠨᠥᠬᠦᠪᠦᠷᠢ ᠶᠢ 180 ᠲᠥᠭᠦᠷᠢᠭ᠂ ᠤᠩᠭᠤᠨ ᠪᠠᠯᠭᠠᠰᠤ᠂ ᠬᠤᠯᠤᠰᠤᠲᠠᠢ ᠰᠤᠮᠤᠨ ᠤ ᠡᠷᠦᠬᠡ ᠪᠦᠷᠢ ᠳᠤ ᠲᠣᠨ | ᠪᠦᠷᠢ ᠶᠢᠨ ᠨᠥᠬᠦᠪᠦᠷᠢ ᠶᠢ 160 ᠲᠥᠭᠦᠷᠢᠭ ᠢᠶᠠᠷ ᠪᠠᠷᠢᠮᠵᠢᠶᠠᠯᠠᠨ᠎ᠠ ᠃ ᠡᠷᠦᠬᠡ ᠪᠦᠷᠢ ᠳᠤ ᠬᠠᠮᠤᠭ ᠤᠨ ᠥᠨᠳᠥᠷ ᠲᠡᠭᠡᠨ 50 ᠲᠣᠨ ᠤ ᠲᠡᠭᠡᠭᠡᠪᠦᠷᠢ ᠶᠢᠨ | ᠵᠠᠷᠤᠳᠠᠯ ᠤᠨ ᠨᠥᠬᠦᠪᠦᠷᠢ ᠥᠭᠭᠦᠨ᠎ᠡ᠃ | ︵3︶ ᠭᠦᠢᠴᠡᠳᠬᠡᠬᠦ ᠲᠠᠰ ᠳᠠᠷᠠᠭᠠᠯᠠᠯ᠄ ᠮᠠᠯᠴᠢᠳ ᠠᠴᠠ ᠲᠣᠰ ᠭᠠᠴᠠᠭᠠᠨ ᠤ ᠵᠥᠪᠯᠡᠯ ᠳᠤ ᠭᠤᠶᠤᠴᠢᠯᠠᠵᠤ᠂ ᠵᠣᠭᠤᠰ ᠲᠤᠰᠢᠶᠠᠭᠰᠠᠨ ᠭᠡᠷᠡᠴᠢ ᠪᠠᠷᠢᠮᠲᠠ ᠪᠠ | ᠡᠪᠡᠰᠦ ᠪᠣᠷᠳᠤᠭ᠎ᠠ ᠬᠤᠳᠠᠯᠳᠤᠨ ᠠᠪᠤᠭᠰᠠᠨ ᠬᠡᠯᠡᠯᠴᠡᠭᠡᠷ ᠤᠨ ᠪᠢᠴᠢᠭ ᠢᠶᠠᠨ ᠭᠠᠷᠭᠠᠵᠤ᠂ ᠰᠤᠮᠤ ᠪᠠᠯᠭᠠᠰᠤ ᠠᠴᠠ ᠭᠠᠴᠠᠭᠠᠨ ᠤ ᠵᠥᠪᠯᠡᠯ ᠢ ᠵᠣᠬᠢᠶᠠᠨ ᠪᠠᠶᠢᠭᠤᠯᠤᠨ | ᠬᠢᠨᠠᠨ ᠪᠠᠶᠢᠴᠠᠭᠠᠵᠤ᠂ ᠰᠢᠯᠭᠠᠨ ᠠᠪᠬᠤ ᠶᠢᠨ ᠬᠠᠮᠲᠤ ᠢᠯᠡ ᠨᠡᠶᠢᠲᠡᠯᠡᠭᠰᠡᠨ ᠤ ᠳᠠᠷᠠᠭ᠎ᠠ᠂ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠭᠰᠡᠨ ᠲᠤᠭ᠎ᠠ | ᠬᠡᠮᠵᠢᠶ᠎ᠡ ᠪᠠᠷ ᠨᠢ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠭᠰᠡᠨ ᠨᠥᠬᠦᠪᠦᠷᠢ ᠣᠯᠭᠤᠨ᠎ᠠ᠃ | ᠰᠤᠮᠤ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠲᠤᠬᠠᠢ ᠶᠢᠨ ᠭᠠᠵᠠᠷ ᠲᠤᠨᠢ ᠬᠠᠰᠢᠶᠠᠯᠠᠨ ᠲᠡᠵᠢᠭᠡᠵᠦ ᠪᠠᠶᠢᠭ᠎ᠠ ᠡᠷᠦᠬᠡ ᠪᠣᠯᠣᠨ ᠬᠠᠰᠢᠶᠠᠯᠠᠨ ᠲᠡᠵᠢᠭᠡᠵᠦ ᠪᠠᠶᠢᠭ᠎ᠠ | ᠲᠤᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠭᠠᠴᠠᠭ᠎ᠠ ᠪᠠᠷ ᠲᠡᠮᠳᠡᠭᠯᠡᠭᠦᠯᠦᠨ ᠳᠡᠪᠲᠡᠷᠯᠡᠭᠦᠯᠦᠨᠡ︔ ᠲᠣᠰ ᠱᠠᠲᠤᠨ ᠤ ᠡᠳ᠋ ᠤᠨ | ᠵᠠᠰᠠᠭ ᠤᠨ ᠪᠡᠯᠡ ᠮᠥᠩᠭᠦ ᠶᠢ ᠰᠤᠮᠤ ᠪᠠᠯᠭᠠᠰᠤ ᠶᠢᠨ ᠭᠤᠶᠤᠴᠢᠯᠠᠯ ᠢᠶᠠᠷ ᠰᠤᠮᠤ ᠪᠠᠯᠭᠠᠰᠤᠨ ᠳᠤ ᠰᠢᠭᠤᠳ ᠰᠠᠯᠭᠠᠨ ᠥᠭᠴᠦ᠂ ᠰᠤᠮᠤ ᠪᠠᠯᠭᠠᠰᠤ ᠠᠴᠠ ᠮᠠᠯᠵᠢᠬᠤ | ᠡᠷᠦᠬᠡ ᠳᠤ ᠬᠤᠪᠢᠶᠠᠷᠢᠯᠠᠨ ᠥᠭᠭᠦᠨ᠎ᠡ᠃ | ᠳᠥᠷᠪᠡ᠂ ᠪᠡᠯᠡ ᠮᠥᠩᠭᠦ ᠶᠢᠨ ᠢᠷᠡᠯᠲᠡ | ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ᠃ | ᠲᠠᠪᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠬᠠᠮᠢᠶ᠎ᠠ ᠪᠦᠬᠦᠢ ᠰᠤᠮᠤ ᠪᠠᠯᠭᠠᠰᠤ ᠲᠣᠰ ᠲᠥᠰᠥᠯ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠨᠠᠷᠢᠨ ᠳᠦᠷᠢᠮ | ᠲᠣᠭᠲᠠᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠬᠥᠮᠥᠰ ᠢᠶᠠᠷ | ᠪᠦᠷᠢᠯᠳᠦᠭᠦᠨ ᠪᠣᠯᠭᠠᠭᠰᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠡᠭᠦᠷᠭᠡ ᠶᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠠᠮᠢᠶᠠᠷᠬᠤ ᠬᠥᠮᠥᠨ ᠲᠠᠢ᠂ ᠶᠠᠪᠤᠳᠠᠯ ᠪᠣᠯᠭᠠᠨ ᠢ ᠭᠦᠢᠴᠡᠳᠬᠡᠬᠦ ᠬᠥᠮᠥᠨ ᠲᠠᠢ ᠪᠣᠯᠭᠠᠵᠤ᠂ ᠠᠵᠢᠯ ᠳᠤ ᠲᠥᠯᠥᠪᠯᠡᠭᠡ ᠲᠠᠢ᠂ | ᠶᠠᠪᠤᠴᠠ ᠳᠤ ᠬᠢᠨᠠᠯᠲᠠ ᠬᠠᠮᠢᠶᠠᠷᠤᠯᠲᠠ ᠲᠠᠢ᠂ ᠬᠡᠷᠡᠭ ᠤᠨ ᠳᠠᠷᠠᠭ᠎ᠠ ᠪᠠᠶᠢᠴᠠᠭᠠᠵᠤ ᠰᠢᠯᠭᠠᠨ ᠠᠪᠬᠤ ᠶᠢ ᠪᠡᠶᠡᠯᠡᠭᠦᠯᠬᠦ ᠬᠡᠷᠡᠭᠲᠡᠢ᠃ | ︵ᠬᠤᠶᠠᠷ︶ ᠬᠤᠯᠪᠤᠭᠠᠯᠠᠨ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠬᠤ ᠬᠡᠷᠡᠭᠲᠡᠢ | ᠡᠯ᠎ᠡ ᠬᠠᠮᠢᠶ᠎ᠠ ᠪᠦᠬᠦᠢ ᠮᠠᠯᠵᠢᠬᠤ ᠣᠷᠣᠨ ᠤ ᠰᠤᠮᠤ ᠪᠠᠯᠭᠠᠰᠤ ᠨᠢ ᠲᠠᠷᠢᠶᠠᠯᠠᠬᠤ ᠣᠷᠣᠨ ᠤ ᠪᠠᠯᠭᠠᠰᠤ ᠯᠤᠭ᠎ᠠ ᠬᠤᠯᠪᠤᠭᠠᠯᠠᠨ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠵᠤ᠂ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ ᠠᠵᠤ ᠠᠬᠤᠶᠢᠯᠠᠯ ᠲᠠᠢ ᠵᠣᠯᠭᠠᠭᠤᠯᠤᠨ᠂ ᠭᠠᠴᠠᠭ᠎ᠠ ᠲᠤᠰᠬᠤᠨ ᠤ ᠵᠥᠪᠯᠡᠯ ᠢ ᠵᠣᠬᠢᠶᠠᠨ | ᠪᠠᠶᠢᠭᠤᠯᠵᠤ ᠲᠡᠵᠢᠭᠡᠯ ᠡᠪᠡᠰᠦ ᠪᠣᠷᠳᠤᠭ᠎ᠠ ᠶᠢ ᠨᠢᠭᠡᠳᠦᠯᠲᠡᠢ ᠬᠤᠳᠠᠯᠳᠤᠨ ᠠᠪᠴᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ | ᠬᠤᠯᠪᠣᠭᠳᠠᠯ ᠪᠦᠬᠦᠢ ᠰᠤᠮᠤ ᠪᠠᠯᠭᠠᠰᠤ ᠨᠢ ᠪᠡᠯᠡ ᠮᠥᠩᠭᠦ ᠭᠤᠶᠤᠴᠢᠯᠠᠬᠤ ᠭᠤᠣᠯ ᠴᠣᠭᠴᠠ ᠶᠢ ᠬᠢᠨᠠᠨ ᠬᠠᠷᠭᠤᠭᠤᠯᠬᠤ ᠶᠢ ᠴᠢᠩᠭ᠎ᠠ ᠠᠳᠬᠤᠵᠤ᠂ ᠠᠵᠢᠯ ᠤᠨ | ᠳᠤᠮᠳᠠ ᠬᠠᠰᠢ ᠶᠠᠰᠢ ᠪᠠᠷ ᠠᠷᠭᠠᠴᠠᠭᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠡᠯᠡ ᠮᠥᠩᠭᠦ ᠶᠢ ᠮᠡᠭᠡᠯᠡᠨ ᠠᠪᠬᠤ᠂ ᠠᠵᠢᠯ ᠢ ᠠᠬᠢᠭᠤᠯᠬᠤ ᠪᠠᠷ | ᠬᠦᠷᠦᠯᠴᠡᠬᠦ ᠦᠭᠡᠢ᠂ ᠠᠵᠢᠯᠯᠠᠭ᠎ᠠ ᠨᠢ ᠴᠥᠭᠡᠨ ᠂ ᠨᠠᠶᠢᠳᠠᠪᠤᠷᠢᠵᠢᠭᠤᠯᠤᠭᠰᠠᠨ ᠢᠶᠠᠷ ᠠᠨᠠᠢ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠡᠳ᠋ ᠤᠨ | ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠬᠡᠷᠡᠭᠲᠡᠢ ︔ ᠬᠢᠨᠠᠨ ᠪᠤᠳᠤᠬᠤ ᠲᠣᠪᠴᠢᠶ᠎ᠠ ᠨᠢ ᠬᠢᠨᠠᠨ ᠪᠤᠳᠤᠵᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠪᠡᠯᠡ ᠮᠥᠩᠭᠦ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ︔ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠠᠴᠠ ᠵᠥᠷᠢᠴᠡᠪᠡᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | | | | | |