ᠤᠷᠠᠳ ᠤᠨ ᠲᠤᠮᠳᠠᠳᠤ ᠬᠤᠰᠢᠭᠤᠨ ᠤ ᠨᠡᠷᠡᠳᠤ ᠬᠦᠮᠦᠰ ᠤᠨ ᠨᠠᠮᠳᠠᠷ — ᠵᠢᠢ ᠶᠦᠸᠧ ᠱᠸᠦ
ᠨᠡᠶᠢᠲᠡᠯᠡᠭᠰᠡᠨ ᠴᠠᠭ᠄
2024/5/14
    ᠵᠢᠢ ᠶᠤᠸᠠᠢ ᠱᠸᠦ ︵1901—1984︶          ᠡᠷᠡᠭᠳᠡᠢ᠂ ᠬᠢᠳᠠᠳ ᠦᠨᠳᠤᠰᠤᠳᠡᠨ᠂ ᠤᠷᠠᠳ ᠤᠨ ᠲᠤᠮᠳᠠᠳᠤ ᠬᠤᠰᠢᠭᠤᠨ ᠤ ᠦᠵᠤᠭᠦᠷ ᠭᠤᠤᠯ ᠪᠠᠯᠭᠠᠰᠤᠨ ᠤ ᠬᠤᠩ ᠸᠧᠢ ᠲᠤᠰᠬᠤᠨ ᠤ ᠬᠤᠶᠠᠳᠤᠭᠠᠷ ᠬᠤᠷᠰᠢᠶ᠎ᠡ ᠶᠢᠨ ᠲᠠᠷᠢᠶᠠᠴᠢᠨ᠂ ᠤᠭ ᠨᠤᠳᠤᠭ ᠨᠢ ᠦᠪᠤᠷ ᠮᠤᠩᠭᠤᠯ ᠤᠨ ᠲᠦᠮᠡᠳ ᠪᠠᠷᠠᠭᠤᠨ ᠬᠤᠰᠢᠭᠤᠨ ᠤ ᠭᠦᠮᠤᠨ᠃1929 ᠤᠨ ᠳᠤ ᠤᠭ ᠨᠤᠳᠤᠭ ᠨᠢ ᠭᠠᠮᠰᠢᠭᠳᠠᠭᠰᠠᠨ ᠠᠴᠠ ᠲᠡᠷᠡ ᠭᠠᠭᠴᠠᠭᠠᠷ ᠢᠶᠠᠨ ᠦᠵᠦᠭᠦᠷ ᠭᠤᠤᠯ ᠤᠨ ᠬᠠᠪᠢ ᠳᠤ ᠬᠦᠷᠴᠦ ᠢᠷᠡᠭᠡᠳ ᠪᠤᠰᠤᠳ ᠲᠤ ᠤᠷᠳᠤ ᠬᠤᠭᠤᠴᠠᠭ᠎ᠠ᠂ ᠤᠬᠤᠷ ᠬᠤᠭᠤᠴᠠᠭᠠᠨ ᠤ ᠭᠦᠴᠦᠨ ᠤ ᠠᠵᠢᠯ ᠭᠢᠵᠤ ᠠᠮᠢᠳᠤᠷᠠᠵᠤ ᠪᠠᠶᠢᠵᠠᠢ᠃    ᠪᠦᠬᠦ ᠤᠯᠤᠰ ᠴᠢᠯᠤᠭᠡᠯᠡᠭᠳᠡᠭᠰᠡᠨ ᠤ ᠲᠠᠷᠠᠭ᠎ᠠ᠂ ᠲᠡᠷᠡ ᠬᠠᠪᠰᠤᠷᠤᠯᠴᠠᠬᠤ ᠲᠤᠭᠤᠶᠢᠯᠠᠩ ᠤᠨ ᠲᠠᠷᠤᠭ᠎ᠠ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠤᠷᠰᠢᠶᠠᠨ ᠤ ᠲᠠᠷᠤᠭ᠎ᠠ ᠪᠠᠷ ᠠᠵᠢᠯᠯᠠᠵᠤ ᠪᠠᠶᠢᠪᠡ᠃ ᠲᠠᠪᠢᠭᠠᠳ ᠤᠨ ᠤ ᠡᠬᠢ ᠪᠠᠷ᠂ ᠲᠡᠷᠡ ᠲᠤᠰᠬᠤᠨ ᠤ ᠡᠷᠬᠢᠨ ᠲᠤᠭᠤᠷᠢᠨ ᠳᠤ ᠨᠢᠭᠡ ᠰᠠᠭᠤᠷᠢ ᠮᠤᠳᠤ ᠴᠦ ᠪᠠᠶᠢᠬᠤ ᠦᠭᠡᠢ ᠶᠢ ᠦᠵᠡᠭᠡᠳ᠂《 ᠡᠬᠡ ᠤᠷᠤᠨ ᠢᠶᠠᠨ ᠨᠤᠭᠤᠭᠠᠷᠠᠭᠤᠯᠬᠤ》 ᠤᠷᠢᠶᠠᠯᠠᠭ᠎ᠠ ᠶᠢ ᠢᠳᠡᠪᠬᠢᠯᠡᠨ ᠴᠤᠤᠷᠢᠶᠠᠳᠤᠵᠤ᠂ ᠲᠠᠨᠢᠯ ᠭᠦᠮᠤᠨ ᠢᠶᠠᠷ ᠲᠠᠮᠵᠢᠭᠤᠯᠤᠨ᠂ ᠤᠯᠠᠨ ᠲᠦᠮᠡᠨ  ᠢ ᠲᠠᠭᠠᠭᠤᠯᠤᠨ ᠦᠶᠦᠸᠠᠨ ᠤ ᠲᠤᠭᠤᠷᠢᠭ ᠠᠴᠠ ᠤᠳᠠ ᠮᠤᠳᠤᠨ ᠤ ᠴᠢᠬᠢ ᠲᠡᠭᠡᠭᠡᠵᠤ ᠠᠪᠴᠢᠷᠠᠭᠠᠳ᠂ ᠴᠢᠬᠢ ᠮᠤᠳᠤ ᠶᠢ ᠤᠭᠳᠤᠯᠵᠤ ᠰᠠᠭᠤᠯᠭᠠᠬᠤ ᠮᠤᠳᠤ ᠪᠤᠯᠭᠠᠨ᠂ ᠠᠶᠢᠯ ᠡᠷᠤᠬᠡ ᠲᠠᠷᠠᠭᠠᠯᠠᠨ ᠬᠦᠷᠭᠡᠵᠤ᠂ ᠤᠢ ᠮᠤᠳᠤ ᠲᠠᠷᠢᠬᠤ ᠶᠠᠪᠤᠳᠠᠯ ᠢ ᠤᠬᠠᠭᠤᠯᠤᠨ ᠲᠠᠶᠢᠴᠢᠯᠠᠭᠰᠠᠨ ᠶᠤᠮ᠃ ᠵᠡᠷᠢᠮ ᠨᠢ ᠬᠡᠯᠡᠭᠰᠡᠨ ᠶᠤᠰᠤᠭᠠᠷ ᠨᠢ ᠰᠠᠭᠤᠯᠭᠠᠪᠡ᠂ ᠵᠠᠷᠢᠮ ᠨᠢ ᠲᠦᠯᠡᠰᠢ ᠪᠤᠯᠭᠠᠨ ᠰᠢᠳᠠᠭᠠᠴᠢᠬᠠᠯ᠎ᠠ᠂ ᠡᠳᠡᠭᠡᠷ ᠢ ᠲᠡᠷᠡ ᠦᠵᠡᠭᠡᠳ ᠲᠤᠶᠢᠯ ᠢᠶᠠᠷ ᠰᠡᠳᠬᠢᠯ ᠡᠪᠡᠳᠤᠨ ᠬᠡᠮᠰᠢᠵᠤ᠂ ᠠᠷᠭ᠎ᠠ ᠪᠤᠰᠤ ᠰᠠᠭᠤᠯᠭᠠᠬᠤ ᠮᠤᠳᠤ ᠪᠠᠨ ᠦᠪᠡᠷ ᠢᠶᠠᠨ ᠡᠭᠦᠷᠴᠦ ᠭᠠᠷᠤᠭᠠᠳ ᠲᠤᠰᠬᠤᠨ ᠤ ᠲᠤᠭᠤᠷᠢᠨ ᠳᠠᠬᠢ ᠬᠤᠭᠤᠰᠤᠨ ᠰᠡᠯᠡᠭᠦᠦ ᠭᠠᠵᠠᠷ ᠢᠶᠠᠷ ᠰᠠᠭᠤᠯᠭᠠᠵᠤ ᠡᠬᠢᠯᠡᠪᠡ᠃ ᠡᠨᠡ ᠮᠡᠳᠤ ᠪᠠᠷ ᠲᠡᠷᠡ ᠤᠯᠠᠨ ᠵᠢᠯ ᠲᠠᠷᠠᠭᠠᠯᠠᠨ ᠬᠡᠰᠡᠭ ᠬᠡᠰᠡᠭ ᠭᠠᠵᠠᠷ ᠢ ᠲᠦᠭᠦᠷᠡᠳᠡᠯ᠎ᠡ ᠮᠤᠳᠤ ᠰᠠᠭᠤᠯᠭᠠᠭᠰᠠᠨ ᠤ ᠤᠯᠠᠮ ᠢᠶᠠᠷ ᠠᠶᠢᠯ ᠲᠤᠰᠬᠤᠨ ᠨᠢ ᠦᠪᠴᠢ ᠨᠤᠭᠤᠭᠠᠨ ᠢᠶᠠᠷ ᠬᠦᠷᠢᠶᠡᠯᠡᠭᠳᠡᠭᠰᠡᠨ ᠪᠢᠯᠡ᠃ ᠠᠷᠠᠳ ᠤᠨ ᠨᠢᠭᠡᠳᠤᠯᠵᠢᠬᠦᠯᠤᠯᠳᠠ ᠶᠢᠨ ᠦᠶ᠎ᠡ ᠳᠤ᠂ ᠲᠤᠰᠬᠤᠨ ᠤ ᠭᠦᠮᠤᠰ ᠮᠠᠯ ᠲᠡᠵᠢᠬᠡᠭᠦ ᠪᠡ ᠰᠢᠳᠠᠭᠠᠯᠭ᠎ᠠ ᠬᠢᠬᠦ  ᠳᠤ ᠴᠦᠮ ᠡᠨᠡ ᠰᠢᠭᠤᠢ ᠶᠢ ᠲᠦᠰᠢᠵᠤ ᠪᠠᠶᠢᠵᠠᠢ᠃    ᠦᠳᠡᠯᠦᠭᠡ ᠨᠠᠰᠤᠨ ᠳᠠᠭᠠᠨ ᠲᠡᠷᠡ ᠶᠡᠷᠤᠨᠢ ᠵᠦᠭᠡᠷ ᠰᠠᠭᠤᠵᠤ ᠴᠢᠳᠠᠬᠤ ᠦᠬᠡᠢ᠂ ᠤᠢ ᠮᠤᠳᠤᠨ ᠳᠤ ᠤᠨᠴᠠ ᠰᠡᠳᠬᠢᠯᠭᠡ ᠲᠠᠢ ᠪᠤᠯᠬᠤᠷ ᠰᠠᠶᠢᠨ ᠲᠤᠷ᠎ᠠ ᠶᠢᠨ ᠰᠢᠭᠤᠢ ᠬᠠᠮᠠᠭᠠᠯᠠᠭᠴᠢ ᠪᠤᠯᠵᠤ᠂ ᠡᠳᠤᠷ ᠪᠤᠯᠭᠠᠨ ᠰᠢᠭᠤᠢ ᠶᠢᠨ ᠲᠤᠭᠤᠷᠢᠨ ᠳᠤ ᠡᠷᠬᠢᠵᠤ ᠲᠤᠭᠤᠷᠢᠵᠤ᠂ ᠡᠪᠡᠳᠴᠢᠯᠡᠭᠰᠡᠨ ᠮᠤᠳᠤ ᠪᠠᠶᠢᠴᠠᠭᠠᠵᠤ ᠭᠠᠷᠭᠠᠪᠡᠯ ᠴᠠᠭ ᠲᠠᠷᠤᠢ ᠳᠤᠨᠢ ᠵᠠᠰᠠᠯᠳᠠ ᠬᠢᠬᠦ ᠪᠤᠶᠤ ᠨᠦᠬᠦᠵᠤ ᠰᠠᠭᠤᠯᠭᠠᠳᠠᠭ ᠪᠠᠶᠢᠭᠰᠠᠨ ᠶᠤᠮ᠃ ᠲᠡᠷᠡ ᠦᠪᠡᠷ ᠤᠨ ᠭᠠᠷ ᠢᠶᠠᠷ ᠢᠶᠠᠨ ᠰᠠᠭᠤᠯᠭᠠᠭᠰᠠᠨ ᠮᠤᠳᠤᠨ ᠠᠴᠠ ᠪᠠᠨ ᠬᠡᠵᠢᠶᠡᠳᠡ ᠰᠠᠯᠵᠤ ᠶᠠᠳᠠᠨ ᠨᠢᠭᠡ ᠨᠠᠰᠤᠨ ᠤ ᠪᠠᠨ ᠡᠴᠤᠰ ᠪᠤᠯᠳᠠᠯ᠎ᠠ ᠴᠢᠷᠮᠠᠶᠢᠭᠰᠠᠨ ᠪᠢᠯᠡ᠃1955 ᠤᠨ ᠳᠤ ᠲᠡᠷᠡ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠭᠦᠳᠡᠯᠮᠤᠷᠢ ᠶᠢᠨ ᠵᠢᠱᠢᠶᠡᠴᠢ ᠪᠠᠷ ᠰᠤᠩᠭᠤᠭᠳᠠᠵᠤ᠂ 1963 ᠤᠨ ᠳᠤ ᠪᠠᠶᠠᠨᠨᠠᠭᠤᠷ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠡᠷᠢᠬᠦᠨ ᠤ ᠤᠶᠢᠯᠡᠳᠪᠤᠷᠢᠯᠡᠭᠴᠢᠳ ᠢᠶᠠᠷ ᠰᠤᠩᠭᠤᠭᠳᠠᠨ᠂ ᠬᠤᠰᠢᠭᠤ᠂ ᠨᠢᠭᠡᠳᠤᠯ ᠤᠨ ᠰᠠᠶᠢᠰᠢᠶᠠᠯ ᠢ ᠤᠯᠠᠨᠳᠠ ᠭᠦᠷᠳᠡᠭᠰᠡᠨ ᠶᠤᠮ᠃ ᠲᠡᠷᠡ ᠨᠢᠭᠡ ᠨᠠᠰᠤ ᠪᠠᠷ ᠢᠶᠠᠨ ᠬᠡᠴᠢᠨᠡᠨ ᠤᠯᠠᠨ ᠮᠤᠳᠤ ᠰᠠᠭᠤᠯᠭᠠᠭᠰᠠᠨ ᠢ ᠪᠢᠳᠠ ᠪᠦᠷᠢᠳᠭᠡᠬᠦ ᠶᠢᠨ ᠠᠷᠭ᠎ᠠ ᠦᠬᠡᠢ᠂ ᠬᠡᠪᠡᠴᠦ ᠲᠡᠭᠦᠨ ᠤ ᠰᠠᠭᠤᠯᠭᠠᠭᠰᠠᠨ 2400 ᠭᠠᠷᠤᠢ ᠮᠦ ᠤᠢ ᠮᠤᠳᠤ ᠨᠢ ᠭᠦᠮᠤᠰ  ᠲᠤ ᠨᠤᠭᠤᠭᠠᠨ ᠦᠩᠬᠡ ᠶᠢᠨ ᠲᠤᠷᠠᠰᠤᠮᠵᠢ ᠦᠯᠡᠳᠡᠭᠡᠭᠰᠡᠨ ᠪᠢᠯᠡ᠃                         ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ