ᠨᠠᠰᠤᠨᠪᠠᠶᠠᠷ ︵1907—1988︶ | ᠬᠡᠷᠡᠭᠯᠡᠵᠤ ᠪᠠᠶᠢᠭᠰᠠᠨ ᠨᠡᠷ᠎ᠡ ᠳ᠋ᠠᠮᠪᠠᠵᠤᠩᠨᠠᠢ᠂ ᠡᠷᠡᠭᠳᠡᠢ᠂ ᠮᠤᠩᠭᠤᠯ ᠦᠨᠳᠤᠰᠤᠳᠡᠨ᠂1907 ᠤᠨ ᠤ7 ᠳ᠋ᠤᠭᠠᠷ ᠰᠠᠷ᠎ᠠ ᠶᠢᠨ3 ᠤ ᠡᠳᠤᠷ ᠤᠷᠠᠳ ᠤᠨ | ᠲᠤᠮᠳᠠᠳᠤ ᠭᠦᠩ ᠤᠨ ᠬᠤᠰᠢᠭᠤᠨ ᠤ ᠠᠷᠤ ᠬᠤᠷᠴᠢᠨ ᠰᠤᠮᠤᠨ ᠤ ᠨᠢᠭᠡᠨ ᠶᠠᠳᠠᠭᠤ ᠮᠠᠯᠴᠢᠨ ᠤ ᠭᠡᠷ ᠲᠤ ᠲᠦᠷᠦᠪᠡ᠂ ᠠᠬ᠎ᠠ ᠲᠡᠭᠦᠦ ᠡᠭᠡᠴᠢ ᠦᠬᠢᠨ ᠲᠡᠭᠦᠦ | ᠵᠢᠷᠭᠤᠭᠤᠯᠠ᠂ ᠲᠡᠷᠡ ᠲᠦᠳᠤᠭᠡᠷ ᠨᠢ ᠪᠠᠶᠢᠵᠠᠢ᠃ ᠲᠦᠷᠦᠭᠡᠳ ᠰᠠᠷ᠎ᠠ ᠪᠤᠯᠤᠭ᠎ᠠ ᠦᠬᠡᠢ ᠪᠠᠷ ᠨᠢᠭᠡ ᠭᠠᠭᠴᠠ ᠦᠷ᠎ᠡ ᠪᠠᠨ ᠠᠯᠳᠠᠭᠰᠠᠨ ᠶᠠᠳᠠᠭᠤ ᠮᠠᠯᠴᠢᠨ ᠤ ᠭᠡᠷ ᠲᠤ | ᠡᠷᠭᠦᠭᠳᠡᠪᠡ ᠃ | 1949 ᠤᠨ ᠳᠤ᠂ ᠲᠡᠭᠦᠨ ᠤ ᠡᠷᠭᠦᠭᠰᠡᠨ ᠡᠴᠢᠭᠡ ᠨᠢ ᠮᠤᠷᠢᠨ ᠠᠴᠠ ᠪᠠᠨ ᠤᠶᠢᠴᠢᠵᠤ ᠭᠡᠮᠳᠤᠭᠡᠳ ᠦᠭᠦᠪᠡ᠃ ᠤᠳᠠᠯ ᠦᠬᠡᠢ ᠲᠡᠭᠦᠨ ᠤ ᠭᠡᠷ ᠤᠨ ᠬᠢᠨᠢ | ᠦᠷᠢ ᠰᠢᠷᠢ ᠳᠤ ᠤᠨᠠᠭᠠᠳ ᠭᠡᠷ ᠬᠦᠷᠤᠩᠭᠡ ᠪᠠᠨ ᠪᠠᠷᠠᠭᠰᠠᠨ ᠳᠤ ᠲᠡᠷᠡ ᠨᠢᠭᠡ ᠲᠠᠶᠢᠵᠢ ᠠᠶᠢᠯ ᠳᠤ ᠵᠠᠷᠤᠴᠠ ᠪᠤᠯᠵᠠᠢ᠃ 1918 ᠤᠨ ᠳᠤ᠂ ᠲᠡᠷᠡ ᠮᠡᠷᠭᠡᠨ | ᠰᠦᠮ᠎ᠡ ᠳᠤ ᠯᠠᠮᠠ ᠪᠤᠯᠵᠤ᠂ ᠬᠠᠷᠢᠶᠠᠭᠳᠠᠨ ᠴᠤᠬᠢᠭᠳᠠᠵᠤ ᠬᠤᠭᠤᠯᠠ ᠳᠠᠭᠠᠨ ᠴᠠᠳᠬᠤ ᠦᠬᠡᠢ᠂ ᠲᠠᠭᠠᠷᠠᠵᠤ ᠪᠡᠭᠡᠷᠡᠵᠤ ᠪᠠᠶᠢᠵᠠᠢ᠃ 1920 ᠤᠨ ᠤ ᠨᠢᠭᠡ ᠰᠦᠨᠢ | ᠰᠦᠮ᠎ᠡ ᠠᠴᠠ ᠲᠤᠳᠠᠭᠠᠨ ᠭᠠᠷᠴᠦ᠂ ᠡᠷᠭᠦᠭᠰᠡᠨ ᠡᠵᠢ ᠶᠢᠨ ᠳᠡᠭᠡᠨ ᠤᠴᠢᠪᠡ᠃ ᠠᠵᠤ ᠠᠮᠢᠳᠤᠷᠠᠯ ᠤᠨ ᠭᠠᠴᠢᠭᠳᠠᠯ ᠠᠴᠠ ᠪᠤᠯᠵᠤ᠂ ᠡᠷᠭᠦᠭᠰᠡᠨ ᠡᠬᠡ ᠨᠢ ᠠᠷᠭ᠎ᠠ | ᠪᠤᠰᠤ ᠲᠡᠭᠦᠨ ᠢ ᠤᠷᠳᠤ ᠭᠤᠤᠯ ᠤᠨ ᠰᠦᠮ᠎ᠡ ᠶᠢᠨ ᠵᠢᠷᠠᠨᠳᠠᠢ ᠯᠠᠮᠠ ᠶᠢ ᠪᠠᠭᠰᠢ ᠪᠠᠷᠢᠵᠤ᠂《 ᠰᠢᠨ᠎ᠡ ᠤᠷᠴᠢᠭᠤᠯᠤᠭᠰᠠᠨ ᠮᠤᠩᠭᠤᠯ ᠰᠤᠳᠤᠷ》 ᠢ ᠰᠤᠷᠴᠠᠢ᠃ | ᠲᠡᠷᠡ ᠬᠠᠳᠠᠭᠤᠵᠢᠯᠳᠠᠢ ᠰᠢᠷᠭᠠᠭᠤ ᠴᠢᠷᠮᠠᠶᠢᠬᠰᠠᠨ ᠤ ᠤᠯᠠᠮ ᠢᠶᠠᠷ 17 ᠨᠠᠰᠤᠨ ᠳᠠᠭᠠᠨ ᠮᠤᠩᠭᠤᠯ ᠪᠢᠴᠢᠭ ᠤᠨ ᠨᠤᠮ ᠳᠤ ᠨᠡᠪᠳᠡᠷᠡᠵᠤ᠂ 24 ᠨᠠᠰᠤᠳᠠᠢ ᠳᠠᠭᠠᠨ | ᠤᠮᠵᠢᠳ ᠯᠠᠮᠠ ︵ᠨᠤᠮ ᠲᠠᠷᠨᠢ ᠲᠠᠭᠠᠭᠤᠯᠵᠤ ᠤᠩᠰᠢᠬᠴᠢ︶ ᠪᠤᠯᠵᠠᠢ᠃ ᠲᠡᠷᠡ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ᠂ ᠲᠦᠷᠪᠡᠨ ᠵᠢᠯ ᠤᠨ ᠬᠤᠭᠤᠴᠠᠭ᠎ᠠ | ᠬᠡᠷᠡᠭᠰᠡᠵᠤ ᠮᠤᠩᠭᠤᠯ ᠠᠨᠠᠭᠠᠬᠤ ᠤᠬᠠᠭᠠᠨ ᠤ ᠤᠨᠤᠯ ᠪᠤᠯᠤᠨ ᠡᠮᠴᠢᠯᠡᠭᠦ ᠮᠡᠷᠭᠡᠵᠢᠯ ᠢ ᠰᠤᠷᠤᠯᠴᠠᠵᠤ ᠦᠨᠳᠤᠰᠤᠨ ᠳᠡᠭᠡᠨ ᠡᠵᠡᠮᠰᠢᠭᠡᠳ᠂ ᠨᠢᠭᠡ ᠪᠦᠯᠦᠭ ᠡᠮ ᠲᠠᠩ | ᠬᠤᠳᠠᠯᠳᠤᠨ ᠠᠪᠴᠦ ᠲᠤᠰᠠᠭᠠᠷ ᠢᠶᠠᠨ ᠡᠮᠴᠢᠯᠡᠨ᠂ ᠮᠠᠯᠴᠢᠳ ᠤᠨ ᠡᠪᠡᠳᠴᠢᠨ ᠢ ᠡᠮᠨᠡᠨ ᠵᠠᠰᠠᠵᠤ ᠡᠬᠢᠯᠡᠪᠡ᠃1939 ᠤᠨ ᠤ ᠡᠬᠢ ᠪᠠᠷ᠂ ᠬᠤᠰᠢᠭᠤ ᠶᠠᠮᠤᠨ | ᠠᠴᠠ ᠲᠡᠭᠦᠨ ᠢ ᠭᠦᠢ ᠰᠦᠢ ᠶᠢᠨ ᠮᠠᠯᠵᠢᠬᠤ ᠤᠷᠤᠨ ᠤ ᠡᠮᠴᠢ ᠶᠢᠨ ᠪᠤᠯᠪᠠᠰᠤᠷᠠᠯ ᠤᠨ ᠭᠠᠵᠠᠷ ︵ᠮᠤᠩᠭᠤᠯ ᠡᠸᠦ᠋ᠷᠤᠫᠡ ᠡᠮᠨᠡᠯᠭᠡ ᠶᠢᠨ ᠰᠤᠷᠭᠠᠭᠤᠯᠢ︶ ᠲᠤ | ᠰᠤᠷᠤᠯᠴᠠᠭᠤᠯᠤᠭᠰᠠᠨ ᠤ ᠤᠯᠠᠮ ᠢᠶᠠᠷ᠂ ᠲᠡᠷᠡ ᠮᠤᠩᠭᠤᠯ ᠠᠨᠠᠭᠠᠬᠤ ᠤᠬᠠᠭᠠᠨ ᠤ ᠤᠨᠤᠯ ᠪᠤᠯᠤᠨ ᠡᠮᠴᠢᠯᠡᠨ ᠵᠠᠰᠠᠬᠤ ᠮᠡᠷᠭᠡᠵᠢᠯ ᠢ ᠨᠡᠯᠢᠶᠡᠳ ᠰᠢᠰᠲ᠋ᠧᠮ ᠲᠠᠢ | ᠡᠵᠡᠮᠰᠢᠭᠡᠳ 73 ᠰᠤᠷᠤᠯᠭᠠᠳᠠᠨ ᠤ ᠲᠡᠭᠦᠰᠭᠦ ᠰᠢᠯᠭᠠᠯᠳᠠ ᠳᠤ ᠲᠡᠳ᠋ᠯᠡᠭᠰᠡᠨ ᠪᠢᠯᠡ᠃ 1940 ᠤᠨ ᠤ 7 ᠳ᠋ᠤᠭᠠᠷ ᠰᠠᠷ᠎ᠠ ᠳᠤ ᠤᠷᠳᠤ ᠭᠤᠤᠯ ᠤᠨ ᠰᠦᠮ᠎ᠡ ᠳᠡᠭᠡᠨ | ᠪᠤᠴᠠᠪᠡ᠃ ᠬᠤᠰᠢᠭᠤ ᠶᠠᠮᠤᠨ ᠠᠴᠠ ᠲᠡᠭᠦᠨ ᠢ ᠴᠤᠩᠵᠢ ᠶᠢᠨ ᠠᠮᠢᠳᠤᠷᠠᠯ ᠤᠨ ᠬᠤᠷᠰᠢᠶᠠᠨ ᠳᠤ ᠡᠮᠴᠢ ᠪᠤᠯᠭᠠᠬᠤ ᠪᠠᠷ ᠲᠤᠬᠢᠷᠠᠭᠤᠯᠤᠭᠰᠠᠨ ᠤ ᠬᠠᠮᠳᠤ ᠲᠡᠭᠦᠨ ᠢ | ᠲᠡᠮᠵᠢᠵᠤ ᠨᠢᠭᠡ ᠠᠷᠠᠳ ᠠᠴᠠ ᠡᠷᠭᠢᠯᠡᠭᠰᠡᠨ ᠡᠮᠨᠡᠯᠭᠡ ᠶᠢᠨ ᠭᠠᠵᠠᠷ ᠪᠠᠶᠢᠭᠤᠯᠪᠡ᠃ ᠲᠡᠷᠡ ᠭᠧᠷᠮᠠᠨ ᠤᠯᠤᠰ ᠤᠨ《606》ᠵᠡᠷᠭᠡ ᠶᠢᠨ ᠡᠮ ᠢᠶᠠᠷ ᠮᠠᠯᠵᠢᠬᠤ ᠤᠷᠤᠨ | ᠳᠤ ᠲᠡᠯᠭᠡᠷᠡᠵᠤ ᠪᠠᠶᠢᠬᠰᠠᠨ ᠦᠩᠭᠡᠨ ᠤ ᠡᠪᠡᠳᠴᠢᠨ ︵ᠲᠡᠮᠪᠤᠤ︶ ᠪᠡ ᠴᠡᠴᠡᠭ ᠵᠡᠷᠭᠡ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠵᠤ᠂ ᠤᠬᠤᠷᠬᠠᠨ ᠬᠤᠭᠤᠴᠠᠭᠠᠨ | ᠳᠤ ᠮᠡᠳᠡᠭᠳᠡᠭᠦᠶᠢᠴᠡ ᠠᠮᠵᠢᠯᠳᠠ ᠤᠯᠵᠤ᠂ 600 ᠢᠯᠡᠭᠦᠦ ᠭᠦᠨᠳᠤ ᠡᠪᠡᠳᠴᠢᠳᠡᠨ ᠢ ᠡᠳᠡᠭᠡᠷᠡᠭᠦᠯᠦᠭᠰᠡᠨ ᠪᠤᠶᠤ ᠮᠡᠳᠡᠭᠳᠡᠭᠦᠶᠢᠴᠡ ᠵᠠᠰᠠᠯ ᠠᠪᠤᠭᠤᠯᠤᠭᠰᠠᠨ ᠶᠤᠮ᠃ | ᠲᠡᠭᠦᠨᠴᠡ ᠬᠤᠶᠢᠰᠢ ᠲᠡᠷᠡ ᠬᠤᠰᠢᠭᠤ ᠨᠤᠳᠤᠭ ᠲᠤ ᠨᠡᠷ᠎ᠡ ᠠᠯᠳᠠᠷᠰᠢᠵᠤ᠂ ᠦᠷᠭᠡᠨ ᠤᠯᠠᠨ ᠮᠠᠯᠴᠢᠳ ᠴᠢᠨᠠᠭᠰᠢᠯᠠᠪᠡᠯ ᠵᠠᠰᠠᠭ ᠨᠤᠶᠠᠨ ᠪᠡ ᠲᠤᠰᠠᠯᠠᠭᠴᠢ ᠲᠠᠶᠢᠵᠢ ᠨᠠᠷ | ᠤᠨ ᠢᠳᠡᠭᠡᠯ ᠭᠦᠨᠳᠤ ᠶᠢ ᠤᠯᠤᠭᠰᠠᠨ ᠪᠠᠶᠢᠨ᠎ᠠ᠃ 1942 ᠤᠨ ᠳᠤ᠂ ᠲᠡᠷᠡ ᠭᠦᠢ ᠰᠦᠢ ᠳᠤ ᠪᠠᠶᠢᠭ᠎ᠠ ᠬᠠᠮᠳᠤ ᠰᠤᠷᠤᠭᠴᠢᠳ ᠢᠶᠠᠨ ᠤᠷᠢᠵᠤ ᠡᠮᠨᠡᠯᠭᠡ ᠶᠢᠨ | ᠭᠠᠵᠠᠷ ᠲᠠᠭᠠᠨ ᠴᠡᠭ ᠲᠤᠭᠳᠠᠭᠠᠨ ᠡᠪᠡᠳᠴᠢᠨ ᠦᠵᠡᠭᠦᠯᠵᠤ᠂ ᠲᠡᠷᠡ ᠦᠪᠡᠷ ᠢᠶᠠᠨ ᠲᠤᠭᠤᠷᠢᠨ ᠶᠠᠪᠤᠵᠤ ᠡᠮᠨᠡᠭᠦ ᠪᠠᠷ ᠲᠠᠮᠵᠢᠭᠤᠯᠤᠨ 1945 ᠤᠨ ᠪᠤᠯᠬᠤ ᠳᠤ | ᠲᠠᠮᠪᠦᠦ ᠪᠤᠯᠤᠨ ᠴᠡᠴᠡᠭ ᠡᠪᠡᠳᠴᠢᠨ ᠵᠡᠷᠭᠡ ᠶᠢᠨ ᠡᠪᠡᠳᠴᠢᠨ ᠬᠢᠵᠢᠭ ᠢ ᠦᠨᠳᠤᠰᠤᠨ ᠳᠡᠭᠡᠨ ᠬᠢᠵᠠᠭᠠᠷᠯᠠᠭᠰᠠᠨ ᠪᠦᠭᠡᠳ ᠡᠮᠨᠡᠪᠡ᠃ | 1950 ᠤᠨ ᠳᠤ᠂ ᠤᠷᠡᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠᠶᠢᠭᠤᠯᠤᠭᠳᠠᠭᠰᠠᠨ ᠤ ᠲᠠᠷᠠᠭ᠎ᠠ᠂ ᠲᠡᠭᠦᠨ ᠢ ᠬᠤᠰᠢᠭᠤᠨ ᠤ | ᠡᠷᠡᠭᠦᠯ ᠬᠠᠮᠠᠭᠠᠯᠠᠯ ᠤᠨ ᠰᠠᠯᠠᠭᠠᠨ ᠤ ᠲᠠᠷᠤᠭ᠎ᠠ ᠪᠠᠷ ᠲᠤᠮᠢᠯᠠᠪᠠ᠃ ᠲᠡᠭᠦᠨ ᠠᠴᠠ ᠬᠤᠶᠢᠰᠢ ᠲᠠᠷᠡ ᠶᠠᠳᠠᠷᠠᠯ ᠵᠦᠳᠡᠷᠡᠯ ᠢ ᠬᠠᠶᠢᠬᠤᠷᠤᠯ ᠦᠬᠡᠢ ᠢᠳᠡᠪᠬᠢᠯᠡᠨ ᠠᠵᠢᠯᠯᠠᠵᠤ | ᠂ ᠪᠦᠬᠦ ᠬᠤᠰᠢᠭᠤᠨ ᠤ4 ᠨᠤᠳᠤᠭ ᠲᠤ ᠡᠮᠨᠡᠯᠭᠡ ᠶᠢᠨ ᠭᠠᠵᠠᠷ ᠪᠠᠶᠢᠭᠤᠯᠤᠭᠰᠠᠨ ᠤ ᠬᠠᠮᠳᠤ ᠲᠡᠷᠡ ᠪᠠᠰᠠ ᠬᠤᠭᠤᠰᠤᠨ ᠭᠠᠷ ᠬᠤᠶᠠᠷ ᠨᠢᠳᠤᠷᠭ᠎ᠠ ᠪᠠᠷ ᠦᠪᠡᠷ ᠢᠶᠠᠨ | ᠭᠦᠳᠡᠯᠤᠯᠴᠠᠡ ᠬᠠᠯᠢᠭᠤᠳᠤ ᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ ᠪᠠᠶᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠲᠤᠤᠷ ᠴᠡᠭ ᠢ | ᠦᠷᠭᠡᠳᠭᠡᠭᠡᠳ ᠤᠯᠠᠨ ᠲᠦᠮᠡᠨ ᠳᠤ ᠲᠦᠭᠦᠮ ᠦᠵᠡᠭᠦᠯᠦᠭᠰᠡᠨ ᠶᠤᠮ᠃1957 ᠤᠨ ᠳᠤ ᠲᠡᠷᠡ ᠬᠤᠰᠢᠭᠤᠨ ᠤ ᠡᠷᠡᠭᠦᠯ ᠬᠠᠮᠠᠭᠠᠯᠠᠯ ᠤᠨ ᠲᠡᠷᠢᠭᠦᠨ ᠤ ᠠᠵᠢᠯᠳᠠᠨ | ᠢᠶᠠᠷ ᠰᠤᠩᠭᠤᠭᠳᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠲᠡᠷᠢᠭᠦᠨ ᠤ ᠠᠵᠢᠯᠳᠠᠳ ᠤᠨ ᠲᠦᠯᠤᠭᠡᠯᠡᠭᠴᠢᠳ ᠤᠨ ᠶᠡᠭᠡ | ᠬᠤᠷᠠᠯ ᠳᠤ ᠤᠷᠤᠯᠴᠠᠭᠰᠠᠨ ᠪᠢᠯᠡ᠃ | ᠲᠡᠷᠡ ᠦᠨᠡᠨᠴᠢ ᠰᠢᠳᠤᠷᠭᠤ᠂ ᠠᠰᠪᠤᠷᠢ ᠰᠢᠯᠤᠭᠤᠨ ᠪᠠᠶᠢᠳᠠᠭ᠃ ᠠᠵᠢᠯ ᠤᠨ ᠲᠤᠮᠳᠠ ᠪᠠᠨ ᠬᠦᠴᠢᠷ ᠪᠡᠷᠬᠡ ᠠᠴᠠ ᠠᠶᠤᠬᠤ ᠦᠬᠡᠢ᠂ ᠴᠢᠩᠭ᠎ᠠ ᠬᠢᠨᠠᠮᠠᠭᠠᠢ᠂ | ᠴᠦᠭᠦᠷᠡᠯ ᠦᠬᠡᠢ ᠠᠵᠢᠯᠯᠠᠳᠠᠭ᠃ 1958 ᠤᠨ ᠳᠤ ᠲᠡᠷᠡ《 ᠪᠠᠷᠠᠭᠤᠨᠳᠠᠨ》 ᠢᠶᠠᠷ ᠬᠢᠯᠢᠰ ᠴᠤᠬᠢᠬᠳᠠᠵᠤ᠂ ᠲᠤᠰᠢᠶᠠᠯ ᠢ ᠨᠢ ᠤᠭᠴᠠᠷᠠᠭᠤᠯᠤᠨ ᠲᠡᠰ ᠢ ᠨᠢ | ᠪᠠᠭᠤᠷᠠᠭᠤᠯᠵᠤ ᠮᠠᠯᠵᠢᠬᠤ ᠤᠷᠤᠨ ᠳᠤ ᠪᠠᠭᠤᠯᠭᠠᠨ ᠬᠦᠳᠡᠯᠮᠤᠷᠢᠯᠡᠭᠦᠯᠵᠠᠢ᠃ ᠲᠤᠰ ᠵᠢᠯ ᠤᠨ 10 ᠳ᠋ᠤᠭᠠᠷ ᠰᠠᠷ᠎ᠠ ᠶᠢᠨ 10 ᠤ ᠡᠳᠤᠷ 《 ᠪᠠᠷᠠᠭᠤᠨᠳᠠᠨ》 ᠤ | ᠮᠠᠯᠠᠭᠠᠢ ᠶᠢ ᠨᠢ ᠠᠪᠤᠭᠰᠠᠨ ᠢ ᠨᠡᠶᠢᠳᠡᠯᠡᠭᠰᠡᠨ ᠪᠤᠯᠪᠠᠴᠦ ᠠᠵᠢᠯ ᠪᠡ ᠲᠡᠰ ᠢ ᠨᠢ ᠰᠡᠷᠭᠦᠭᠡᠵᠤ ᠦᠭᠭᠦᠭᠰᠡᠨ ᠦᠬᠡᠢ᠃《 ᠰᠤᠶᠤᠯ ᠤᠨ ᠶᠡᠭᠡ ᠬᠤᠪᠢᠰᠬᠠᠯ》 ᠲᠤᠮᠳᠠ | ᠪᠠᠰᠠᠯᠠ《 ᠪᠠᠷᠠᠭᠤᠨᠳᠠᠨ》 ᠢᠶᠠᠷ ᠴᠢᠷᠤᠨ ᠭᠠᠷᠭᠠᠵᠤ ᠲᠡᠮᠡᠴᠡᠭᠳᠡᠭᠡᠳ ᠪᠡᠷᠬᠡ ᠪᠠᠷᠳᠠᠭᠠᠳᠤ ᠠᠮᠢᠳᠤᠷᠠᠯ ᠢ ᠦᠩᠭᠡᠷᠡᠭᠡᠪᠡ᠃ ᠭᠡᠳᠡᠯ᠎ᠡ ᠲᠡᠷᠡ ᠠᠷᠠᠳ ᠲᠦᠮᠡᠨ ᠤ | ᠠᠰᠢᠭ ᠲᠤᠰᠠ ᠶᠢ ᠴᠢᠬᠤᠯᠠᠴᠢᠯᠠᠨ᠂ ᠨᠠᠮ ᠢᠶᠠᠨ ᠢᠳᠡᠭᠡᠵᠤ ᠦᠨᠡᠨ ᠶᠤᠰᠤ ᠶᠢ ᠢᠳᠡᠭᠡᠭᠰᠡᠭᠡᠷ ᠯᠡ ᠪᠠᠶᠢᠪᠡ᠃ | 1980 ᠤᠨ ᠤ 11 ᠳ᠋ᠤᠭᠡᠷ ᠰᠠᠷ᠎ᠠ ᠳᠤ᠂ ᠬᠤᠰᠢᠭᠤ ᠨᠠᠮ ᠤᠨ ᠬᠤᠷᠢᠶᠠᠨ ᠠᠴᠠ ᠲᠡᠭᠦᠨ ᠳᠤ ᠲᠦᠷᠦ ᠶᠢᠨ ᠪᠤᠳᠤᠯᠭ᠎ᠠ ᠨᠡᠶᠢᠳᠡᠪᠤᠷᠢᠵᠢᠭᠤᠯᠤᠨ ᠲᠤᠤᠱᠳᠠᠢ | ᠴᠠᠭᠠᠳᠬᠠᠵᠤ ᠦᠭᠭᠦᠭᠡᠳ᠂ ᠲᠤᠰᠢᠶᠠᠯ ᠢ ᠨᠢ ᠰᠡᠷᠭᠦᠭᠡᠭᠰᠡᠨ ᠤ ᠬᠠᠮᠳᠤ ᠠᠵᠢᠯ ᠠᠴᠠ ᠠᠮᠠᠷᠠᠬᠤ ᠭᠠᠷ ᠭᠦᠢᠴᠡᠳᠭᠡᠯ ᠬᠢᠵᠤ ᠦᠭᠭᠦᠭᠰᠡᠨ ᠪᠠᠶᠢᠨ᠎ᠠ᠃ ᠲᠡᠷᠡ ᠠᠵᠢᠯ | ᠠᠴᠠ ᠪᠠᠨ ᠠᠮᠠᠷᠠᠭᠰᠠᠨ ᠤ ᠰᠡᠭᠦᠯᠡᠷ᠂ ᠰᠤᠶᠤᠯ ᠲᠡᠤᠬᠡ ᠶᠢᠨ ᠮᠡᠲ᠋ᠧᠷᠢᠶᠡᠯ ᠢ ᠠᠪᠤᠷᠠᠨ ᠴᠤᠭᠯᠠᠭᠤᠯᠬᠤ ᠠᠵᠢᠯ ᠳᠤ ᠢᠳᠡᠪᠬᠢᠯᠡᠨ ᠤᠷᠤᠯᠴᠠᠪᠡ᠃ ᠲᠡᠷᠡ ᠨᠠᠰᠤ | ᠲᠦᠭᠦᠵᠤ ᠪᠡᠶ᠎ᠡ ᠮᠠᠭᠤᠳᠠᠭᠰᠠᠨ ᠪᠠᠶᠢᠳᠠᠯ ᠢᠶᠠᠨ ᠬᠠᠶᠢᠬᠤᠷᠤᠯ ᠦᠬᠡᠢ᠂ ᠶᠠᠳᠠᠷᠠᠯ ᠵᠦᠳᠡᠷᠡᠯ ᠳᠤ ᠠᠯᠵᠢᠶᠠᠯ ᠦᠬᠡᠢ ᠪᠠᠷ ᠲᠤᠭᠤᠢ ᠲᠡᠷᠬᠡ ᠪᠠᠷ ᠠᠭᠤᠯᠠ ᠤᠰᠤ ᠶᠢ | ᠲᠤᠭᠤᠯᠤᠨ ᠶᠠᠪᠤᠵᠤ᠂ 14 ᠬᠤᠪᠢ 8 ᠲᠦᠮᠡᠨ ᠦᠰᠦᠭ ᠤᠨ ᠰᠤᠶᠤᠯ ᠲᠡᠤᠬᠡ ᠶᠢᠨ ᠮᠡᠲ᠋ᠧᠷᠢᠶᠡᠯ ᠪᠢᠴᠢᠵᠤ᠂ ᠠᠶᠢᠮᠠᠭ ᠬᠤᠰᠢᠭᠤᠨ ᠤ ᠰᠤᠶᠤᠯ ᠲᠡᠤᠭᠡ ᠶᠢᠨ | ᠮᠠᠲ᠋ᠧᠷᠢᠶᠠᠯ ᠲᠡᠭᠡᠷ᠎ᠡ ᠨᠡᠶᠢᠳᠡᠯᠡᠭᠰᠡᠨ ᠪᠢᠯᠡ᠃ | 1988 ᠤᠨ ᠤ 5 ᠳ᠋ᠤᠭᠠᠷ ᠰᠠᠷ᠎ᠠ ᠶᠢᠨ 8 ᠤ ᠡᠳᠤᠷ᠂ ᠨᠠᠰᠤᠨᠪᠠᠶᠠᠷ ᠬᠠᠯᠢᠭᠤᠳᠤ ᠪᠠᠯᠭᠠᠰᠣᠨ ᠳᠤ ᠨᠠᠰᠤᠨ ᠲᠠᠭᠠᠯᠠᠯ ᠲᠡᠭᠦᠰᠪᠡ᠂ 81 ᠨᠠᠰᠤᠳᠠᠢ ᠃ | | ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ᠃ |