︹ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠬᠠᠨ ᠶᠠᠷᠢᠶ᠎ᠠ ︺ —— ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠤ ᠲᠤᠳᠤᠨᠤ ᠭᠠᠷ ᠭᠠᠷ ᠢᠶᠠᠨ ᠬᠤᠯᠪᠣᠯᠴᠠᠨ ᠴᠢᠨᠡᠭᠡᠯᠢᠭ ᠨᠡᠶᠢᠭᠡᠮ ᠢ ᠴᠤᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/4/7
    ᠪᠥᠬᠦ ᠬᠤᠰᠢᠭᠤᠨ ᠤ ︽ᠠᠨᠠᠷ ᠤᠨ ᠦᠷ᠎ᠡ ᠶᠢᠨ ᠭᠡᠷ ᠪᠦᠯᠢ︾ ᠶᠢᠨ ᠢᠷᠠᠭᠤ ᠠᠯᠳᠠᠷ ᠢ ᠬᠦᠷᠲᠡᠭᠰᠡᠨ ᠰᠣᠳᠣᠪᠢᠯᠢᠭ᠌ ᠤᠨ ᠬᠢᠨ ᠢ ᠲᠡᠮᠳᠡᠭᠯᠡᠪᠡ
 7272_1711507519_hd.jpeg    
    ᠰᠣᠳᠣᠪᠢᠯᠢᠭ᠌ ᠤᠨ  ᠬᠢ ᠪᠤᠯ ᠤᠩᠭᠤᠨ ᠪᠠᠯᠭᠠᠰᠤᠨ ᠤ ᠠᠯᠳᠠᠨᠬᠤᠰᠢᠭᠤ ᠭᠠᠴᠠᠭᠠᠨ ᠳᠤ ᠨᠤᠳᠤᠭᠰᠢᠵᠤ ᠪᠠᠶᠢᠭ᠎ᠠ ᠮᠠᠯᠴᠢᠨ ᠠᠶᠢᠯ ᠶᠤᠮ ᠃ 2003 ᠣᠨ ᠳᠤ ᠂ ᠰᠣᠳᠣᠪᠢᠯᠢᠭ᠌ ᠡᠬᠡᠨᠡᠷ ᠵᠠᠩ ᠡᠯ ᠭᠥᠸᠧ ᠲᠠᠢ ᠪᠠᠨ ᠬᠤᠷᠢᠮᠯᠠᠬᠤ ᠳᠤ᠂ ᠬᠤᠶᠠᠷ ᠲᠠᠰᠤᠯᠭ᠎ᠠ ᠰᠢᠷᠣᠢ ᠶᠢᠨ ᠪᠠᠶᠢᠰᠢᠩ ᠂ ᠬᠡᠳᠦᠨ ᠵᠦᠢᠯ ᠤᠨ ᠭᠡᠷ ᠵᠠᠭᠤᠷ᠎ᠠ ᠶᠢᠨ ᠳᠥᠭᠦᠮ ᠬᠡᠷᠡᠭᠰᠡᠯ ᠂ ᠬᠠᠷᠠᠵᠤ ᠬᠠᠷᠠᠭᠠᠯᠵᠠᠬᠤ ᠴᠢᠬᠤᠯᠠᠲᠠᠢ ᠨᠠᠰᠤ ᠠᠬᠢᠭᠰᠠᠨ ᠨᠠᠰᠤᠲᠠᠨ  ᠲᠠᠢ ᠪᠠᠨ ᠬᠠᠮᠳᠤ ᠠᠶᠢᠯ ᠡᠷᠦᠭᠡ ᠪᠠᠨ ᠪᠤᠰᠬᠠᠨ ᠠᠮᠢᠳᠤᠷᠠᠯ ᠶᠡᠭᠡ ᠪᠤᠷᠤᠭᠵᠢᠭᠤᠨ ᠪᠠᠶᠢᠵᠤ᠂ ᠲᠤᠬᠠᠢ ᠶᠢᠨ ᠦᠶ᠎ᠡ ᠶᠢᠨ ᠬᠦᠴᠢᠷᠳᠠᠯ ᠲᠠᠢ ᠪᠠᠶᠢᠳᠠᠯ ᠢᠶᠠᠨ ᠡᠷᠭᠢᠴᠡᠭᠦᠯᠬᠦ ᠳᠤ ᠰᠣᠳᠣᠪᠢᠯᠢᠭ᠌ ᠡᠬᠡᠨᠡᠷ ᠲᠠᠢ ᠪᠠᠨ ᠬᠤᠶᠠᠭᠤᠯᠠ ᠦᠪᠡᠷ ᠤᠨ ᠡᠷᠬᠡ ᠦᠭᠡᠢ ᠰᠡᠳᠬᠢᠯ ᠬᠦᠳᠡᠯᠵᠤ ᠪᠠᠶᠢᠯ᠎ᠠ᠃    ᠣᠳᠣᠬᠠᠨ ᠳᠤ᠂ ᠰᠣᠳᠣᠪᠢᠯᠢᠭ᠌ ᠤᠨ ᠬᠢᠨ ᠠᠭᠤᠵᠢᠮ ᠰᠠᠷᠠᠭᠤᠯ ᠲᠣᠮᠣ ᠪᠠᠶᠢᠰᠢᠩ᠂ ᠴᠡᠪᠡᠷ ᠴᠡᠮᠴᠡᠭᠡᠷ ᠬᠠᠰᠢᠶ᠎ᠠ ᠰᠠᠷᠠᠪᠴᠢ᠂ ᠤᠰᠤ ᠴᠠᠬᠢᠯᠭᠠᠨ ᠪᠦᠷᠢᠨ ᠬᠠᠩᠭᠠᠯᠳᠠ ᠲᠠᠢ ᠪᠣᠯᠵᠣ᠂ ᠭᠡᠷ ᠳᠣᠲᠣᠷᠠᠬᠢ ᠡᠳ᠋ᠯᠡᠯ ᠭᠡᠷᠡᠭᠰᠡᠯ ᠵᠠᠰᠠᠯ ᠴᠢᠮᠡᠭᠯᠡᠯ ᠠᠴᠠ ᠡᠬᠢᠯᠡᠭᠡᠳ ᠴᠡᠪᠡᠷ ᠰᠠᠶᠢᠬᠠᠨ ᠬᠦᠷᠢᠶ᠎ᠡ ᠬᠠᠰᠢᠶ᠎ᠠ ᠂ ᠲᠠᠷᠭᠤ ᠰᠠᠶᠢᠨ ᠮᠠᠯ ᠰᠦᠷᠦᠭ  ᠨᠢ ᠪᠦᠷ ᠡᠳᠡᠨᠡᠶᠢᠬᠢᠨ ᠤ ᠠᠵᠢᠯᠴᠢ ᠬᠦᠳᠡᠯᠮᠦᠷᠢᠴᠢ ᠪᠠᠶᠠᠨ ᠴᠢᠨᠡᠭᠡᠯᠢᠭ ᠢ ᠤᠯᠠᠨ ᠳᠤ ᠬᠠᠷᠠᠭᠤᠯᠤᠨ᠎ᠠ᠃    ᠠᠶᠢᠯ ᠪᠣᠯᠬᠤ ᠠᠴᠠ ᠡᠬᠢᠯᠡᠭᠡᠳ ᠣᠳᠣᠬᠢ ᠪᠣᠯᠲᠠᠯᠠᠬᠢ ᠡᠶᠢᠮᠦᠷᠬᠦ ᠬᠤᠪᠢᠷᠠᠯᠲᠠ ᠨᠢ ᠭᠠᠴᠠᠭᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠣᠯᠣᠭᠰᠠᠨ ᠶᠡᠷᠦ ᠪᠤᠰᠤ ᠶᠢᠨ ᠠᠮᠵᠢᠯᠲᠠ ᠶᠤᠮ ᠭᠡᠵᠤ ᠰᠣᠳᠣᠪᠢᠯᠢᠭ᠌ ᠡᠷᠬᠢᠴᠡᠬᠦᠯᠦᠨ ᠬᠡᠯᠡᠨ᠎ᠡ᠄ ︽ᠲᠤᠬᠠᠢ ᠶᠢᠨ ᠵᠢᠯ ᠳᠤ ᠂ ᠭᠡᠷ ᠪᠦᠯᠢ ᠶᠠᠳᠠᠭᠤ ᠬᠦᠴᠢᠷᠳᠡᠯᠳᠡᠢ ᠪᠠᠶᠢᠬᠤ ᠳᠤ ᠵᠡᠷᠭᠡᠯᠡᠳᠡᠭᠡ ᠠᠶᠢᠯ ᠤᠨ ᠬᠤᠤ ᠯᠦᠩ ᠰᠠᠨᠠᠭᠠᠴᠢᠯᠠᠭ᠎ᠠ ᠠᠴᠠ ᠪᠠᠨ ᠮᠠᠨ ᠤ ᠳᠤ ᠢᠷᠡᠵᠦ ᠬᠠᠯᠠᠭᠤᠨ ᠭᠠᠷ ᠢᠶᠠᠨ ᠰᠤᠩᠭᠠᠨ ᠬᠠᠪᠰᠤᠷᠤᠭᠰᠠᠨ ᠪᠢᠯᠡ᠃ ᠲᠠᠷᠡ ᠠᠪᠤ  ᠳᠤ ᠮᠢᠨᠢ ᠢᠷᠡᠵᠤ ︿ᠠᠬ᠎ᠠ ᠲᠠ ᠬᠦᠦ ᠰᠣᠳᠣᠪᠢᠯᠢᠭ᠌ ᠢᠶᠠᠨ ᠮᠠᠨ ᠤ ᠭᠡᠷ ᠲᠤ ᠢᠷᠡᠭᠦᠯᠵᠦ ᠡᠳᠦᠷ ᠤᠨ ᠬᠦᠴᠦᠨ ᠤ ᠠᠵᠢᠯ ᠬᠢᠯᠭᠡᠴᠢᠬᠡ﹀ ᠭᠡᠵᠡᠢ᠃ ᠲᠤᠬᠠᠢ ᠶᠢᠨ ᠦᠶ᠎ᠡ ᠳᠤ ᠡᠳᠦᠷ ᠤᠨ ᠬᠦᠴᠦᠨ ᠤ ᠠᠵᠢᠯ ᠬᠢᠬᠦ ᠳᠤ ᠵᠠᠬ᠎ᠠ ᠳᠡᠯᠭᠡᠭᠦᠷ ᠤᠨ ᠦᠨ᠎ᠡ ᠨᠢ ᠡᠳᠦᠷ ᠲᠤ ᠭᠤᠷᠪᠠᠨ ᠲᠥᠭᠦᠷᠢᠭ ᠪᠠᠶᠢᠵᠠᠢ ᠂ ᠭᠡᠪᠡᠴᠦ ᠬᠤᠤ ᠯᠦᠩ ᠨᠠᠳᠠ ᠳᠤ ᠲᠠᠪᠤᠨ ᠲᠥᠭᠦᠷᠢᠭ ᠦᠭᠴᠦ ᠪᠠᠶᠢᠭᠰᠠᠨ ᠨᠢ ᠠᠶᠢᠯ ᠵᠡᠷᠭᠡᠯᠡᠳᠡᠭᠡ ᠰᠠᠭᠤᠭᠰᠠᠨ ᠪᠢᠳᠡᠨ ᠢ ᠬᠠᠪᠰᠤᠷᠬᠤ ᠶᠢᠨ ᠲᠥᠯᠥᠭᠡ ᠶᠤᠮ ᠃︾ ᠭᠡᠵᠤ ᠰᠣᠳᠣᠪᠢᠯᠢᠭ᠌ ᠰᠡᠳᠬᠢᠯ ᠬᠦᠳᠡᠯᠦᠨ ᠶᠠᠷᠢᠨ᠎ᠠ᠃  ᠰᠣᠳᠣᠪᠢᠯᠢᠭ᠌ ᠬᠤᠤ ᠯᠦᠩ ᠤᠨ ᠭᠡᠷ ᠲᠤ 9 ᠵᠢᠯ ᠠᠵᠢᠯ ᠬᠠᠪᠰᠤᠷᠴᠤ᠂ ᠰᠢᠷᠭᠠᠭᠤ ᠬᠦᠳᠡᠯᠮᠦᠷᠢ ᠶᠢᠨ ᠬᠠᠷᠢᠭᠤ ᠳᠤ ᠠᠳᠠᠯ ᠠᠮᠢᠳᠤᠷᠠᠯ ᠨᠢ ᠴᠤ ᠰᠠᠶᠢᠵᠢᠷᠠᠭᠰᠠᠨ ᠪᠠᠶᠢᠯ᠎ᠠ᠃ ᠭᠡᠪᠡᠴᠦ ᠰᠢᠨ᠎ᠡ ᠠᠰᠠᠭᠤᠳᠠᠯ ᠵᠠᠯᠭᠠᠭ᠎ᠠ ᠪᠠᠷ ᠭᠠᠷᠴᠤ ᠢᠷᠡᠪᠡ ᠂ ᠲᠤᠬᠠᠢ ᠶᠢᠨ ᠦᠶ᠎ᠡ ᠳᠤ ᠲᠡᠳᠡᠨ ᠤ ᠬᠡᠦᠬᠡᠳ ᠨᠢ ᠨᠢᠭᠡᠨᠲᠡ ᠰᠤᠷᠭᠠᠭᠤᠯᠢ ᠶᠢᠨ ᠨᠠᠰᠤᠨ ᠳᠤ ᠬᠦᠷᠴᠦ ᠂ ᠰᠣᠳᠣᠪᠢᠯᠢᠭ᠌ ᠬᠤᠶᠠᠭᠤᠯᠠ ᠪᠠᠨ ᠪᠠᠰᠠ ᠬᠡᠦᠬᠡᠳ ᠤᠨ ᠢᠶᠠᠨ ᠪᠢᠴᠢᠭ ᠦᠵᠡᠬᠦ ᠠᠰᠠᠭᠤᠳᠠᠯ ᠤᠨ ᠲᠥᠯᠥᠭᠡ ᠰᠠᠨᠠᠭ᠎ᠠ ᠵᠣᠪᠠᠭ᠋ᠤ ᠪᠣᠯᠪᠠ᠃ ᠡᠨᠡ ᠦᠶ᠎ᠡ ᠳᠤ ᠲᠤᠬᠠᠢ ᠶᠢᠨ ᠦᠶ᠎ᠡ ᠶᠢᠨ ᠭᠠᠴᠠᠭᠠᠨ ᠤ ᠱᠦᠵᠢ ᠲᠡᠳᠡᠨᠡᠶᠢᠭᠢᠨ ᠳᠤ ᠬᠦᠷᠴᠦ ᠢᠷᠡᠭᠡᠳ᠂ ᠥᠪᠡᠷᠰᠡᠳ ᠢᠶᠠᠨ ᠬᠤᠨᠢ ᠬᠤᠳᠠᠯᠳᠤᠨ ᠠᠪᠴᠤ ᠲᠡᠵᠢᠭᠡᠨ ᠦᠷᠡᠵᠢᠭᠦᠯᠬᠦ ᠭᠡᠪᠴᠢᠶ᠎ᠠ ᠪᠠᠨ ᠥᠷᠭᠡᠳᠬᠡᠵᠦ ᠭᠡᠷ ᠤᠨ ᠵᠠᠷᠤᠳᠠᠯ ᠢᠶᠠᠨ ᠨᠥᠬᠦᠪᠦᠷᠢᠯᠡᠬᠦ ᠰᠠᠨᠠᠭᠤᠯᠭ᠎ᠠ ᠭᠠᠷᠭᠠᠵᠤ ᠥᠭᠪᠡ᠃ ᠢᠩᠬᠢᠬᠡᠳ ᠲᠡᠳᠡ ᠬᠤᠶᠠᠭᠤᠯᠠ ᠠᠳᠡ ᠲᠡᠨᠳᠡ ᠠᠴᠠ ᠵᠣᠭᠤᠰ ᠴᠤᠭᠯᠠᠭᠤᠯᠵᠤ᠂ 50 ᠢᠮᠠᠭ᠎ᠠ ᠬᠤᠳᠠᠯᠳᠤᠨ ᠠᠪᠴᠤ ᠲᠡᠵᠢᠭᠡᠵᠡᠢ᠃ ᠠᠵᠢᠯᠴᠢ ᠬᠤᠶᠠᠭᠤᠯᠠ ᠶᠢᠨ ᠨᠠᠷᠢᠨ ᠨᠢᠮᠪᠠᠢ ᠠᠷᠠᠴᠢᠯᠠᠭ᠎ᠠ ᠲᠣᠳᠣᠮᠳᠠᠯᠭ᠎ᠠ ᠪᠠᠷ᠂ ᠲᠦᠯ ᠢᠶᠠᠨ ᠲᠤᠰᠤᠭᠰᠠᠨ ᠤ ᠲᠠᠷᠠᠭ᠎ᠠ ᠲᠡᠳᠡᠨ ᠤ ᠮᠠᠯ ᠰᠦᠷᠦᠭ ᠨᠢ ᠥᠪᠡᠷ ᠤᠨ ᠥᠷᠲᠡᠭ ᠢᠶᠠᠨ ᠭᠠᠷᠭᠠᠭᠠᠳ ᠪᠠᠰᠠ ᠣᠷᠣᠯᠭ᠎ᠠ ᠲᠠᠢ ᠪᠣᠯᠤᠭᠰᠠᠨ ᠪᠠᠶᠢᠵᠤ᠂ ᠠᠳᠠᠯ ᠠᠮᠢᠳᠤᠷᠠᠯ ᠢᠶᠠᠨ ᠴᠤᠭᠴᠠᠯᠠᠬᠤ ᠢᠲᠡᠭᠡᠯ ᠵᠣᠷᠢᠭ ᠴᠤ ᠤᠯᠠᠮ ᠨᠡᠮᠡᠭᠳᠡᠨ ᠂ ᠳᠠᠷᠠᠭ᠎ᠠ ᠵᠢᠯ ᠠᠴᠠ ᠨᠢ ᠡᠬᠢᠯᠡᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠵᠢᠯ ᠠᠴᠠ ᠵᠢᠯ ᠳᠤ ᠥᠷᠭᠡᠳᠬᠡᠵᠦ᠂ ᠦᠷ᠎ᠡ ᠠᠰᠢᠭ ᠨᠢ ᠴᠤ ᠵᠢᠯ ᠠᠴᠠ ᠵᠢᠯ  ᠳᠤ  ᠨᠡᠮᠡᠭᠳᠡᠨ ᠂ ᠠᠷᠢᠭᠤᠨ ᠬᠦᠳᠡᠯᠮᠦᠷᠢ ᠪᠠᠷ ᠢᠶᠠᠨ ᠠᠮᠢᠳᠤᠷᠠᠯ ᠢᠶᠠᠨ ᠪᠠᠶᠠᠵᠢᠭᠤᠯᠵᠤ ᠮᠠᠩᠨᠠᠢ ᠲᠡᠨᠡᠶᠢᠵᠠᠢ᠃ ᠰᠣᠳᠣᠪᠢᠯᠢᠭ᠌᠄ ︽ ᠮᠠᠨ ᠤ ᠭᠠᠴᠠᠭᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠮᠠᠰᠢ ᠨᠢᠭᠲᠠᠷᠠᠨ ᠪᠦᠯᠬᠦᠮᠳᠡᠵᠦ ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ ᠂ ᠬᠠᠮᠲᠤ ᠪᠠᠷ ᠪᠠᠶᠠᠵᠢᠨ ᠴᠢᠨᠡᠭᠡᠯᠢᠭᠵᠢᠵᠦ ᠂ ︿ ᠨᠢᠭᠡ ᠭᠡᠷ ᠪᠦᠯᠢ ᠶᠢᠨ ᠬᠢᠨ ᠮᠡᠳᠤ ᠲᠤᠳᠤᠨᠤ ﹀ ᠪᠠᠶᠢᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ ᠂ ᠪᠠᠲᠤ ᠪᠠᠬᠢ ᠦᠨᠳᠦᠰᠦ ᠰᠠᠭᠤᠷᠢ ᠲᠠᠢ ᠪᠣᠯᠪᠠ ᠂ ᠨᠤᠲᠤᠭ ᠤᠰᠤᠨ ᠤ ᠠᠬ᠎ᠠ ᠳᠡᠭᠦᠦ ᠨᠠᠷ ᠤᠨ ᠢᠶᠠᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠪᠠᠷ  ᠪᠢᠳᠡ ᠥᠨᠥᠳᠥᠷ ᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠵᠤ ᠪᠠᠶᠢᠨ᠎ᠠ︾ ᠭᠡᠵᠦ ᠬᠡᠯᠡᠪᠡ ᠃
 7270_1711507519_hd.jpeg
        ᠤᠷᠴᠢᠮ ᠤᠨ 20 ᠵᠢᠯ ᠤᠨ ᠬᠤᠭᠤᠴᠠᠭᠠᠨ ᠳᠤ ᠂ ᠰᠣᠳᠣᠪᠢᠯᠢᠭ᠌ ᠨᠠᠮ ᠳᠤ ᠢᠳᠡᠪᠬᠢᠲᠡᠢ ᠣᠷᠣᠵᠤ ᠂ ᠢᠮᠠᠭᠲᠠ ᠦᠨᠳᠦᠰᠦᠲᠡᠨ ᠨᠦᠭᠦᠳ ᠤᠨ ᠤᠯᠠᠨ ᠲᠦᠮᠡᠨ ᠢᠶᠠᠨ ᠳᠠᠭᠠᠭᠤᠯᠤᠨ ᠬᠠᠮᠲᠤ ᠪᠠᠷ ᠴᠢᠨᠡᠭᠡᠯᠢᠭᠵᠢᠬᠦ ᠡᠮᠦᠨ᠎ᠡ ᠡᠩᠨᠡᠭᠡᠨ ᠳᠤ ᠶᠠᠪᠤᠵᠤ ᠂ ᠭᠠᠴᠠᠭᠠᠨ ᠤ ᠪᠠᠨ ᠠᠷᠠᠳ ᠢᠶᠠᠨ ᠬᠠᠪᠰᠤᠷᠤᠨ ᠠᠷᠭ᠎ᠠ ᠤᠬᠠᠭᠠᠨ ᠰᠦᠪᠡᠭᠴᠢᠯᠡᠵᠦ ᠂ ᠲᠡᠵᠢᠭᠡᠨ ᠦᠷᠡᠵᠢᠭᠦᠯᠬᠦ ᠠᠵᠢᠯ ᠦᠢᠯᠡᠰ ᠢ ᠲᠡᠯᠭᠡᠷᠡᠬᠦᠯᠦᠨ᠂ ᠶᠠᠳᠠᠭᠤ ᠠᠴᠠ ᠠᠩᠬᠢᠵᠢᠷᠠᠭᠤᠯᠬᠤ ᠳᠤ ᠪᠦᠬᠦ ᠬᠦᠴᠦᠨ ᠢᠶᠠᠷ ᠢᠶᠠᠨ ᠰᠢᠮᠳᠠᠵᠤ ᠴᠢᠷᠮᠠᠶᠢᠪᠠ᠃ ᠭᠠᠴᠠᠭᠠᠨ ᠤ ᠠᠷᠠᠳ ᠤᠨ ᠠᠯᠢ ᠠᠶᠢᠯ ᠨᠢ ᠬᠤᠨᠢ ᠢᠮᠠᠭ᠎ᠠ ᠬᠠᠷᠢᠭᠤᠯᠵᠤ ᠪᠠᠶᠢᠬᠤ᠂ ᠠᠯᠢ ᠠᠶᠢᠯ ᠨᠢ ᠦᠭᠡᠷ ᠲᠡᠵᠢᠭᠡᠵᠤ ᠪᠠᠶᠢᠬᠤ᠂ ᠬᠡᠨ ᠤ ᠭᠡᠷ ᠤᠨ ᠨᠠᠰᠤᠲᠠᠨ ᠤ ᠪᠡᠶ᠎ᠡ  ᠨᠢ ᠡᠪᠡᠳᠴᠢᠨ ᠬᠠᠭᠤᠴᠢᠨ ᠲᠠᠢ ᠪᠠᠶᠢᠬᠤ᠂ ᠬᠡᠨ ᠤ ᠣᠷᠣᠯᠭ᠎ᠠ ᠪᠠᠭ᠎ᠠ ᠠᠮᠢᠳᠤᠷᠠᠯ ᠬᠦᠴᠢᠷᠳᠡᠯᠳᠡᠢ ᠪᠠᠶᠢᠬᠤ  ᠶᠢ ᠲᠡᠷᠡ ᠪᠦᠷ ᠲᠤᠪ ᠲᠣᠳᠣᠷᠬᠠᠢ ᠮᠡᠳᠡᠳᠡᠭ ᠪᠠᠶᠢᠯ᠎ᠠ ᠃ ᠲᠡᠭᠦᠨ ᠤ ᠳᠠᠭᠠᠭᠤᠯᠭ᠎ᠠ ᠪᠠᠷ ᠭᠠᠴᠠᠭᠠᠨ ᠤ ᠠᠷᠠᠳ ᠨᠠᠷ ᠨᠢ ᠲᠡᠵᠢᠭᠡᠨ ᠦᠷᠡᠵᠢᠭᠦᠯᠬᠦ ᠲᠤᠰᠬᠠᠢ ᠡᠷᠦᠬᠡ ᠠᠴᠠ ᠲᠡᠵᠢᠭᠡᠨ ᠦᠷᠡᠵᠢᠭᠦᠯᠬᠦ ᠲᠤᠷᠰᠢᠯᠭ᠎ᠠ᠂ ᠬᠢᠵᠢᠭ ᠢ ᠰᠡᠷᠭᠡᠶᠢᠯᠡᠬᠦ ᠲᠤᠷᠰᠢᠯᠭ᠎ᠠ ᠵᠡᠷᠭᠡ ᠶᠢ ᠰᠤᠷᠤᠯᠴᠠᠵᠤ᠂ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠦᠨ ᠂ ᠪᠣᠷᠤᠯᠠᠭᠤᠯᠭ᠎ᠠ ᠶᠢᠨ ᠵᠠᠮ  ᠢᠶᠠᠨ ᠰᠢᠯᠤᠭᠤᠳᠬᠠᠭᠰᠠᠨ ᠢᠶᠠᠷ ᠬᠦᠭᠵᠢᠨ ᠴᠢᠨᠡᠭᠡᠯᠢᠭᠵᠢᠬᠦ ᠪᠠᠶᠢᠳᠠᠯ ᠨᠡᠶᠢᠳᠡᠮ ᠰᠠᠶᠢᠨ ᠪᠠᠶᠢᠨ᠎ᠠ ᠃ ᠰᠣᠳᠣᠪᠢᠯᠢᠭ᠌ ᠢ ᠳᠤᠷᠠᠳᠬᠤ ᠳᠤ ᠭᠠᠴᠠᠭᠠᠨ ᠤ ᠤᠯᠠᠨ ᠲᠦᠮᠡᠨ ᠨᠠᠷ ᠵᠠᠯᠭᠠᠭ᠎ᠠ ᠪᠠᠷ ᠮᠠᠭᠲᠠᠨ ᠰᠠᠶᠢᠰᠢᠶᠠᠵᠤ ᠂ ᠲᠠᠯᠠᠷᠬᠠᠯ ᠤᠨ ᠰᠡᠳᠬᠢᠯᠭᠡ ᠪᠠᠨ ᠲᠠᠰᠤᠷᠠᠯᠳᠠ ᠦᠭᠡᠢ ᠢᠯᠡᠳᠭᠡᠵᠤ ᠪᠠᠶᠢᠯ᠎ᠠ᠃
7271_1711507519_hd.jpeg
7273_1711507520_hd.jpeg
       2012 ᠣᠨ ᠳᠤ ᠰᠣᠳᠣᠪᠢᠯᠢᠭ᠌ ᠤᠩᠭᠤᠨ ᠪᠠᠯᠭᠠᠰᠤ ᠶᠢᠨ ᠠᠯᠳᠠᠨᠬᠤᠰᠢᠭᠤ  ᠭᠠᠴᠠᠭᠠᠨ ᠤ ᠨᠠᠮ ᠤᠨ ᠡᠭᠦᠷ ᠤᠨ ᠱᠦᠵᠢ ᠂ ᠭᠠᠴᠠᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ ᠃ ᠮᠠᠯᠵᠢᠬᠤ ᠣᠷᠣᠨ ᠳᠤ ᠲᠥᠷᠥᠵᠦ ᠂ ᠮᠠᠯᠵᠢᠬᠤ ᠣᠷᠣᠨ ᠳᠤ ᠥᠰᠴᠦ ᠪᠣᠶᠢᠵᠢᠭᠰᠠᠨ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠂ ᠲᠡᠷᠡ ᠦᠨᠳᠦᠰᠦᠲᠡᠨ ᠨᠦᠭᠦᠳ ᠤᠨ ᠠᠷᠠᠳ ᠤᠯᠠᠨ ᠢᠶᠠᠨ ᠳᠠᠭᠠᠭᠤᠯᠤᠨ ᠬᠠᠮᠲᠤ ᠪᠠᠷ ᠪᠠᠶᠠᠵᠢᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ ᠂ ︽ ᠲᠤᠰᠢᠶᠠᠯ ᠪᠠᠭ᠎ᠠ ᠪᠣᠯᠪᠠᠴᠤ ᠬᠠᠷᠢᠭᠤᠴᠠᠯᠭ᠎ᠠ  ᠬᠦᠨᠳᠦ ᠃ ᠠᠵᠢᠯ ᠢ ᠬᠢᠭᠰᠡᠨ ᠶᠤᠮ ᠴᠢᠨᠢ ᠵᠠᠪᠠᠯ ᠰᠠᠶᠢᠨ ᠬᠢᠵᠤ᠂ ᠤᠯᠠᠨ ᠲᠦᠮᠡᠨ ᠤ ᠰᠡᠳᠬᠢᠯ ᠳᠤ ᠬᠠᠨᠤᠮᠵᠢᠲᠠᠶ ᠂ ᠵᠣᠬᠢᠶᠠᠨ ᠪᠠᠶᠢᠭᠤᠯᠤᠯᠲᠠ ᠶᠢ ᠰᠠᠨᠠᠭ᠎ᠠ ᠠᠮᠤᠷ ᠪᠠᠶᠢᠯᠭᠠᠨ᠎ᠠ ︾ ᠭᠡᠵᠦ ᠲᠥᠪ ᠴᠢᠩᠭ᠎ᠠ ᠠᠮᠠᠯᠠᠯᠲᠠ ᠬᠢᠭᠰᠡᠨ ᠪᠠᠶᠢᠨ᠎ᠠ ᠃ ᠡᠭᠦᠨ ᠠᠴᠠ ᠰᠡᠭᠦᠯᠡᠷ ᠂ ᠰᠣᠳᠣᠪᠢᠯᠢᠭ᠌ ᠭᠠᠴᠠᠭᠠᠨ ᠤ ᠠᠵᠢᠯ ᠢ 10 ᠵᠢᠯ ᠬᠠᠷᠢᠭᠤᠴᠠᠨ ᠠᠵᠢᠯᠯᠠᠵᠤ᠂ ᠠᠮᠠᠯᠠᠯᠲᠠ ᠪᠠᠨ 10 ᠵᠢᠯ ᠦᠢᠯᠡᠳᠦᠯᠭᠡᠵᠢᠭᠦᠯᠵᠡᠢ ᠃    ᠲᠡᠷᠡ ᠨᠠᠮ ᠤᠨ ᠡᠭᠦᠷ ᠢ ᠭᠡᠷ ᠢᠶᠠᠨ ᠪᠣᠯᠭᠠᠵᠤ ᠂ ᠣᠯᠠᠨ ᠲᠦᠮᠡᠨ ᠢ ᠲᠦᠷᠦᠯ ᠰᠠᠳᠤᠨ ᠲᠤᠳᠤᠨᠤ ᠬᠥᠮᠥᠨ ᠢᠶᠠᠷ ᠦᠵᠡᠵᠦ᠂ ᠭᠠᠴᠠᠭᠠᠨ ᠤ ᠥᠷᠭᠡᠨ ᠣᠯᠠᠨ ᠺᠠᠳ᠋ᠷ ᠠᠷᠠᠳ ᠲᠠᠢ ᠬᠠᠮᠲᠤ᠂ ᠮᠠᠯᠴᠢᠳ ᠢᠶᠠᠨ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠬᠤ ᠪᠠ ᠨᠠᠮ ᠤᠨ ᠡᠭᠦᠷ ᠤᠨ ᠪᠠᠶᠢᠭᠤᠯᠤᠯᠲᠠ  ᠶᠢ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠷᠢᠨ ᠲᠠᠯ᠎ᠠ ᠠᠴᠠ ᠪᠣᠳᠣᠯᠬᠢᠯᠠᠨ᠂ ᠪᠠᠭ᠎ᠠ ᠲᠠᠯ᠎ᠠ ᠠᠴᠠ ᠭᠠᠷᠳᠠᠵᠤ᠂ ᠪᠣᠳᠠᠲᠠᠢ ᠠᠴᠠ ᠨᠠᠶᠢᠳᠠᠪᠤᠷᠢᠵᠢᠭᠤᠯᠤᠨ ᠂ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠠᠵᠤ ᠦᠢᠯᠡᠰ ᠢ ᠬᠥᠭᠵᠢᠭᠦᠯᠬᠦ᠂ ᠬᠥᠭᠵᠢᠯᠲᠡ ᠶᠢ ᠠᠬᠢᠭᠤᠯᠬᠤ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠤᠨ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠭᠠᠴᠠᠭᠠᠨ ᠤ ᠪᠠᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠠᠯᠳᠠᠨᠬᠤᠰᠢᠭᠤ ᠭᠠᠴᠠᠭ᠎ᠠ ᠶᠢᠨ ᠦᠨᠳᠦᠰᠦᠲᠡᠨ ᠤ ᠪᠦᠯᠬᠦᠮᠳᠡᠯ ᠤᠨ ᠪᠠᠲᠤ ᠰᠠᠭᠤᠷᠢ ᠶᠢ ᠴᠣᠭᠴᠠᠯᠠᠬᠰᠠᠨ ᠪᠠᠶᠢᠨ᠎ᠠ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ