﹇ᠪᠠᠳᠠᠷᠠᠨ ᠲᠠᠯᠭᠡᠷᠡᠬᠦ ᠠᠨᠠᠷ ᠤᠨ ᠴᠡᠴᠡᠭ﹈ ᠭᠠᠷᠮᠠᠭᠠᠢ ᠡᠮᠡᠭᠲᠡᠶᠢᠴᠦᠳ ᠤᠨ ᠠᠵᠢᠯᠴᠢ ᠬᠤᠤᠰ ᠭᠠᠷ ᠲᠡᠭᠡᠷ᠎ᠡ ︽ᠪᠠᠶᠠᠵᠢᠯ ᠤᠨ ᠴᠡᠴᠡᠭ︾ ᠪᠠᠳᠮᠠᠯᠠᠨ ᠲᠡᠯᠭᠡᠷᠡᠨ᠎ᠡ
ᠨᠡᠶᠢᠲᠡᠯᠡᠭᠰᠡᠨ ᠴᠠᠭ᠄
2024/4/7
    ᠴᠠᠭᠠᠨ ᠰᠠᠷ᠎ᠠ ᠶᠢᠨ ᠲᠠᠷᠠᠭᠠᠴᠢ ᠪᠠᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠰᠣᠨᠢᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠤ ᠲᠠᠯ ᠠᠭᠤᠯᠠ ᠪᠠᠯᠭᠠᠰᠤᠨ ᠤ ᠬᠤᠩᠴᠢ ᠲᠣᠰᠬᠤᠨ ᠤ ᠠᠷᠠᠳ ᠦ᠋ ᠰᠢᠶᠠᠨ ᠨᠢᠦᠢ ᠶᠢᠨ ᠭᠡᠷ ᠲᠤ ᠰᠤᠷᠪᠤᠯᠵᠢᠯᠠᠭ᠎ᠠ ᠠᠪᠬᠤ ᠪᠠᠷ ᠢᠷᠡᠬᠦ ᠳᠤ᠂ ᠣᠶᠣᠳᠠᠯ ᠤᠨ ᠮᠠᠰᠢᠨ ᠤ ᠠᠵᠢᠯᠯᠠᠬᠤ ᠲᠠᠭᠤᠨ ᠰᠣᠨᠣᠰᠳᠠᠵᠤ᠂ ᠭᠡᠷ ᠲᠤ ᠣᠷᠣᠬᠤ ᠳᠤ ᠂ ᠦ᠋ ᠰᠢᠶᠠᠨ ᠨᠢᠦᠢ ᠣᠶᠣᠳᠠᠯ ᠤᠨ ᠮᠠᠰᠢᠨ ᠢᠶᠠᠷ ᠡᠰᠬᠡᠵᠦ ᠲᠠᠯᠪᠢᠭᠰᠠᠨ ᠮᠠᠯᠠᠭᠠᠢ ᠶᠢᠨ ᠡᠮᠵᠢᠶᠡᠷᠢ ᠶᠢ ᠨᠢ ᠪᠣᠯᠪᠠᠰᠤᠷᠠᠩᠭᠤᠢ ᠪᠠᠷ ᠤᠷᠠᠯᠠᠨ ᠤᠶᠤᠵᠤ ᠪᠠᠶᠢᠬᠤ ᠶᠢ ᠣᠯᠵᠤ ᠬᠠᠷᠠᠪᠠ ᠃ ᠲᠡᠭᠦᠨ ᠤ ᠬᠠᠵᠠᠭᠤ ᠳᠠᠬᠢ ᠣᠷᠣ ᠳᠡᠭᠡᠷ᠎ᠡ ᠦᠪᠡᠷ ᠤᠨ ᠭᠠᠷ ᠢᠶᠠᠷ ᠢᠶᠠᠨ ᠤᠷᠠᠯᠠᠵᠤ ᠪᠦᠳᠦᠭᠡᠭᠰᠡᠨ ᠮᠠᠯᠠᠭᠠᠢ ᠶᠢ ᠣᠪᠣᠭ᠎ᠠ ᠣᠪᠣᠭ᠎ᠠ  ᠪᠠᠷ ᠲᠡᠷᠢ ᠲᠡᠭᠰᠢ ᠲᠢᠭᠯᠡᠨ ᠲᠠᠯᠪᠢᠭᠠᠰᠤᠲᠠᠢ ᠃    ︽ 2019 ᠣᠨ ᠤ ᠲᠠᠷᠢᠶᠠᠯᠠᠩ ᠤᠨ ᠰᠡᠯᠡᠭᠦᠦ ᠴᠠᠭ ᠲᠤ ᠂ ᠪᠢ ᠭᠡᠷ ᠲᠡᠭᠡᠨ ᠮᠠᠯᠠᠭᠠᠢ ᠬᠢᠵᠦ ᠬᠤᠳᠠᠯᠳᠤᠵᠤ ᠡᠬᠢᠯᠡᠭᠰᠡᠨ ᠶᠤᠮ᠂ ᠲᠡᠷᠡ ᠵᠢᠯ ᠳᠤ 600 ᠭᠠᠷᠤᠢ ᠮᠠᠯᠠᠭᠠᠢ ᠬᠤᠳᠠᠯᠳᠤᠵᠤ ᠂ ᠲᠦᠮᠡ ᠭᠠᠷᠤᠢ ᠲᠥᠭᠦᠷᠢᠭ ᠤᠨ ᠣᠷᠣᠯᠭ᠎ᠠ ᠲᠠᠢ ᠪᠣᠯᠪᠠ ᠂ ᠤᠳᠤ ᠵᠢᠯ ᠪᠦᠷᠢ 6000 ᠭᠠᠷᠤᠢ ᠮᠠᠯᠠᠭᠠᠢ ᠪᠣᠷᠣᠯᠠᠭᠤᠯᠵᠤ ᠪᠠᠶᠢᠨ᠎ᠠ ︾  ᠬᠡᠵᠤ ᠦ᠋ ᠰᠢᠶᠠᠨ ᠨᠢᠦᠢ ᠪᠥᠰ ᠢᠶᠠᠨ ᠡᠪᠲᠡᠶᠢᠬᠡᠨ ᠡᠰᠬᠡᠬᠦ ᠶᠢᠨ ᠬᠠᠮᠳᠤ ᠪᠠᠶᠠᠷᠲᠠᠢ ᠪᠠᠷ ᠬᠡᠯᠡᠨ᠎ᠡ᠃
7268_1711507518_hd.jpeg
    2019 ᠣᠨ ᠳᠤ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠨᠢ ᠡᠬᠢᠯᠡᠨ ᠳᠡᠯᠭᠡᠷᠡᠵᠦ ᠂ ᠦ᠋ ᠰᠢᠶᠠᠨ ᠨᠢᠦᠢ ᠪᠠᠰᠠ ᠢᠨᠲ᠋ᠧᠷ ᠰᠦᠯᠵᠢᠶᠡᠨ ᠤ ᠬᠦᠭᠵᠢᠯᠳᠡ ᠶᠢ ᠳᠠᠭᠠᠵᠤ ᠂ ︽ ᠨᠡᠪᠲᠡᠷᠡᠭᠦᠯᠦᠭᠴᠢ ︾ ᠪᠣᠯᠪᠠ ᠃ ᠡᠭᠦᠨ ᠠᠴᠠ ᠡᠬᠢᠯᠡᠨ ᠦ᠋ ᠰᠢᠶᠠᠨ ᠨᠢᠦᠢ ᠶᠢᠨ ᠮᠠᠯᠠᠭᠠᠢ ᠶᠢᠨ ᠮᠠᠶᠢᠮᠠᠢ ᠨᠢ ᠤᠯᠠᠨ ᠳᠤ ᠮᠡᠳᠡᠷᠡᠭᠳᠡᠵᠦ᠂ ᠭᠡᠷ ᠤᠨ ᠡᠭᠦᠳᠡᠨ ᠠᠴᠠ ᠪᠠᠨ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠤᠭᠳᠠᠭᠰᠠᠨ ᠪᠠᠶᠢᠨ᠎ᠠ᠃ 2023 ᠣᠨ ᠤ 9 ᠰᠠᠷ᠎ᠠ ᠳᠤ᠂ ᠦ᠋ ᠰᠢᠶᠠᠨ ᠨᠢᠦᠢ ᠥᠪᠥᠷ ᠮᠣᠩᠭᠤᠯ ᠤᠨ ᠤᠮᠠᠷᠠᠲᠤ ᠬᠢᠯᠢ ᠶᠢᠨ ᠪᠦᠰᠡᠬᠦᠢ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠤᠯᠪᠣᠭ᠎ᠠ ᠳᠤ ︽ ᠤᠮᠠᠷᠠᠲᠤ ᠬᠢᠯᠢ ᠶᠢᠨ  ᠶᠢᠨ ᠬᠤᠢ ᠰᠢᠯᠢᠳᠡᠭ ᠡᠳ᠋ ᠪᠤᠳᠠᠰ ᠤᠨ  ᠲᠠᠨᠢᠯᠴᠠᠭᠤᠯᠤᠭᠴᠢ︾ ᠪᠠᠷ ᠦᠨᠡᠯᠡᠭᠳᠡᠪᠡ᠃    ᠦ᠋ ᠰᠢᠶᠠᠨ ᠨᠢᠦᠢ ᠲᠠᠢ ᠠᠳᠠᠯᠢ ᠪᠠᠷ ᠂ ᠤᠷᠠᠳ ᠤᠨ ᠳᠤᠮᠳᠠᠳᠤ ᠬᠤᠰᠢᠭᠤᠨ ᠤ ᠤᠩᠭᠤᠨ ᠪᠠᠯᠭᠠᠰᠤᠨ ᠤ ᠠᠯᠳᠠᠨᠬᠤᠰᠢᠭᠤ ᠭᠠᠴᠠᠭᠠᠨ ᠤ ᠮᠠᠯᠴᠢᠨ ᠭᠡᠷᠡᠯ᠎ᠡ ᠪᠤᠯ ᠲᠤᠰ ᠭᠠᠵᠠᠷ ᠤᠨ ᠨᠠᠷᠠᠲᠠᠢ ᠭᠠᠷᠮᠠᠭᠠᠢ ᠡᠮᠡᠭᠳᠡᠢ ᠪᠣᠯᠣᠨ᠎ᠠ ᠃ ᠡᠨᠡ ᠵᠢᠯ ᠳᠤ ᠲᠡᠷᠡ ᠣᠷᠴᠢᠮ ᠤᠨ ᠵᠢᠯ ᠤᠳ ᠤᠨ ᠬᠠᠮᠤᠭ ᠤᠨ ᠶᠠᠭᠠᠷᠠᠯᠲᠠᠢ ᠴᠠᠭᠠᠨ ᠰᠠᠷ᠎ᠠ ᠪᠠᠨ ᠥᠩᠭᠡᠷᠡᠭᠦᠯᠦᠯ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ ᠂ ᠲᠡᠷᠡ ᠥᠪᠡᠷ ᠤᠨ ᠭᠡᠷ ᠤᠨ ᠢᠶᠠᠨ ᠴᠠᠭᠠᠨ ᠢᠳᠡᠭᠡᠨ ᠤ ᠦᠢᠯᠡᠳᠪᠦᠷᠢ ᠶᠢᠨ ᠲᠠᠰᠤᠭ ᠲᠤ ᠡᠳᠦᠷᠵᠢᠨ ᠴᠠᠭᠠᠨ ᠢᠳᠡᠭᠡ ᠬᠢᠵᠦ ᠶᠠᠭᠠᠷᠠᠯᠳᠤᠨ᠂ ᠡᠳᠦᠷ ᠲᠤ 15 ᠰᠠᠭᠠᠯᠢ ᠶᠢᠨ ᠦᠨᠢᠶ᠎ᠡ ᠰᠠᠭᠠᠵᠤ ᠂ ᠡᠳᠦᠷ ᠪᠦᠷᠢ 500 ᠵᠢᠩ ᠦᠨᠢᠶᠡᠨ ᠰᠦ ᠰᠠᠭᠠᠵᠤ ᠪᠤᠯᠪᠠᠰᠤᠷᠠᠭᠤᠯᠤᠨ᠂ ᠨᠡᠶᠢᠳᠡ 8 ᠲᠦᠮᠡᠨ ᠲᠥᠭᠦᠷᠢᠭ ᠤᠨ ᠴᠠᠭᠠᠨ ᠢᠳᠡᠭᠡ ᠪᠣᠷᠣᠯᠠᠭᠤᠯᠪᠠ ᠃ᠲᠡᠷᠡ ᠥᠪᠡᠷ ᠤᠨ ᠭᠡᠷ ᠤᠨ ᠴᠠᠭᠠᠨ ᠢᠳᠡᠭᠡᠨ ᠤ ᠪᠠᠨ ᠪᠠᠶᠢᠭᠠᠯᠢᠯᠢᠭ ᠰᠠᠶᠢᠬᠠᠨ ᠦᠨᠦᠷ ᠠᠮᠲᠠ ᠶᠢ ᠪᠠᠲᠤᠯᠠᠭᠰᠠᠨ ᠠᠴᠠ ᠪᠤᠷᠤᠯᠠᠭᠤᠯᠭ᠎ᠠ  ᠪᠠᠨ ᠢᠨᠲ᠋ᠧᠷ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠲᠤᠰ ᠨᠣᠲᠤᠭ ᠠᠴᠠ ᠪᠠᠨ ᠪᠦᠬᠦ ᠤᠯᠤᠰ ᠲᠤ ᠬᠦᠷᠲᠡᠯ᠎ᠡ ᠥᠷᠭᠡᠳᠬᠡᠭᠰᠡᠨ ᠪᠠᠶᠢᠨ᠎ᠠ ᠃ ᠲᠡᠭᠦᠨ ᠤ ᠴᠠᠭᠠᠨ ᠢᠳᠡᠭᠡᠨ ᠤ ᠦᠢᠯᠡᠰ ᠨᠢ ᠥᠪᠡᠷ ᠤᠨ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠡᠷᠡᠭᠯᠡᠭᠴᠢᠳ ᠲᠤ ᠲᠠᠯ᠎ᠠ ᠨᠣᠲᠤᠭ ᠤᠨ ᠠᠮᠲᠠᠲᠤ ᠢᠳᠡᠭᠡᠨ ᠢ ᠤᠶᠢᠯᠠᠭᠠᠭᠤᠯᠵᠤ ᠮᠡᠳᠡᠷᠡᠬᠦᠯᠦᠭᠰᠡᠨ ᠪᠠᠶᠢᠨ᠎ᠠ ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠤᠷᠠᠳ ᠤᠨ ᠳᠤᠮᠳᠠᠳᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠠᠵᠢᠯᠴᠢ ᠬᠦᠳᠡᠯᠮᠦᠷᠢᠴᠢ ᠪᠠᠷ ᠠᠶᠢᠯ ᠡᠷᠦᠭᠡ ᠪᠠᠨ ᠪᠤᠰᠬᠠᠵᠤ᠂ ᠣᠯᠠᠩᠬᠢ ᠨᠢ ᠪᠦᠷ ᠤᠷᠠᠨ ᠬᠠᠳᠬᠤᠮᠠᠯ ᠂ ᠪᠥᠰ ᠱᠠᠬᠠᠢ᠂ ᠱᠠᠬᠠᠢ ᠶᠢᠨ ᠤᠯᠠᠪᠴᠢ᠂ ᠴᠠᠭᠠᠰᠤᠨ ᠬᠠᠶᠢᠴᠢᠯᠠᠮᠠᠯ ᠵᠡᠷᠭᠡ ᠭᠠᠷ ᠤᠷᠠᠯᠠᠯ ᠢ ᠬᠢᠵᠦ ᠴᠢᠳᠠᠳᠠᠭ᠂ ᠢᠯᠠᠩᠭᠤᠶ᠎ᠠ ᠮᠣᠩᠭᠤᠯ ᠦᠨᠳᠦᠰᠦᠲᠡᠨ ᠤ ᠡᠮᠡᠭᠲᠡᠶᠢᠴᠦᠳ ᠤᠨ ᠬᠢᠭᠰᠡᠨ ᠴᠠᠭᠠᠨ ᠢᠳᠡᠭᠡ᠂ ᠦᠨᠳᠦᠰᠦᠲᠡᠨ ᠤ ᠬᠤᠪᠴᠠᠰᠤ᠂ ᠮᠥᠩᠭᠦᠨ ᠵᠠᠰᠠᠯ ᠵᠢᠮᠰᠡᠭ ᠨᠢ ᠬᠥᠮᠥᠰ ᠤᠨ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠃
7269_1711507518_hd.jpeg
    ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ᠂ ᠦ᠋ ᠰᠢᠶᠠᠨ ᠨᠢᠦᠢ᠂ ᠭᠡᠷᠡᠯ᠎ᠡ ᠲᠠᠢ ᠠᠳᠠᠯᠢᠬᠠᠨ ᠭᠠᠷ ᠤᠷᠠᠯᠠᠯ᠂ ᠰᠦ ᠰᠠᠭᠠᠯᠢ ᠶᠢᠨ ᠪᠦᠳᠦᠭᠡᠭᠳᠡᠬᠦᠨ ᠢᠶᠠᠷ ᠢᠶᠠᠨ ᠤᠯᠠᠨ ᠤ ᠪᠠᠭ᠋ᠠᠷᠬᠠᠯ ᠢ ᠤᠯᠤᠭᠰᠠᠨ ᠤᠷᠠᠨ ᠪᠦᠰᠡᠬᠦᠶᠢᠴᠤᠳ ᠶᠠᠪᠤᠬᠤ ᠲᠤᠲᠤᠮ ᠣᠯᠠᠰᠢᠷᠠᠵᠤ᠂ ᠲᠠᠳᠠ ᠦᠵᠡᠯᠲᠡ ᠪᠠᠨ ᠬᠤᠪᠢᠷᠠᠭᠤᠯᠵᠤ᠂ ᠤᠷ᠎ᠠ ᠮᠡᠷᠭᠡᠵᠢᠯ ᠰᠤᠷᠴᠤ᠂ ᠥᠪᠡᠷ ᠤᠨ ᠬᠤᠶᠠᠷ ᠭᠠᠷ ᠢᠶᠠᠷ ᠢᠶᠠᠨ ᠭᠡᠷ ᠪᠦᠯᠢ ᠶᠢᠨ ᠭᠠᠷ ᠦᠢᠯᠡᠳᠪᠦᠷᠢ ᠭᠡᠬᠦ ᠡᠨᠡ ᠬᠦ ᠳᠤᠮᠳᠠᠳᠤ ᠤᠯᠤᠰ ᠤᠨ ᠤᠯᠠᠮᠵᠢᠯᠠᠯᠲᠤ ᠦᠪ ᠰᠤᠶᠤᠯ ᠢ ᠪᠠᠶᠠᠵᠢᠯ ᠤᠨ ᠠᠵᠤ ᠠᠬᠤᠢ ᠪᠣᠯᠭᠠᠨ ᠬᠤᠪᠢᠷᠠᠭᠤᠯᠵᠤ᠂ ᠲᠤᠬᠠᠢ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠣᠯᠵᠤ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠵᠦ ᠪᠠᠶᠢᠨ᠎ᠠ᠃    ᠤᠷᠠᠳ ᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠠᠩ ᠵᠢᠶᠦ᠋ᠨ ᠲᠠᠨᠢᠯᠴᠠᠭᠤᠯᠬᠤ ᠳᠠᠭᠠᠨ᠂ ᠲᠤᠬᠠᠢ ᠶᠢᠨ ᠭᠠᠵᠠᠷ ᠤᠨ ᠭᠡᠷ ᠪᠦᠯᠢ ᠶᠢᠨ ᠭᠠᠷ ᠦᠢᠯᠡᠳᠪᠦᠷᠢ ᠶᠢᠨ ᠬᠥᠭᠵᠢᠯᠲᠡ ᠶᠢ ᠨᠡᠩ ᠰᠠᠶᠢᠨ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤ ᠡᠮᠡᠭᠲᠡᠶᠢᠴᠦᠳ ᠤᠨ ᠠᠵᠢᠯ ᠣᠯᠵᠤ ᠦᠢᠯᠡᠰ ᠴᠣᠭᠴᠠᠯᠠᠬᠤ ᠪᠠᠷ ᠭᠠᠷᠳᠠᠴᠠ ᠪᠣᠯᠭᠠᠵᠤ᠂ ︽ᠡᠮᠡᠭᠲᠡᠶᠢᠴᠦᠳ ᠤᠨ  ᠦᠷᠦᠭᠡ ︾ ᠪᠠᠷ ᠵᠢᠭᠰᠠᠭᠠᠯ ᠤᠨ ᠭᠠᠵᠠᠷ ᠪᠣᠯᠭᠠᠵᠤ᠂  ᠤᠨᠴᠠᠯᠢᠭ  ᠱᠠᠭᠠᠷᠳᠠᠯᠭ᠎ᠠ ᠳᠤ ᠨᠢ ᠲᠤᠬᠢᠷᠠᠭᠤᠯᠣᠨ᠂ ᠵᠢᠯ ᠪᠦᠷᠢ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ᠂ ᠦᠨᠳᠦᠰᠦᠲᠡᠨ ᠤ ᠬᠤᠪᠴᠠᠰᠤ ᠵᠠᠰᠠᠯ ᠡᠰᠬᠡᠵᠤ ᠤᠶᠤᠬᠤ ᠪᠣᠯᠪᠠᠰᠤᠷᠠᠯ᠂ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ᠂ ᠴᠠᠭᠠᠨ ᠢᠳᠡᠭᠡᠨ ᠤ ᠪᠣᠯᠪᠠᠰᠤᠷᠠᠯ ᠵᠢᠴᠢ ᠮᠣᠩᠭᠤᠯ ᠬᠤᠭᠤᠯᠨ ᠬᠢᠬᠦ᠂  ᠭᠤᠯᠢᠷ ᠤᠨ ᠢᠳᠡᠭᠡᠨ᠂ ᠡᠸᠦ᠋ᠷᠦᠫᠡ ᠮᠠᠶ᠋ᠢᠭ ᠤᠨ ᠦᠨᠳᠡᠭᠡᠨ ᠪᠤᠤᠪᠤ ᠬᠢᠬᠦ ᠪᠣᠯᠪᠠᠰᠤᠷᠠᠯ ᠵᠡᠷᠭᠡ ᠪᠠᠷ ᠭᠤᠣᠯ ᠪᠣᠯᠭᠠᠭᠰᠠᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 30 ᠭᠠᠷᠤᠢ ᠬᠤᠭᠤᠴᠠᠭ᠎ᠠ ᠡᠷᠭᠢᠯᠡᠵᠦ᠂ 600 ᠭᠠᠷᠤᠢ ᠡᠮᠡᠭᠲᠡᠶᠢᠴᠦᠳ ᠲᠤ ᠪᠣᠯᠪᠠᠰᠤᠷᠠᠯ ᠬᠦᠷᠲᠡᠭᠡᠵᠤ ᠪᠤᠢ ᠃ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠶᠢᠨ ᠲᠥᠯᠥᠭᠡ᠂ ᠤᠷᠠᠳ ᠤᠨ ᠳᠤᠮᠳᠠᠳᠤ  ᠬᠤᠰᠢᠭᠤ ᠪᠠᠰᠠ ᠨᠥᠬᠦᠴᠡᠯ ᠳᠤ ᠨᠡᠶᠢᠴᠡᠬᠦ ᠡᠮᠡᠭᠲᠡᠶᠢᠴᠦᠳ ᠲᠤ ᠪᠠᠭ᠎ᠠ ᠲᠣᠭᠠᠨ ᠤ ᠪᠠᠳᠤᠯᠠᠭᠠᠳᠤ ᠵᠢᠭᠡᠯᠡᠯᠭᠡ ᠲᠠᠯᠪᠢᠵᠤ᠂ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠲᠤ ᠬᠦᠷᠴᠦ᠂ ᠬᠤᠷᠰᠢᠨ ᠡᠵᠡᠩᠨᠡᠭᠰᠡᠨ ᠪᠠ ᠵᠣᠬᠢᠶᠠᠨ ᠪᠠᠶᠢᠭᠤᠯᠤᠭᠰᠠᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠤ ᠬᠦᠦ ᠮᠥᠩᠭᠦ  ᠶᠢ ᠨᠢ ᠣᠷᠣᠯᠠᠨ ᠥᠭᠬᠦ ᠵᠢᠭᠡᠯᠡᠯᠭᠡ  ᠨᠢ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠲᠤ ᠬᠦᠷᠴᠦ᠂ ᠨᠠᠩ ᠣᠯᠠᠨ ᠡᠮᠡᠭᠲᠡᠶᠢᠴᠦᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠳᠦᠯᠭᠡ ᠳᠤ ᠣᠷᠣᠯᠴᠠᠬᠤ ᠶᠢ ᠲᠡᠮᠵᠢᠵᠤ ᠪᠤᠢ ᠃                                    ︽ ᠰᠤᠷᠤᠯᠴᠠᠯᠭ᠎ᠠ ᠶᠢᠨ ᠬᠦᠴᠦᠷᠭᠡᠭ ᠤᠯᠤᠰ ︾  ᠠᠴᠠ ᠪᠠᠭᠤᠯᠭᠠᠨ ᠤᠷᠴᠢᠭᠤᠯᠪᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ