ᠬᠥᠬᠡᠬᠤᠲᠠ ᠶᠢᠨ ᠲᠡᠮᠤᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠬᠤᠶᠠᠷ ᠤᠯᠤᠰ ᠤᠨ ᠲᠡᠮᠦᠷ ᠵᠠᠮ ᠤᠨ ᠰᠠᠯᠠᠭ᠎ᠠ | ᠮᠥᠴᠢᠷ ᠤᠨ ᠵᠥᠪᠳᠡᠯᠴᠡᠭᠡ ᠪᠠᠷ ᠳᠡᠮᠵᠢᠨ 2024 ᠣᠨ ᠤ 3 ᠰᠠᠷ᠎ᠠ ᠶᠢᠨ 15 ᠠᠴᠠ ᠡᠬᠢᠯᠡᠨ ᠬᠥᠬᠡᠬᠤᠲᠠ ᠬᠢᠬᠡᠳ ᠮᠣᠩᠭᠤᠯ ᠤᠯᠤᠰ ᠤᠨ ᠤᠯᠠᠭᠠᠨᠪᠠᠭᠠᠲᠤᠷ ᠤᠨ | ᠬᠤᠭᠤᠷᠣᠨᠳᠣᠬᠢ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠢ ᠰᠡᠷᠭᠦᠭᠡᠪᠡ᠃ ᠡᠨᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ | ᠣᠯᠠᠨ ᠤ ᠬᠢᠯᠢ ᠠᠯᠤᠰᠯᠠᠨ ᠠᠶᠠᠯᠠᠬᠤ ᠳᠤ ᠲᠥᠬᠦᠮ ᠦᠵᠡᠭᠦᠯᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠰᠠᠨ ᠪᠠᠶᠢᠨ᠎ᠠ᠃ | ᠲᠤᠰ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠭᠠᠷᠠᠭ ᠪᠦᠷᠢ ᠶᠢᠨ ᠭᠠᠷᠠᠭ ᠤᠨ ᠨᠢᠭᠡᠨ᠂ ᠭᠠᠷᠠᠭ ᠤᠨ ᠲᠠᠪᠤᠨ ᠳᠤ ᠬᠥᠬᠡᠬᠤᠲᠠ ᠥᠷᠲᠡᠭᠡ ᠠᠴᠠ | ᠮᠤᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠬᠢᠯᠢ ᠲᠠᠪᠠᠵᠦ ᠤᠯᠠᠭᠠᠨᠪᠠᠭᠠᠲᠤᠷ ᠥᠷᠲᠡᠭᠡ ᠬᠥᠷᠬᠦ ᠪᠣᠯᠤᠨ᠎ᠠ᠃ ᠭᠠᠷᠠᠭ ᠪᠦᠷᠢ ᠶᠢᠨ | ᠭᠠᠷᠠᠭ ᠤᠨ ᠨᠢᠭᠡᠨ᠂ ᠭᠠᠷᠠᠭ ᠤᠨ ᠲᠠᠪᠤᠨ ᠳᠤ ᠮᠣᠩᠭᠤᠯ ᠤᠯᠤᠰ ᠤᠨ ᠤᠯᠠᠭᠠᠨᠪᠠᠭᠠᠲᠤᠷ ᠥᠷᠲᠡᠭᠡ ᠠᠴᠠ ᠮᠤᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ | ᠪᠣᠭᠤᠮᠲᠠ ᠪᠠᠷ ᠳᠡᠮᠵᠢᠨ ᠬᠢᠯᠢ ᠳᠤ ᠣᠷᠣᠵᠤ᠂ ᠬᠥᠬᠡᠬᠤᠲᠠ ᠥᠷᠲᠡᠭᠡ ᠬᠦᠷᠬᠦ ᠪᠤᠯᠤᠨ᠎ᠠ᠃ | ᠲᠡᠮᠦᠷ ᠵᠠᠮ ᠤᠨ ᠰᠠᠯᠠᠭ᠎ᠠ ᠮᠥᠴᠢᠷ ᠬᠢᠨ᠂ ᠠᠶᠠᠨᠴᠢᠳ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠵᠦᠬᠡᠬᠡᠪᠤᠷᠢ ᠶᠢᠨ ᠭᠠᠯᠲᠤ ᠲᠡᠷᠭᠡᠨ ᠳᠤ | ᠰᠠᠭᠤᠬᠤ ᠳᠠᠭᠠᠨ ᠬᠢᠯᠢ ᠶᠢᠨ ᠪᠣᠭᠤᠮᠲᠠ ᠶᠢᠨ ᠲᠡᠷᠭᠡᠨ ᠥᠷᠲᠡᠭᠡᠨ ᠳᠤ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠭᠠᠷᠳᠠᠮ ᠢ ᠭᠦᠢᠴᠡᠳᠬᠡᠬᠦ ᠴᠢᠬᠤᠯᠠᠲᠠᠢ ᠪᠦᠬᠡᠳ | ᠠᠶᠠᠨᠴᠢᠳ ᠲᠡᠷᠭᠡᠨ ᠳᠤ ᠰᠠᠭᠤᠬᠤ ᠠᠴᠠ ᠪᠠᠨ ᠡᠮᠦᠨ᠎ᠡ ᠤᠷᠢᠳᠴᠢᠯᠡᠨ ᠸᠢᠰᠠ ᠬᠢᠯᠭᠡᠬᠦ ᠪᠤᠶᠤ ᠸᠢᠰᠠ ᠲᠠᠮᠠᠭᠠᠯᠠᠬᠤ ᠶᠢ ᠭᠡᠯᠳᠦᠷᠢᠭᠦᠯᠬᠦ ᠮᠠᠲ᠋ᠧᠷᠢᠶᠠᠯ ᠢᠶᠠᠨ ᠪᠡᠯᠡᠳᠭᠡᠬᠦ | ᠴᠢᠬᠤᠯᠠᠲᠠᠢ᠃ ᠣᠯᠠᠨ ᠤᠯᠤᠰ ᠤᠨ ᠬᠠᠮᠲᠤᠷᠠᠭᠰᠠᠨ ᠵᠦᠬᠡᠬᠡᠪᠤᠷᠢ ᠶᠢᠨ ᠭᠠᠯᠲᠤ ᠲᠡᠷᠭᠡᠨ ᠤ ᠪᠢᠯᠧᠲ ᠢ ᠪᠢᠯᠧᠲ ᠬᠤᠳᠠᠯᠳᠤᠬᠤ ᠴᠡᠭ ᠲᠤ ᠬᠤᠳᠠᠯᠳᠤᠵᠤ᠂ ᠠᠶᠠᠨᠴᠢᠳ | ᠫᠠᠰᠫᠣᠷᠲ ᠢᠶᠠᠨ ᠠᠪᠴᠤ ᠬᠤᠳᠠᠯᠳᠤᠨ ᠠᠪᠬᠤ ᠴᠢᠬᠤᠯᠠᠲᠠᠢ ᠭᠡᠮᠡᠨ ᠰᠠᠨᠠᠭᠤᠯᠵᠤ ᠪᠤᠢ᠃ | | |