G0616 ᠲᠦᠷᠭᠡᠨ ᠤ ᠵᠠᠰᠠᠮᠠᠯ ᠵᠠᠮ ᠤᠨ ᠴᠠᠬᠢᠯᠭᠠᠨ ᠬᠦᠴᠦᠨ ᠤ ᠱᠤᠭᠤᠮ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠤᠨ ᠨᠡᠭᠦᠯᠭᠡᠨ ᠰᠢᠯᠵᠢᠭᠦᠯᠵᠦ ᠴᠠᠬᠢᠯᠭᠠᠨ ᠵᠣᠭᠰᠣᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/16
ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠤᠷᠠᠳ ᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠡᠯ᠎ᠡ  ᠬᠡᠷᠡᠭᠯᠡᠭᠴᠢᠳ ᠪᠠᠶᠢᠭᠤᠯᠭ᠎ᠠ ᠨᠢᠭᠡᠴᠢ᠄    G0616 ᠭᠠᠭᠴᠠᠮᠤᠳᠤ ᠠᠴᠠ ᠬᠠᠯᠢᠭᠤᠲᠤ ᠬᠦᠷᠬᠦ ᠲᠦᠷᠭᠡᠨ ᠤ ᠵᠠᠰᠠᠮᠠᠯ ᠵᠠᠮ ᠪᠣᠯ 《 ᠤᠯᠤᠰ ᠤᠨ ᠲᠦᠷᠭᠡᠨ ᠤ ᠵᠠᠰᠠᠮᠠᠯ ᠵᠠᠮ ᠤᠨ ᠲᠣᠣᠷ 》ᠳᠣᠲᠣᠷᠠᠬᠢ G6 ᠲᠦᠷᠭᠡᠨ ᠤ ᠵᠠᠰᠠᠮᠠᠯ ᠵᠠᠮ ᠤᠨ 16 ᠳ᠋ᠤᠭᠠᠷ ᠵᠤᠷᠪᠤᠰ ᠬᠠᠷᠢᠯᠴᠠᠭᠠᠨ ᠤ ᠱᠤᠭᠤᠮ ᠪᠣᠯᠤᠨ᠎ᠠ᠂ ᠪᠦᠬᠦ ᠤᠷᠳᠤ ᠨᠢ 131 ᠺᠢᠯᠤᠮᠧᠲᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 55 ᠳ᠋ᠦᠩᠰᠢᠭᠤᠷ ᠲᠥᠭᠦᠷᠢᠭ ᠲᠤ ᠬᠦᠷᠴᠡᠢ᠃ ᠲᠣᠰ ᠲᠥᠷᠥᠯ ᠵᠦᠶᠯ ᠤᠨ ᠬᠡᠷᠡᠭᠵᠢᠭᠦᠯᠦᠯᠲᠡ ᠨᠢ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠠᠬᠢ《 ᠭᠤᠤᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠨᠡᠪᠲᠡᠷᠡᠭᠦᠯᠬᠦ 》ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠥᠪᠡᠷᠲᠡᠭᠡᠨ ᠵᠠᠰᠠᠬᠤ ᠣᠷᠣᠨ ᠤ 《 ᠵᠠᠰᠠᠭ  ᠤᠨ ᠣᠷᠳᠣᠨ ᠤ ᠠᠵᠢᠯ ᠤᠨ ᠮᠡᠳᠡᠭᠦᠯᠦᠯᠲᠡ 》 ᠳᠤ ᠪᠠᠰᠠ 2024 ᠣᠨ ᠳᠤ 《 G0616 ᠭᠠᠭᠴᠠᠮᠤᠳᠤ ᠠᠴᠠ ᠬᠠᠯᠢᠭᠤᠲᠤ ᠬᠦᠷᠬᠦ ᠲᠦᠷᠭᠡᠨ ᠤ ᠵᠠᠰᠠᠮᠠᠯ ᠵᠠᠮ ᠢ ᠪᠠᠶᠢᠭᠤᠯᠵᠤ ᠳᠠᠭᠤᠰᠬᠠᠨ᠎ᠠ 》ᠭᠡᠵᠦ ᠲᠣᠳᠣᠷᠬᠠᠶ ᠳᠤᠷᠠᠳᠴᠠᠶ᠃ ᠲᠣᠰ ᠲᠥᠷᠥᠯ ᠵᠦᠶᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ G0616 ᠲᠦᠷᠭᠡᠨ ᠤ ᠵᠠᠰᠠᠮᠠᠯ ᠵᠠᠮ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠦᠨᠳᠦᠰᠦᠯᠡᠨ᠂ G0616 ᠲᠦᠷᠭᠡᠨ ᠤ ᠵᠠᠰᠠᠮᠠᠯ ᠵᠠᠮ ᠤᠨ ᠴᠠᠬᠢᠯᠭᠠᠨ ᠬᠦᠷᠭᠡᠬᠦ ᠱᠤᠭᠤᠮ ᠢ ᠥᠭᠡᠷᠡᠴᠢᠯᠡᠵᠦ ᠨᠡᠭᠦᠯᠭᠡᠬᠦ ᠠᠴᠠ ᠪᠣᠯᠵᠣ᠂ 2024 ᠣᠨ ᠤ 5 ᠰᠠᠷ᠎ᠠ ᠶᠢᠨ 19 ᠤ ᠡᠳᠦᠷ ᠤᠨ 05 ᠴᠠᠭ 00 ᠮᠢᠨᠦ᠋ᠲ ᠠᠴᠠ 2024 ᠣᠨ ᠤ 5 ᠰᠠᠷ᠎ᠠ ᠶᠢᠨ 19 ᠤ ᠡᠳᠦᠷ ᠤᠨ 22 ᠴᠠᠭ 00 ᠮᠢᠨᠦ᠋ᠲ ᠪᠣᠯᠲᠠᠯ᠎ᠠ ᠸᠧᠨ ᠪᠠ I ᠱᠤᠭᠤᠮ᠂ ᠸᠧᠨ ᠪᠠ II ᠱᠤᠭᠤᠮ ᠢ ᠥᠭᠡᠷᠡᠴᠢᠯᠡᠬᠦ ᠴᠢᠬᠤᠯᠠᠲᠠᠶ ᠪᠣᠯᠵᠣ᠂ ᠲᠠᠪᠤᠳᠤᠭᠠᠷ ᠰᠤᠮᠤᠨ ᠤ 35kV ᠬᠤᠪᠢᠰᠬᠠᠭᠤᠷ ᠤᠨ ᠥᠷᠲᠡᠭᠡ᠂ ᠪᠠᠶᠠᠨᠬᠠᠩᠭᠠᠶ ᠶᠢᠨ 110 kV ᠬᠤᠪᠢᠰᠬᠠᠭᠤᠷ ᠤᠨ ᠥᠷᠲᠡᠭᠡ᠂ ᠬᠢᠯᠢ ᠶᠢᠨ ᠪᠣᠭᠤᠮᠲᠠ ᠶᠢᠨ 110 kV ᠬᠤᠪᠢᠰᠬᠠᠭᠤᠷ ᠤᠨ ᠥᠷᠲᠡᠭᠡ ᠶᠢᠨ ᠪᠥᠬᠦ ᠥᠷᠲᠡᠭᠡ ᠳᠤ ᠴᠠᠬᠢᠯᠭᠠᠨ ᠵᠤᠭᠰᠤᠵᠤ᠂ ᠡᠨᠡ ᠭᠤᠷᠪᠠᠨ ᠬᠤᠪᠢᠰᠬᠠᠭᠤᠷ ᠤᠨ ᠥᠷᠲᠡᠭᠡ ᠳᠤ ᠬᠤᠯᠪᠤᠭᠳᠠᠬᠤ ᠭᠡᠷᠡᠭᠯᠡᠭᠴᠢᠳ ᠤᠨ ᠴᠠᠬᠢᠯᠭᠠᠨ ᠵᠤᠭᠰᠤᠬᠤ ᠪᠤᠯᠤᠨ᠎ᠠ᠃     ᠴᠠᠬᠢᠯᠭᠠᠨ ᠵᠣᠭᠰᠣᠬᠤ ᠬᠡᠪᠴᠢᠶ᠎ᠡ᠄ ᠲᠠᠪᠤᠳᠤᠭᠠᠷ ᠰᠤᠮᠤᠨ ᠤ 35 kV ᠬᠤᠪᠢᠰᠬᠠᠭᠤᠷ ᠤᠨ ᠥᠷᠲᠡᠭᠡ᠂ ᠪᠠᠶᠠᠨᠬᠠᠩᠭᠠᠶ ᠶᠢᠨ 110kV ᠬᠤᠪᠢᠰᠬᠠᠭᠤᠷ ᠤᠨ ᠥᠷᠲᠡᠭᠡ᠂ ᠪᠣᠭᠤᠮᠲᠠ ᠶᠢᠨ 110 kV ᠬᠤᠪᠢᠰᠬᠠᠭᠤᠷ ᠤᠨ ᠥᠷᠲᠡᠭᠡ ᠳᠤ ᠬᠤᠯᠪᠤᠭᠳᠠᠬᠤ ᠪᠥᠬᠦ ᠬᠡᠷᠡᠭᠯᠡᠭᠴᠢᠳ᠃      ᠤᠷᠠᠳ ᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠠᠮ ᠳᠠᠭᠠᠤ ᠶᠢᠨ ᠬᠡᠷᠡᠭᠯᠡᠭᠴᠢᠳ ᠲᠤ ᠴᠠᠬᠢᠯᠭᠠᠨ ᠵᠤᠭᠰᠤᠬᠤ ᠮᠡᠳᠡᠭᠳᠡᠯ ᠢ ᠰᠠᠶᠢᠲᠤᠷ ᠬᠢᠵᠦ᠂ ᠴᠢᠬᠤᠯᠠ ᠬᠡᠷᠡᠭᠯᠡᠭᠴᠢᠳ ᠮᠡᠳᠡᠭᠳᠡᠯ ᠢ ᠣᠯᠤᠭᠰᠠᠨ ᠤ ᠳᠠᠷᠠᠭ᠎ᠠ᠂ ᠴᠠᠬᠢᠯᠭᠠᠨ ᠵᠣᠭᠰᠣᠬᠤ ᠪᠡᠯᠡᠳᠬᠡᠯ ᠢ ᠰᠠᠶᠢᠲᠤᠷ ᠬᠢᠵᠦ᠂ ᠡᠷᠬᠡᠪᠰᠢ ᠴᠠᠬᠢᠯᠭᠠᠨ ᠲᠥᠬᠦᠭᠡᠷᠦᠮᠵᠢ ᠪᠠᠨ ᠴᠠᠬᠢᠯᠭᠠᠨ ᠡᠭᠦᠰᠭᠡᠭᠴᠢ ᠠᠴᠠ ᠰᠠᠯᠭᠠᠵᠤ᠂ ᠠᠭᠠᠷ ᠤᠨ ᠨᠡᠭᠡᠭᠡᠯᠭᠡ ᠶᠢ  ︵ᠬᠠᠭᠠᠵᠤ ︶ ᠲᠡᠰᠦᠯᠵᠦ᠂ ᠳᠣᠲᠣᠭᠠᠳᠤ ᠶᠢᠨ ᠴᠠᠬᠢᠯᠭᠠᠨ ᠬᠠᠩᠭᠠᠬᠤ ᠠᠷᠭ᠎ᠠ ᠮᠠᠶ᠋ᠢᠭ ᠢᠶᠠᠨ ᠴᠠᠭ ᠲᠤᠬᠠᠶ ᠳᠤᠨᠢ ᠲᠣᠬᠢᠷᠠᠭᠤᠯᠵᠤ᠂ ᠬᠡᠪ ᠤᠨ ᠴᠠᠬᠢᠯᠭᠠᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠥᠪᠡᠷ ᠢᠶᠠᠨ ᠪᠡᠯᠡᠳᠬᠡᠭᠰᠡᠨ ᠴᠠᠬᠢᠯᠭᠠᠨ ᠭᠠᠷᠭᠠᠬᠤ ᠲᠣᠨᠣᠭᠯᠠᠯ ᠢᠶᠠᠨ ᠰᠠᠶᠢᠲᠤᠷ ᠬᠠᠮᠠᠭᠠᠯᠠᠵᠤ᠂ ᠴᠠᠬᠢᠯᠭᠠᠨ ᠵᠣᠭᠰᠣᠭᠰᠠᠨ ᠠᠴᠠ ᠪᠣᠯᠤᠭᠰᠠᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠪᠠ ᠲᠥᠬᠦᠭᠡᠷᠦᠮᠵᠢ ᠶᠢᠨ ᠡᠪᠳᠡᠭᠳᠡᠬᠦ ᠲᠦᠭᠰᠢᠭᠦᠷᠢ ᠶᠢ ᠰᠡᠷᠭᠡᠶᠢᠯᠡᠬᠦ ᠶᠢᠨ ᠬᠠᠮᠲᠤ ᠵᠣᠬᠢᠴᠠᠩᠭᠤᠶ ᠪᠠᠴᠢᠮ ᠴᠠᠬᠢᠯᠭᠠᠨ ᠵᠣᠭᠰᠣᠬᠤ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠥᠪᠡᠷ ᠲᠡᠭᠡᠨ ᠪᠡᠯᠡᠳᠬᠡᠭᠰᠡᠨ ᠴᠠᠬᠢᠯᠭᠠᠨ ᠭᠠᠷᠭᠠᠬᠤ ᠮᠠᠰᠢᠨ ᠲᠠᠢ ᠬᠡᠷᠡᠭᠯᠡᠭᠴᠢᠳ ᠪᠦᠬᠦᠨ ᠡᠷᠬᠡᠪᠰᠢ  ᠠᠮᠤᠷ ᠲᠦᠪᠰᠢᠨ ᠠᠶᠤᠯ ᠦᠭᠡᠶ ᠪᠠᠶᠢᠬᠤ ᠶᠢ ᠳᠡᠭᠡᠳᠦ ᠬᠡᠮᠵᠢᠶ᠎ᠡ ᠪᠠᠷ ᠪᠠᠳᠤᠯᠠᠵᠤ᠂ ᠴᠠᠬᠢᠯᠭᠠᠨ ᠵᠤᠭᠰᠤᠭᠰᠠᠨ ᠴᠠᠬᠢᠯᠭᠠᠨ ᠤᠳᠠᠰᠤᠨ ᠳᠤ ᠴᠠᠬᠢᠯᠭᠠᠨ ᠪᠤᠴᠠᠭᠠᠨ ᠬᠦᠷᠭᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃     ᠥᠷᠭᠡᠨ ᠣᠯᠠᠨ ᠬᠡᠷᠡᠭᠯᠡᠭᠴᠢᠳ ᠬᠠᠷᠢᠯᠴᠠᠨ ᠮᠡᠳᠡᠭᠡ ᠴᠢᠮᠡᠭᠡ ᠲᠠᠮᠵᠢᠭᠤᠯᠵᠤ᠂ ᠴᠠᠬᠢᠯᠭᠠᠨ ᠵᠣᠭᠰᠣᠬᠤ ᠪᠡᠯᠡᠳᠬᠡᠯ ᠢᠶᠠᠨ ᠰᠠᠶᠢᠳᠦᠷ ᠬᠢᠬᠦ ᠶᠢ ᠬᠦᠰᠡᠵᠦ ᠪᠠᠶᠢᠨ᠎ᠠ᠂ ᠤᠶᠢᠯᠠᠭᠠᠨ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ︕                               ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                2024 ᠣᠨ ᠤ 4 ᠰᠠᠷ᠎ᠠ ᠶᠢᠨ 29 ᠤ ᠡᠳᠦᠷ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ