ᠤᠷᠠᠳ ᠤᠨ ᠳᠤᠮᠳᠠᠳᠤ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠭᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/5/10
    2023 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠬᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠦᠴᠦᠨ ᠢᠶᠠᠷ ᠢᠶᠠᠨ ᠣᠷᠤᠯᠭ᠎ᠠ ᠶᠢᠨ ᠨᠡᠮᠡᠭᠳᠡᠯ ᠢ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠲᠦᠭᠵᠢᠷᠡᠯ ᠢ ᠰᠢᠯᠤᠭᠤᠳᠬᠠᠵᠤ᠂ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠳᠡᠭᠡᠭᠰᠢᠯᠡᠵᠦ᠂ ᠴᠢᠨᠠᠷ ᠰᠠᠶᠢᠲᠠᠢ ᠬᠥᠭᠵᠢᠯᠲᠡ ᠢᠳᠡᠪᠬᠢᠲᠡᠢ ᠠᠬᠢᠴᠠ ᠲᠠᠢ ᠪᠣᠯᠪᠠ᠃     ᠨᠢᠭᠡ᠂ ᠶᠡᠷᠦᠩᠬᠡᠢ ᠪᠠᠶᠢᠳᠠᠯ       ᠠᠩᠬ᠎ᠠ ᠠᠯᠬᠤᠮ ᠤᠨ ᠲᠣᠭᠠᠴᠠᠭ᠎ᠠ ᠶᠢ ᠦᠨᠳᠦᠰᠦᠯᠡᠪᠡᠯ᠂ 2023 ᠣᠨ ᠳᠤ ᠪᠥᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 132.93 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠬᠤ ᠪᠤᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ16.9% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 31.02 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 11.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 51.51 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ  ᠠᠴᠠ 18.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 50.40 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ  ᠬᠢ ᠠᠴᠠ 18.5% ᠪᠠᠷ ᠨᠡᠮᠡᠭᠳᠡᠵᠡᠢ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ ᠲᠤᠰ ᠲᠤᠰ 23.3᠄ 38.8᠄ 37.9 ᠪᠣᠯᠪᠠ᠃     ᠪᠦᠬᠦ ᠬᠤᠰᠢᠭᠤᠨ ᠳᠤ ᠮᠣᠩᠭᠤᠯ᠂ ᠬᠢᠲᠠᠳ᠂ ᠬᠤᠲᠣᠩ ᠦᠨᠳᠦᠰᠦᠲᠡᠨ ᠵᠡᠷᠭᠡ ᠣᠯᠠᠨ ᠦᠨᠳᠦᠰᠦᠲᠡᠨ  ᠬᠤᠯᠢᠯᠳᠤᠨ ᠰᠠᠭᠤᠷᠢᠰᠢᠵᠤ ᠪᠠᠶᠢᠨ᠎ᠠ᠃ ᠵᠢᠯ ᠤᠨ ᠡᠴᠦᠰ ᠲᠤ᠂ ᠪᠥᠬᠦ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ 141214 ᠪᠠᠶᠢᠪᠠ᠃ ᠡᠷᠦᠬᠡ ᠠᠮᠠ ᠶᠢᠨ ᠲᠦᠷᠦᠯ ᠰᠢᠨᠵᠢ ᠪᠠᠷ ᠨᠢ ᠬᠤᠪᠢᠶᠠᠪᠠᠯ᠄ ᠬᠤᠲᠠ ᠪᠠᠯᠭᠠᠰᠤᠨ ᠤ ᠬᠥᠮᠦᠨ ᠠᠮᠠ 34525 ᠬᠥᠮᠦᠨ᠂ ᠬᠥᠳᠡᠭᠡ ᠲᠣᠰᠬᠤᠨ ᠤ ᠬᠥᠮᠦᠨ ᠠᠮᠠ106689 ᠬᠥᠮᠦᠨ ᠪᠠᠶᠢᠨ᠎ᠠ︔ ᠦᠨᠳᠦᠰᠦᠲᠡᠨ  ᠢᠶᠠᠷ ᠬᠤᠪᠢᠶᠠᠪᠠᠯ᠄ ᠬᠢᠲᠠᠳ ᠦᠨᠳᠦᠰᠦᠲᠡᠨ 111835 ᠬᠥᠮᠦᠨ᠂ ᠮᠣᠩᠭᠤᠯ ᠦᠨᠳᠦᠰᠦᠲᠡᠨ 28120 ᠬᠥᠮᠦᠨ᠂ ᠬᠤᠲᠣᠩ ᠦᠨᠳᠦᠰᠦᠲᠡᠨ 794 ᠬᠥᠮᠦᠨ᠂ ᠪᠤᠰᠤᠳ ᠦᠨᠳᠦᠰᠦᠲᠡᠨ 465 ᠬᠥᠮᠦᠨ ᠪᠠᠶᠢᠨ᠎ᠠ᠃ ᠵᠢᠯ ᠤᠨ ᠡᠴᠦᠰ ᠲᠤ ᠪᠠᠶᠢᠩᠭᠤ ᠰᠠᠭᠤᠭ᠎ᠠ ᠬᠥᠮᠦᠨ ᠠᠮᠠ 10.75 ᠲᠦᠮᠡ ᠪᠠᠶᠢᠵᠤ᠂ ᠡᠭᠦᠨ ᠳᠤ ᠬᠤᠲᠠ ᠪᠠᠯᠭᠠᠰᠤᠨ ᠳᠤ ᠰᠠᠭᠤᠭ᠎ᠠ ᠬᠥᠮᠦᠨ ᠠᠮᠠ 609 ᠲᠦᠮᠡ᠂ ᠬᠥᠳᠡᠭᠡ ᠲᠣᠰᠬᠤᠨ ᠳᠤ ᠰᠠᠭᠤᠭ᠎ᠠ ᠬᠥᠮᠦᠨ ᠠᠮᠠ 4.66 ᠲᠦᠮᠡ ᠪᠠᠶᠢᠨ᠎ᠠ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 56.65% ᠳᠤ ᠬᠦᠷᠴᠦ᠂ ᠳᠡᠭᠡᠷ᠎ᠡ ᠵᠢᠯ ᠠᠴᠠ 1.1 ᠵᠠᠭᠤᠨ ᠤ ᠬᠤᠪᠢ ᠳᠡᠭᠡᠭᠰᠢᠯᠡᠪᠡ᠃ ᠡᠷᠡᠭᠲᠡᠶ ᠬᠦᠮᠦᠨ ᠠᠮᠠ 5.71 ᠲᠦᠮᠡ  ᠪᠠᠶᠢᠵᠤ᠂ ᠡᠮᠡᠭᠲᠡᠶ ᠬᠦᠮᠦᠨ ᠠᠮᠠ 5.04 ᠲᠦᠮᠡ ᠪᠠᠶᠢᠨ᠎ᠠ᠃ ᠪᠥᠬᠦ ᠵᠢᠯ ᠳᠤ ᠰᠢᠨ᠎ᠡ ᠪᠠᠷ ᠲᠥᠷᠥᠭᠰᠡᠨ ᠬᠥᠮᠦᠨ ᠠᠮᠠ 0.04 ᠲᠦᠮᠡ ᠪᠠᠶᠢᠵᠤ᠂ ᠲᠦᠷᠦᠯᠲᠡ ᠶᠢᠨ ᠨᠣᠷᠮ᠎ᠠ ᠨᠢ 3.69‰ ᠳᠤ ᠬᠦᠷᠴᠠᠢ︔ ᠨᠠᠰᠤ ᠪᠠᠷᠠᠭᠰᠠᠨ ᠬᠦᠮᠦᠨ ᠠᠮᠠ 0.12 ᠲᠦᠮᠡ ᠪᠠᠶᠢᠵᠤ᠂ ᠦᠬᠦᠯᠲᠡ ᠶᠢᠨ ᠨᠣᠷᠮ᠎ᠠ  ᠨᠢ 11.08‰ ᠳᠤ ᠬᠦᠷᠴᠠᠢ︔ ᠬᠥᠮᠦᠨ ᠠᠮᠠ ᠶᠢᠨ ᠠᠶᠠᠨᠳᠠᠭᠠᠨ ᠤ ᠨᠡᠮᠡᠭᠳᠡᠯ ᠤᠨ ᠨᠣᠷᠮ᠎ᠠ ᠨᠢ - 7.39‰ ᠪᠣᠯᠵᠠᠢ᠃ 0 — 14 ᠨᠠᠰᠤᠨ ᠤ ᠬᠥᠮᠦᠨ0.92 ᠲᠦᠮᠡ ᠪᠠᠶᠢᠵᠤ᠂ 15 — 64 ᠨᠠᠰᠤᠨ ᠤ ᠬᠥᠮᠦᠨ 8.07 ᠲᠦᠮᠡ ᠪᠠᠶᠢᠵᠤ᠂ 65 ᠨᠠᠰᠤ ᠠᠴᠠ ᠳᠡᠭᠡᠭᠰᠢᠬᠢ  ᠬᠥᠮᠦᠨ 1.76 ᠲᠦᠮᠡ ᠪᠠᠶᠢᠨ᠎ᠠ᠃     ᠬᠤᠶᠠᠷ᠂ ᠲᠠᠷᠢᠶᠠᠯᠠᠩ ᠮᠠᠯ ᠠᠵᠤ ᠠᠬᠤᠶ      2023 ᠣᠨ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠣᠳᠣᠬᠢ ᠦᠨ᠎ᠡ ᠶᠢᠨ ᠶᠡᠷᠦᠩᠬᠡᠶ ᠦᠶᠯᠡᠳᠬᠦᠨ ᠤ ᠥᠷᠲᠡᠭ 50.49 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠢ ᠦᠨ᠎ᠡ ᠶᠢᠨ ᠨᠡᠮᠡᠭᠳᠡᠯ ᠨᠢ 7.2% ᠲᠤ ᠬᠦᠷᠴᠠᠢ᠃ ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ 157.53 ᠲᠦᠮᠡᠨ ᠮᠥ ᠪᠠᠶᠢᠵᠤ᠂ ᠳᠡᠭᠡᠷ᠎ᠡ ᠵᠢᠯ ᠤᠨ ᠬᠢ ᠠᠴᠠ 0.9% ᠪᠠᠷ ᠪᠠᠭᠤᠷᠠᠪᠠ᠃ ᠠᠮᠤ ᠪᠤᠳᠠᠭ᠎ᠠ ᠳᠠᠷᠢᠬᠤ ᠲᠠᠯᠠᠪᠠᠶ 100.48 ᠲᠦᠮᠡᠨ ᠮᠥ ᠪᠠᠶᠢᠵᠤ᠂ ᠳᠡᠭᠡᠷ᠎ᠡ ᠵᠢᠯ ᠤᠨ ᠬᠢ ᠠᠴᠠ 8.2% ᠢᠶᠠᠷ ᠨᠡᠮᠡᠭᠳᠡᠪᠡ᠃ ᠠᠵᠤ ᠠᠬᠤᠶ ᠶᠢᠨ ᠲᠠᠷᠢᠮᠠᠯ ᠤᠨ ᠲᠠᠯᠠᠪᠠᠶ 57.05 ᠲᠦᠮᠡᠨ ᠮᠥ ᠳᠤ ᠬᠦᠷᠴᠦ᠂ ᠳᠡᠭᠡᠷ᠎ᠡ ᠵᠢᠯ ᠤᠨ ᠬᠢ ᠠᠴᠠ 13.6% ᠪᠠᠷ ᠪᠠᠭᠤᠷᠠᠪᠠ᠃ ᠡᠭᠦᠨ ᠳᠤ᠂ ᠲᠣᠰᠣᠯᠢᠭ ᠲᠠᠷᠢᠮᠠᠯ ᠤᠨ ᠲᠠᠯᠠᠪᠠᠶ 46.2 ᠲᠦᠮᠡᠨ ᠮᠥ ᠪᠠᠶᠢᠵᠤ᠂ ᠳᠡᠭᠡᠷ᠎ᠡ ᠵᠢᠯ ᠤᠨ ᠬᠢ  ᠠᠴᠠ 8.71 ᠲᠦᠮᠡᠨ ᠮᠥ ᠳᠡᠭᠡᠭᠰᠢᠯᠡᠵᠦ᠂ 23.2% ᠢᠶᠠᠷ ᠨᠡᠮᠡᠭᠳᠡᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ 7.45 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ 14.3% ᠪᠠᠷ ᠨᠡᠮᠡᠭᠳᠡᠵᠡᠢ᠃ ᠲᠣᠰᠣᠯᠢᠭ ᠲᠠᠷᠢᠮᠠᠯ ᠤᠨ ᠶᠡᠷᠦᠩᠬᠡᠢ ᠭᠠᠷᠤᠯᠲᠠ 1.69 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ 34.7% ᠪᠠᠷ ᠨᠡᠮᠡᠭᠳᠡᠵᠡᠢ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠤᠨ ᠶᠡᠷᠦᠩᠬᠡᠶ ᠬᠥᠳᠡᠯᠭᠡᠬᠦ ᠬᠦᠴᠦᠨ 63.08 ᠲᠦᠮᠡᠨ ᠺᠢᠯᠣᠸᠠᠲ ᠲᠤ ᠬᠦᠷᠴᠠᠢ᠃     ᠭᠤᠷᠪᠠ᠂ ᠠᠵᠤ ᠦᠶᠯᠡᠳᠪᠦᠷᠢ᠂ ᠪᠠᠷᠢᠯᠭ᠎ᠠ ᠶᠢᠨ ᠦᠶᠯᠡᠰ        2023 ᠣᠨ ᠳᠤ᠂ ᠪᠥᠬᠦ ᠬᠤᠰᠢᠭᠤᠨ ᠤ ᠪᠥᠬᠦ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 16.3% ᠪᠠᠷ ᠨᠡᠮᠡᠭᠳᠡᠪᠡ᠃ ᠵᠢᠯ ᠤᠨ ᠡᠴᠦᠰ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 45 ᠪᠠᠶᠢᠵᠤ᠂ ᠳᠡᠭᠡᠷ᠎ᠡ ᠵᠢᠯ ᠤᠨ ᠬᠢ ᠠᠴᠠ 6 ᠡᠷᠦᠬᠡ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ  ᠳᠡᠭᠡᠷ᠎ᠡ ᠵᠢᠯ ᠤᠨ ᠬᠢ ᠠᠴᠠ 20% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠣᠲᠣᠷ᠎ᠠ᠂ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ 52.1% ᠪᠠᠷ ᠨᠡᠮᠡᠭᠳᠡᠪᠡ︔ ᠦᠶᠯᠡᠳᠬᠦ ᠦᠶᠯᠡᠰ ᠤᠨ ᠨᠡᠮᠡᠭᠳᠡᠯ ᠥᠷᠲᠡᠭ 1.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ 9.4% ᠪᠠᠷ ᠨᠡᠮᠡᠭᠳᠡᠪᠡ ᠃ ᠭᠤᠤᠯ ᠪᠣᠯᠬᠤ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠨᠡᠭᠦᠷᠡᠰᠦ  ᠨᠡᠭᠡᠭᠡᠨ ᠮᠠᠯᠲᠠᠬᠤ ᠪᠠ ᠤᠬᠢᠶᠠᠵᠤ ᠰᠣᠩᠭᠤᠬᠤ ᠦᠶᠯᠡᠰ 77.8% ᠪᠠᠷ ᠨᠡᠮᠡᠭᠳᠡᠪᠡ︔ ᠥᠩᠭᠡᠲᠦ ᠲᠡᠮᠦᠷᠯᠢᠭ ᠤᠨ ᠬᠦᠳᠡᠷ ᠰᠢᠯᠢᠬᠦ ᠦᠢᠯᠡᠰ 72.6% ᠪᠠᠷ ᠨᠡᠮᠡᠭᠳᠡᠪᠡ︔ ᠬᠠᠷ᠎ᠠ ᠲᠡᠮᠦᠷᠯᠢᠭ ᠢ ᠬᠠᠶᠢᠯᠠᠭᠤᠯᠤᠨ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠬᠤ ᠠᠵᠤ ᠦᠢᠯᠡᠳᠪᠦᠷᠢ23.3% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.4% ᠪᠠᠷ ᠨᠡᠮᠡᠭᠳᠡᠪᠡ᠃ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 216.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 20.2% ᠢᠶᠠᠷ ᠨᠡᠮᠡᠭᠳᠡᠪᠡ︔ 24.8 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ 5.1% ᠪᠠᠷ ᠨᠡᠮᠡᠭᠳᠡᠪᠡ᠃ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 99.3% ᠳᠤ ᠬᠦᠷᠴᠦ᠂ 1.3 ᠵᠠᠭᠤᠨ ᠤ ᠬᠤᠪᠢ ᠪᠠᠷ ᠨᠡᠮᠡᠭᠳᠡᠪᠡ᠃ ᠭᠤᠣᠯ ᠪᠣᠯᠬᠤ ᠦᠢᠯᠡᠳᠬᠦᠨ ᠤ ᠭᠠᠷᠤᠯᠲᠠ᠂ ᠴᠡᠪᠡᠷ ᠨᠡᠭᠦᠷᠡᠰᠦ 815.02 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 70.5 % ᠪᠠᠷ ᠨᠡᠮᠡᠭᠳᠡᠪᠡ︔ ᠬᠡᠦᠷᠡᠰᠦ 103.22 ᠲᠦᠮᠡᠨ ᠲᠣᠨ  ᠳᠤ ᠬᠦᠷᠴᠦ᠂ ᠳᠡᠭᠡᠷ᠎ᠡ ᠵᠢᠯ ᠤᠨ ᠬᠢ ᠠᠴᠠ 7.9% ᠪᠠᠷ ᠨᠡᠮᠡᠭᠳᠡᠪᠡ︔ ᠰᠢᠵᠢᠷ ᠠᠯᠲᠠ 4215 ᠮᠢᠩᠭᠠᠨ ᠭᠷᠠᠮ᠂ ᠳᠡᠭᠡᠷ᠎ᠡ ᠵᠢᠯ ᠤᠨ ᠬᠢ ᠠᠴᠠ 11.3% ᠪᠠᠷ ᠪᠠᠭᠤᠷᠠᠵᠠᠢ︔ ᠴᠠᠬᠢᠯᠭᠠᠨ ᠭᠠᠷᠭᠠᠭᠰᠠᠨ ᠬᠡᠮᠵᠢᠶ᠎ᠡ 104.29 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 17.5% ᠪᠠᠷ ᠨᠡᠮᠡᠭᠳᠡᠪᠡ᠃ ᠪᠥᠬᠦ ᠵᠢᠯ ᠤᠨ ᠪᠠᠷᠢᠯᠭ᠎ᠠ ᠶᠢᠨ ᠦᠶᠯᠡᠰ ᠤᠨ ᠨᠡᠮᠡᠭᠳᠡᠯ ᠥᠷᠲᠡᠭ 3.45 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ44.7% ᠪᠠᠷ ᠨᠡᠮᠡᠭᠳᠡᠪᠡ᠃ ᠪᠥᠬᠦ ᠬᠤᠰᠢᠭᠤᠨ ᠤ ᠬᠢᠷᠢ ᠬᠡᠮ᠂ ᠵᠡᠷᠭᠡ ᠳᠡᠰ ᠲᠠᠢ ᠶᠡᠷᠦᠩᠬᠡᠶ ᠳᠠᠭᠠᠭᠠᠴᠢᠯᠠᠯᠲᠠ ᠪᠤᠶᠤ ᠲᠤᠰᠬᠠᠶ ᠳᠠᠭᠠᠭᠠᠴᠢᠯᠠᠭᠰᠠᠨ ᠪᠠᠷᠢᠯᠭ᠎ᠠ ᠶᠢᠨ ᠠᠵᠤ ᠠᠬᠤᠶᠢᠯᠠᠯ 4 ᠪᠣᠶ᠃      ᠳᠥᠷᠪᠡ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ    2023 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 24.5% ᠪᠠᠷ ᠨᠡᠮᠡᠭᠳᠡᠪᠡ᠃ ᠬᠦᠮᠦᠷᠭᠡᠯᠡᠭᠰᠡᠨ ᠲᠥᠷᠥᠯ ᠵᠦᠶᠯ ᠨᠡᠶᠢᠲᠡ 150 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 77 ᠨᠡᠮᠡᠭᠳᠡᠵᠡᠶ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ 66 ᠪᠠᠶᠢᠵᠤ᠂ 500 — 5000 ᠲᠦᠮᠡᠨ ᠲᠥᠭᠦᠷᠢᠭ ᠤᠨ ᠲᠥᠷᠥᠯ ᠵᠦᠶᠯ 84 ᠪᠠᠶᠢᠨ᠎ᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 118.1% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 30.3 % ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 84.2% ᠢᠶᠠᠷ ᠨᠡᠮᠡᠭᠳᠡᠵᠡᠢ᠃ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 30.3 % ᠪᠠᠷ ᠪᠠᠭᠤᠷᠠᠵᠤ᠂ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 18.2% ᠢᠶᠠᠷ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 20.8% ᠪᠠᠷ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 4% ᠪᠠᠷ ᠨᠡᠮᠡᠭᠳᠡᠵᠡᠢ᠃ ᠲᠥᠷᠥᠯ ᠵᠦᠶᠯ ᠤᠨ ᠬᠠᠷᠢᠶᠠᠯᠠᠭᠳᠠᠬᠤ ᠬᠠᠷᠢᠴᠠᠭ᠎ᠠ ᠠᠴᠠ ᠦᠵᠡᠪᠡᠯ᠂ ᠲᠥᠪ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ 64.9% ᠪᠠᠷ ᠪᠠᠭᠤᠷᠠᠪᠠ︔ ᠣᠷᠣᠨ ᠨᠤᠲᠤᠭ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ 41.2% ᠢᠶᠠᠷ ᠨᠡᠮᠡᠭᠳᠡᠵᠡᠢ᠃ 2023 ᠣᠨ ᠳᠤ᠂ ᠪᠥᠬᠦ ᠬᠤᠰᠢᠭᠤᠨ ᠤ ᠬᠡᠷ  ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 1317 ᠲᠦᠮᠡᠨ ᠲᠥᠭᠦᠷᠢᠭ ᠪᠠᠶᠢᠵᠤ᠂ ᠪᠦᠬᠦᠨ ᠢᠶᠠᠷ ᠢᠶᠠᠨ ᠣᠷᠣᠨ ᠰᠠᠭᠤᠴᠠ ᠶᠢᠨ ᠪᠠᠯᠠ ᠣᠷᠣᠭᠤᠯᠤᠯᠲᠠ ᠪᠣᠯᠤᠨ᠎ᠠ᠃      ᠲᠠᠪᠤ᠂ ᠵᠢᠭᠤᠯᠴᠢᠯᠠᠯ ᠤᠨ ᠦᠶᠯᠡᠰ       2023 ᠣᠨ ᠳᠤ᠂ ᠪᠥᠬᠦ ᠬᠤᠰᠢᠭᠤᠨ ᠳᠤ A ᠲᠠᠰ ᠤᠨ ᠦᠵᠡᠮᠵᠢ ᠶᠢᠨ ᠣᠷᠣᠨ 6᠂ ᠣᠳᠣᠨ ᠲᠠᠰ ᠤᠨ ᠵᠤᠴᠢᠯᠠᠯᠲᠠ ᠶᠢᠨ ᠡᠷᠦᠬᠡ 10 ᠪᠣᠶ᠃ ᠪᠦᠬᠦ ᠬᠤᠰᠢᠭᠤ ᠪᠠᠷ ᠢᠶᠠᠨ ᠵᠢᠭᠤᠯᠴᠢᠯᠠᠭᠰᠠᠳ ᠢ 93.1 ᠲᠦᠮᠡᠨ ᠬᠥᠮᠦᠨ ᠤᠳᠠᠭ᠎ᠠ ᠬᠦᠯᠢᠶᠡᠨ ᠠᠪᠴᠤ ᠵᠤᠴᠢᠯᠠᠨ᠂ ᠳᠡᠭᠡᠷ᠎ᠡ ᠵᠢᠯ ᠤᠨ ᠬᠢ ᠠᠴᠠ 103% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 6.95 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 91.46% ᠪᠠᠷ ᠨᠡᠮᠡᠭᠳᠡᠪᠡ᠃                     ᠵᠢᠷᠭᠤᠭ᠎ᠠ᠂ ᠤᠯᠤᠰ ᠤᠨ ᠳᠣᠲᠣᠭᠠᠳᠤ ᠶᠢᠨ ᠠᠷᠠᠯᠵᠢᠶ᠎ᠠ ᠬᠤᠳᠠᠯᠳᠤᠭ᠎ᠠ      2023 ᠣᠨ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠬᠡᠮᠵᠢᠶ᠎ᠡ 14.61 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.2% ᠢᠶᠠᠷ ᠨᠡᠮᠡᠭᠳᠡᠪᠡ᠃ ᠡᠵᠡᠩᠨᠡᠯᠲᠡ ᠶᠢᠨ ᠭᠠᠵᠠᠷ ᠤᠨ ᠪᠦᠷᠢᠳᠬᠡᠯ ᠢᠶᠠᠷ ᠦᠵᠡᠪᠡᠯ᠂ ᠬᠤᠳᠠ ᠪᠠᠯᠭᠠᠰᠤᠨ ᠤ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 11.84 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ  ᠠᠴᠠ 6.9% ᠪᠠᠷ ᠨᠡᠮᠡᠭᠳᠡᠵᠦ᠂ ᠪᠦᠬᠦ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠪᠦᠬᠦ ᠲᠣᠭᠠᠨ ᠤ 81% ᠶᠢ ᠡᠵᠡᠯᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 2.77 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ  ᠠᠴᠠ 3.5% ᠪᠠᠷ ᠨᠡᠮᠡᠭᠳᠡᠵᠦ᠂ ᠪᠦᠬᠦ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ 19% ᠶᠢ ᠡᠵᠡᠯᠡᠪᠡ᠃ ᠬᠡᠷᠡᠭᠯᠡᠭᠡᠨ ᠤ ᠲᠦᠷᠦᠯ ᠵᠦᠢᠯ ᠢᠶᠠᠷ ᠪᠦᠷᠢᠳᠬᠡᠪᠡᠯ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 11.68 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.6% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ 2.93 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 24% ᠪᠠᠷ ᠨᠡᠮᠡᠭᠳᠡᠵᠡᠢ᠃     ᠳᠣᠯᠤᠭ᠎ᠠ᠂ ᠡᠳ᠋ ᠤᠨ ᠵᠠᠰᠠᠭ᠂ ᠮᠥᠩᠭᠦᠨ ᠭᠦᠶᠯᠭᠡᠭᠡᠨ ᠤ ᠦᠶᠯᠡᠰ      ᠪᠥᠬᠦ ᠵᠢᠯ ᠳᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ  ᠬᠢ ᠠᠴᠠ 28.9% ᠪᠠᠷ ᠨᠡᠮᠡᠭᠳᠡᠪᠡ᠃ ᠡᠭᠦᠨ ᠤ ᠳᠣᠲᠣᠷ᠎ᠠ ᠭᠠᠶᠢᠯᠢ ᠶᠢᠨ ᠣᠷᠣᠯᠭ᠎ᠠ 9.76 ᠳ᠋ᠦᠩᠰᠢᠭᠤᠷ ᠲᠥᠭᠦᠷᠢᠭ ᠲᠤ ᠬᠦᠷᠴᠦ ᠂ ᠳᠡᠭᠡᠷ᠎ᠡ ᠵᠢᠯ ᠤᠨ ᠬᠢ  ᠠᠴᠠ 30.5% ᠪᠠᠷ ᠨᠡᠮᠡᠭᠳᠡᠵᠡᠢ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ 40 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 19.2% ᠢᠶᠠᠷ ᠨᠡᠮᠡᠭᠳᠡᠪᠡ᠃ ᠡᠭᠦᠨ ᠤ ᠳᠣᠲᠣᠷ᠎ᠠ᠄ ᠤᠯᠠᠨ ᠨᠡᠶᠢᠲᠡ ᠶᠢᠨ ᠡᠩ ᠤᠨ ᠦᠢᠯᠡᠴᠢᠯᠡᠭᠡᠨ ᠤ ᠵᠠᠷᠤᠯᠭ᠎ᠠ᠂ ᠤᠯᠠᠨ ᠨᠡᠶᠢᠲᠡ  ᠶᠢᠨ ᠠᠮᠤᠷ ᠲᠦᠪᠰᠢᠨ ᠤ ᠵᠠᠷᠤᠯᠭ᠎ᠠ᠂ ᠰᠤᠷᠭᠠᠨ ᠬᠥᠮᠦᠵᠢᠯ ᠤᠨ ᠵᠠᠷᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ ᠵᠢᠴᠢ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠤᠨ ᠵᠠᠷᠤᠯᠭ᠎ᠠ ᠵᠡᠷᠭᠡ ᠨᠠᠢᠮᠠᠨ ᠵᠦᠢᠯ ᠤᠨ ᠵᠠᠷᠤᠯᠭ᠎ᠠ ᠵᠠᠷᠤᠳᠠᠯ ᠨᠡᠶᠢᠳᠡ 22.7 ᠳ᠋ᠦᠩᠰᠢᠭᠤᠷ ᠲᠥᠭᠦᠷᠢᠭ  ᠲᠤ ᠬᠦᠷᠴᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 57% ᠶᠢ ᠡᠵᠡᠯᠡᠪᠡ᠃ ᠵᠢᠯ ᠤᠨ ᠡᠴᠦᠰ ᠲᠤ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠵᠦᠶᠯ ᠤᠨ ᠬᠠᠳᠠᠭᠠᠯᠠᠮᠵᠢ ᠶᠢᠨ ᠦᠯᠡᠳᠡᠪᠦᠷᠢ 127.49 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 22.5% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ 88.38 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.4% ᠪᠠᠷ ᠨᠡᠮᠡᠭᠳᠡᠪᠡ᠃ ᠵᠢᠯ ᠤᠨ ᠡᠴᠦᠰ ᠲᠤ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠲᠥᠷᠥᠯ ᠤᠨ ᠵᠢᠭᠡᠯᠡᠯᠭᠡ 78.93 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 17.4% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ 38.49 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 15.6% ᠪᠠᠷ ᠨᠡᠮᠡᠭᠳᠡᠵᠦ᠂ ᠮᠥᠩᠭᠦᠨ ᠭᠦᠶᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠭ᠎ᠠ ᠪᠦᠯᠬᠦᠮ ᠤᠨ ᠵᠢᠭᠡᠯᠡᠯᠭᠡ 40.44 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 19.2% ᠢᠶᠠᠷ ᠨᠡᠮᠡᠭᠳᠡᠪᠡ᠃       ᠨᠠᠶᠮᠠ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ        ᠵᠢᠯ ᠤᠨ ᠡᠴᠦᠰ ᠪᠣᠯᠲᠠᠯ᠎ᠠ  ᠪᠥᠬᠦ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1᠂ ᠶᠢᠰᠦᠨ ᠵᠢᠯ ᠤᠨ ᠳᠦᠷᠢᠮᠲᠦ ᠰᠤᠷᠭᠠᠭᠤᠯᠢ 2᠂ ᠪᠦᠷᠢᠨ ᠳᠤᠮᠳᠠᠳᠤ ᠰᠤᠷᠭᠠᠭᠤᠯᠢ 1᠂ ᠠᠷᠪᠠᠨ ᠬᠤᠶᠠᠷ ᠵᠢᠯ ᠤᠨ ᠳᠦᠷᠢᠮᠲᠦ ᠰᠤᠷᠭᠠᠭᠤᠯᠢ 1᠂ ᠪᠠᠭ᠎ᠠ ᠰᠤᠷᠭᠠᠭᠤᠯᠢ 3᠂ ᠬᠡᠦᠬᠡᠳ ᠤᠨ ᠴᠡᠴᠡᠷᠯᠢᠭ 6 ᠪᠣᠶ᠃ ᠰᠤᠷᠭᠠᠭᠤᠯᠢ ᠳᠤ ᠪᠠᠶᠢᠭ᠎ᠠ ᠰᠤᠷᠤᠭᠴᠢ 8664 ᠬᠥᠮᠦᠨ ᠪᠠᠶᠢᠵᠤ᠂ ᠡᠭᠦᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠥᠷᠲᠡᠵᠦ ᠪᠠᠶᠢᠭ᠎ᠠ ᠬᠡᠤᠬᠡᠳ 2068 ᠬᠥᠮᠦᠨ᠂ ᠪᠠᠭ᠎ᠠ ᠰᠤᠷᠭᠠᠭᠤᠯᠢ ᠶᠢᠨ ᠰᠤᠷᠤᠭᠴᠢ 4124 ᠬᠥᠮᠦᠨ᠂ ᠳᠤᠮᠳᠠᠳᠤ ᠰᠤᠷᠭᠠᠭᠤᠯᠢ ᠶᠢᠨ ᠰᠤᠷᠤᠭᠴᠢ 2472 ᠬᠥᠮᠦᠨ ᠪᠤᠶ᠃ ᠪᠠᠭᠰᠢ ᠠᠵᠢᠯᠲᠠᠳ 1329 ᠬᠦᠮᠦᠨ ᠪᠠᠶᠢᠵᠤ᠂ ᠡᠭᠦᠨ ᠤ ᠳᠣᠲᠣᠷ᠎ᠠ ᠲᠤᠰᠬᠠᠢ ᠮᠡᠷᠭᠡᠵᠢᠯ  ᠤᠨ ᠪᠠᠭᠰᠢ 961 ᠬᠥᠮᠦᠨ ᠪᠤᠢ᠃ ᠶᠢᠰᠦᠨ ᠵᠢᠯ ᠤᠨ ᠠᠯᠪᠠᠨ ᠵᠢᠷᠤᠮ  ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 100% ᠳᠤ ᠬᠦᠷᠪᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠡᠶᠢᠲᠡ 7᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ 1 ᠶᠢ ᠮᠠᠭᠠᠳᠯᠠᠨ ᠲᠣᠭᠲᠠᠭᠠᠪᠠ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠬᠡᠯᠪᠡᠷᠢ  ᠶᠢᠨ 6 ᠳᠤᠮᠳᠠ ᠪᠠᠭ᠎ᠠ ᠠᠵᠤ ᠠᠬᠤᠶᠢᠯᠠᠯ ᠢ ᠠᠰᠢᠭᠯᠠᠯᠲᠠ ᠳᠤ ᠣᠷᠣᠭᠤᠯᠪᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠣᠯᠠᠨ ᠢᠶᠠᠷ ᠢᠶᠠᠨ ᠡᠭᠦᠳᠬᠦ ᠣᠷᠣᠨ ᠵᠠᠶ᠂ ᠣᠳᠣᠨ ᠳᠡᠰ ᠤᠨ ᠭᠠᠵᠠᠷ ᠢ 6 ᠡᠷᠦᠬᠡ ᠡᠭᠦᠳᠦᠨ ᠪᠠᠶᠢᠭᠤᠯᠪᠠ︔ ᠬᠤᠲᠠ ᠶᠢᠨ ᠲᠠᠰ ᠤᠨ ᠳ᠋ᠣᠺᠲ᠋ᠣᠷ  ᠤᠨ ᠰᠤᠳᠤᠯᠭᠠᠨ ᠤ ᠠᠵᠢᠯ ᠤᠨ ᠥᠷᠲᠡᠭᠡ 5᠂ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ᠂ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 9 ᠪᠠᠶᠢᠨ᠎ᠠ︔ ᠰᠢᠨ᠎ᠡ ᠪᠠᠷ ᠰᠣᠩᠭᠤᠨ ᠤᠷᠢᠭᠰᠠᠨ ᠭᠤᠷᠪᠠᠨ ᠣᠷᠣᠨ ᠤ ᠲᠤᠰᠬᠠᠶ ᠮᠡᠷᠭᠡᠵᠢᠯᠲᠡᠨ 12᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ 24᠂ ᠰᠢᠨᠵᠢᠯᠡᠬᠦ ᠤᠬᠠᠭᠠᠨ ᠮᠡᠷᠭᠡᠵᠢᠯ ᠤᠨ ᠨᠠᠷᠢᠯᠢᠭ ᠣᠨᠣᠴᠠᠲᠠᠶ ᠦᠶᠯᠡᠴᠢᠯᠡᠬᠦ ᠲᠤᠰᠬᠠᠶ ᠮᠡᠷᠭᠡᠵᠢᠯᠲᠡᠨ 15 ᠪᠣᠶ︔ ᠵᠢᠱᠢᠶ᠎ᠡ ᠦᠵᠡᠭᠦᠯᠬᠦ ᠠᠯᠤᠰ ᠡᠵᠡᠮᠰᠢᠯᠲᠦ ᠲᠠᠷᠢᠶᠠᠨ ᠭᠠᠵᠠᠷ ᠤᠨ ᠣᠶᠤᠨᠴᠢ ᠤᠰᠤᠯᠠᠯᠲᠠ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠨᠠᠷᠢᠯᠢᠭ ᠳᠠᠷᠢᠬᠤ᠂ ᠨᠤᠲᠤᠭ ᠪᠡᠯᠴᠢᠭᠡᠷ ᠤᠨ ᠴᠦᠯᠯᠡᠷᠬᠡᠭᠵᠢᠯ ᠢ ᠵᠠᠰᠠᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ 40 ᠭᠠᠷᠤᠶ ᠲᠡᠷᠢᠭᠦᠨ ᠤ ᠮᠡᠷᠭᠡᠵᠢᠯ ᠢ ᠭᠤᠤᠯᠳᠠᠯᠭ᠎ᠠ ᠲᠠᠢ ᠳᠡᠯᠭᠡᠷᠡᠭᠦᠯᠪᠡ᠃       ᠶᠢᠰᠦ᠂ ᠡᠷᠡᠭᠦᠯ ᠬᠠᠮᠠᠭᠠᠯᠠᠯ᠂ ᠰᠣᠶᠣᠯ ᠪᠠ ᠪᠡᠶ᠎ᠡ ᠶᠢᠨ ᠲᠠᠮᠢᠷ        ᠵᠢᠯ ᠤᠨ ᠡᠴᠦᠰ ᠪᠣᠯᠲᠠᠯ᠎ᠠ ᠪᠥᠬᠦ ᠬᠤᠰᠢᠭᠤᠨ ᠳᠤ 134 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠪᠠᠶᠢᠵᠤ᠂ ᠡᠭᠦᠨ ᠤ ᠲᠣᠳᠤᠷ᠎ᠠ᠄ ᠡᠮᠨᠡᠯᠭᠡ ᠶᠢᠨ ᠬᠤᠷᠢᠶ᠎ᠠ 2᠂ ᠡᠷᠡᠭᠦᠯ ᠬᠠᠮᠠᠭᠠᠯᠠᠯ ᠤᠨ ᠬᠤᠷᠢᠶ᠎ᠠ 14᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ︵  ᠥᠷᠲᠡᠭᠡ︶ 6᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 64᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠰᠤᠭ 43᠂ ᠡᠭᠦᠳᠡᠨ ᠡᠮᠨᠡᠯᠭᠡ ᠶᠢᠨ ᠬᠡᠯᠲᠡᠰ 2᠂ ᠲᠤᠰᠬᠠᠶᠢᠵᠢᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ 3 ᠪᠣᠶ ᠃ ᠡᠪᠡᠳᠴᠢᠲᠡᠨ ᠤ ᠣᠷᠣ ᠶᠢᠨ ᠲᠤᠭ᠎ᠠ 530᠂ ᠮᠢᠩᠭᠠᠨ ᠬᠥᠮᠦᠨ ᠪᠦᠷᠢ  ᠳᠤ 4.9 ᠡᠪᠡᠳᠴᠢᠲᠡᠨ ᠤ ᠣᠷᠣ ᠨᠣᠭᠳᠠᠨ᠎ᠠ᠃ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 1022 ᠬᠥᠮᠦᠨ ᠪᠠᠶᠢᠵᠤ᠂ ᠡᠭᠦᠨ ᠳᠤ᠄ ᠠᠵᠢᠯ ᠡᠷᠭᠢᠯᠡᠬᠦ︵ᠲᠤᠰᠠᠯᠠᠬᠤ︶ ᠡᠮᠴᠢ 421 ᠬᠥᠮᠦᠨ᠂ ᠡᠮ ᠨᠠᠶᠢᠷᠠᠭᠴᠢ 44 ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 348 ᠬᠥᠮᠦᠨ ᠪᠣᠶ᠃       ᠮᠠᠨ ᠤ ᠬᠤᠰᠢᠭᠤᠨ ᠳᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ 1᠂ ᠥᠪᠡᠷᠲᠡᠭᠡᠨ ᠵᠠᠰᠠᠬᠤ ᠣᠷᠣᠨ ᠤ ᠲᠠᠰ  ᠤᠨ ᠲᠥᠷᠥᠯ 12 ᠵᠦᠶᠯ᠂ ᠬᠤᠲᠠ ᠶᠢᠨ ᠲᠠᠰ ᠤᠨ ᠲᠥᠷᠥᠯ  ᠵᠦᠶᠯ 12᠂ ᠬᠤᠰᠢᠭᠤᠨ ᠤ ᠲᠠᠰ ᠤᠨ ᠲᠦᠷᠦᠯ ᠵᠦᠶᠯ 170 ᠪᠣᠶ᠃ ᠣᠷᠣᠨ ᠤ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 15 ᠬᠥᠮᠦᠨ᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 83 ᠬᠥᠮᠦᠨ᠂ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 311 ᠬᠥᠮᠦᠨ ᠪᠠᠶᠢᠨ᠎ᠠ᠃ ᠪᠦᠬᠦ ᠬᠤᠰᠢᠭᠤᠨ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ 872 ᠬᠥᠮᠦᠨ ᠪᠠᠶᠢᠨ᠎ᠠ᠃ ᠡᠭᠦᠨ ᠳᠤ᠂ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ 6 ᠬᠦᠮᠦᠨ᠂ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ 36 ᠬᠦᠮᠦᠨ᠂ ᠬᠤᠶᠠᠳᠤᠭᠠᠷ ᠳᠡᠰ ᠤᠨ ᠨᠡᠶᠢᠭᠡᠮ  ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ 59 ᠬᠦᠮᠦᠨ᠂ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ 613 ᠬᠦᠮᠦᠨ ᠪᠣᠶ᠃ ᠪᠡᠶ᠎ᠡ ᠶᠢᠨ ᠲᠠᠮᠢᠷ ᠤᠨ ᠣᠷᠳᠣᠨ ᠨᠡᠶᠢᠲᠡ 842 ᠪᠠᠶᠢᠵᠤ᠂ ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠤ ᠭᠠᠵᠠᠷ  99 ᠪᠠᠶᠢᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠳᠠᠭ ᠬᠥᠮᠦᠨ ᠤ ᠲᠤᠭ᠎ᠠ 4.8 ᠲᠦᠮᠡ ᠶᠢ ᠳᠠᠪᠠᠵᠤ᠂ ᠪᠥᠬᠦ ᠬᠤᠰᠢᠭᠤᠨ ᠤ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠬᠦ ᠲᠠᠯᠠᠪᠤᠷ 7.02 ᠲᠡᠭᠰᠢ ᠳᠥᠷᠪᠡᠯᠵᠢᠨ ᠮᠧᠲᠷ ᠲᠤ ᠬᠦᠷᠴᠡᠶ᠃ ᠣᠯᠠᠨ ᠨᠡᠶᠢᠲᠡ ᠶᠢᠨ ᠨᠣᠮ ᠤᠨ ᠰᠠᠩ  ᠤᠨ ᠨᠣᠮ ᠬᠠᠳᠠᠭᠠᠯᠠᠭᠰᠠᠨ ᠬᠡᠮᠵᠢᠶ᠎ᠡ 5.01 ᠲᠦᠮᠡᠨ ᠳᠡᠪᠲᠡᠷ ᠲᠤ ᠬᠦᠷᠴᠠᠢ᠃     ᠠᠷᠪᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ      ᠪᠦᠬᠦ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31304 ᠲᠥᠭᠦᠷᠢᠭ ᠲᠤ ᠬᠦᠷᠴᠦ᠂ ᠳᠡᠭᠡᠷ᠎ᠡ ᠵᠢᠯ  ᠤᠨ ᠬᠢ ᠠᠴᠠ 6.5% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41551 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.2% ᠢᠶᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25598 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 8.4% ᠪᠠᠷ ᠨᠡᠮᠡᠭᠳᠡᠪᠡ᠃ ᠪᠦᠬᠦ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 21488 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 19.2% ᠢᠶᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 26952 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 28.8% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ  ᠶᠢᠨ ᠬᠡᠷᠡᠭᠯᠡᠭᠡᠨ ᠤ ᠵᠠᠷᠤᠯᠭ᠎ᠠ 18381 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 17.5% ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ 28.99%᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ 24%᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ 27.5% ᠪᠣᠯᠤᠨ᠎ᠠ᠃      ᠵᠢᠯ ᠤᠨ ᠡᠴᠦᠰ ᠪᠣᠯᠲᠠᠯ᠎ᠠ ᠪᠥᠬᠦ ᠬᠤᠰᠢᠭᠤᠨ ᠤ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠭᠰᠡᠳ 882 ᠬᠥᠮᠦᠨ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠭᠰᠡᠳ 5188 ᠬᠥᠮᠦᠨ ᠪᠣᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 4 ᠪᠠᠶᠢᠵᠤ᠂ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠲᠤᠭ᠎ᠠ 630 ᠪᠣᠢ᠃ ᠡᠭᠦᠨ ᠳᠤ ᠠᠷᠠᠳ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 3 ᠪᠠᠶᠢᠵᠤ᠂ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠲᠤᠭ᠎ᠠ 430 ᠪᠠᠶᠢᠨ᠎ᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 18348 ᠬᠥᠮᠦᠨ ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 95784 ᠬᠥᠮᠦᠨ ᠳᠤ ᠬᠦᠷᠴᠡᠶ᠃ ᠪᠥᠬᠦ ᠬᠤᠰᠢᠭᠤᠨ ᠤ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 99747 ᠬᠥᠮᠦᠨ ᠪᠠᠶᠢᠵᠤ᠂ ᠡᠭᠦᠨ ᠳᠤ ᠠᠵᠤ ᠠᠬᠤᠶᠢᠯᠠᠯ ᠤᠨ ᠪᠠᠶᠢᠭᠤᠯᠭ᠎ᠠ  ᠶᠢᠨ ᠠᠵᠢᠯᠲᠠᠨ ᠤ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 45858 ᠬᠥᠮᠦᠨ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 53889 ᠬᠥᠮᠦᠨ ᠳᠤ ᠬᠦᠷᠴᠡᠶ᠃ ᠪᠥᠬᠦ ᠵᠢᠯ ᠳᠤ ᠰᠢᠨ᠎ᠡ ᠪᠠᠷ ᠠᠵᠢᠯ ᠣᠯᠤᠭᠰᠠᠳ ᠢ 633 ᠬᠦᠮᠦᠨ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.97% ᠶᠢᠨ ᠳᠣᠲᠣᠷ᠎ᠠ ᠬᠢᠵᠠᠭᠠᠷᠯᠠᠵᠤ᠂ 12027 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 6400 ᠪᠣᠯᠪᠠ᠃      ᠠᠷᠪᠠᠨ ᠨᠢᠭᠡ᠂ ᠡᠬᠢ ᠪᠠᠶᠠᠯᠢᠭ᠂ ᠣᠷᠴᠢᠨ ᠲᠣᠭᠤᠷᠢᠨ       ᠠᠩᠬ᠎ᠠ ᠠᠯᠬᠤᠮ ᠤᠨ ᠪᠦᠷᠢᠳᠬᠡᠯ ᠢᠶᠠᠷ᠂ ᠪᠦᠬᠦ ᠵᠢᠯ ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 3.798 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠠᠢ᠃ ᠪᠥᠬᠦ ᠵᠢᠯ ᠳᠤ ᠣᠶᠢᠵᠢᠭᠤᠯᠤᠯᠲᠠ ᠶᠢᠨ ᠲᠠᠯᠠᠪᠠᠶ ᠶᠢ 4.35 ᠲᠦᠮᠡᠨ ᠮᠥ ᠪᠡᠶᠡᠯᠡᠭᠦᠯᠪᠡ᠃ ᠡᠭᠦᠨ ᠳᠤ᠂ 0.08 ᠲᠦᠮᠡᠨ ᠮᠥ ᠶᠢ ᠬᠥᠮᠦᠨ  ᠤ ᠬᠦᠴᠦ ᠪᠠᠷ ᠣᠶᠢᠵᠢᠭᠤᠯᠵᠤ᠂ 3.77 ᠲᠦᠮᠡᠨ ᠮᠥ ᠮᠠᠭᠤᠳᠠᠭᠰᠠᠨ ᠣᠶ ᠮᠣᠳᠤ ᠶᠢ ᠵᠠᠰᠠᠨ ᠰᠡᠷᠭᠦᠭᠡᠵᠦ᠂ 0.5 ᠲᠦᠮᠡᠨ ᠮᠥ ᠣᠶ ᠰᠢᠭᠤᠶ ᠶᠢ ᠠᠷᠠᠴᠢᠯᠠᠨ ᠪᠣᠶᠢᠵᠢᠭᠤᠯᠪᠠ᠃ ᠵᠢᠯ ᠤᠨ ᠡᠴᠦᠰ ᠪᠣᠯᠲᠠᠯ᠎ᠠ ᠪᠥᠬᠦ ᠬᠤᠰᠢᠭᠤᠨ ᠤ ᠣᠶ ᠰᠢᠭᠤᠶ ᠶᠢᠨ ᠲᠠᠯᠠᠪᠠᠶ 315866.7 ᠾᠧᠺᠲ᠋ᠠᠷ ᠪᠠᠶᠢᠵᠤ᠂ ᠣᠶ ᠰᠢᠭᠤᠶ ᠶᠢᠨ ᠪᠦᠷᠬᠦᠴᠡ  ᠨᠢ 12.6% ᠪᠣᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠨᠢ 40634.2 ᠾᠧᠺᠲ᠋ᠠᠷ ᠪᠣᠯᠤᠨ᠎ᠠ᠃ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 22% ᠲᠤ ᠬᠦᠷᠴᠠᠢ᠃ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠭᠰᠡᠨ ᠨᠣᠷᠮ᠎ᠠ 100% ᠳᠤ ᠬᠦᠷᠴᠦ᠂ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠴᠢᠨᠠᠷᠯᠢᠭ ᠡᠳᠦᠷ ᠤᠨ ᠲᠤᠭ᠎ᠠ 312 ᠡᠳᠦᠷ ᠲᠤ ᠬᠦᠷᠴᠦ᠂ ᠠᠭᠠᠷ ᠤᠨ ᠰᠢᠯᠢᠳᠡᠭᠵᠢᠭᠰᠡᠨ ᠨᠣᠷᠮ᠎ᠠ 95.1% ᠳᠤ ᠬᠥᠷᠪᠡ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ