ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 22  ᠵᠢᠯ  ᠳᠤᠲᠠᠭᠠᠭᠰᠠᠨ  ᠠᠮᠢᠨ  ᠭᠡᠷᠡᠭ  ᠤᠨ  ᠶᠠᠯᠠᠲᠠᠨ ᠢ  ᠪᠠᠷᠢᠪᠴᠢᠯᠠᠪᠠ
ᠨᠡᠶᠢᠲᠡᠯᠡᠭᠰᠡᠨ ᠴᠠᠭ᠄
2024/5/24
     ᠤᠶᠢᠷ᠎ᠠ  ᠳᠤ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠠᠨᠾᠦ᠋ᠢ ᠮᠤᠵᠢ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠮᠵᠢᠭᠤᠯᠤᠭᠰᠠᠨ ᠰᠤᠳᠤᠯᠤᠨ ᠮᠠᠭᠠᠳᠯᠠᠬᠤ ᠰᠦᠪᠡᠭᠴᠢ ᠶᠢᠨ ᠵᠠᠷᠯᠢᠭ ᠢ ᠭᠥᠯᠢᠶᠡᠨ ᠠᠪᠴᠤ᠂ ᠭᠠᠨᠰᠦ ᠮᠤᠵᠢ ᠶᠢᠨ 2002 ᠣᠨ ᠤ ᠠᠮᠢᠨ ᠬᠡᠷᠡᠭ ᠤᠨ ᠤᠷᠭᠤᠭᠰᠠᠨ ᠶᠠᠯᠠᠳᠠᠨ ᠪᠠᠶ ᠣᠪᠣᠭᠲᠤ ᠮᠠᠨ ᠤ ᠬᠤᠰᠢᠭᠤᠨ ᠳᠤ ᠠᠵᠢᠯᠯᠠᠭ᠎ᠠ ᠲᠠᠢ ᠪᠠᠶᠢᠬᠤ ᠶᠢ ᠮᠡᠳᠡᠪᠡ᠃ ᠵᠠᠷᠯᠢᠭ ᠢ ᠣᠯᠤᠭᠰᠠᠨ ᠤ ᠳᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠬᠤᠯᠤᠰᠤᠲᠠᠶ ᠲᠣᠮᠢᠯᠠᠭᠰᠠᠨ ᠰᠠᠯᠪᠤᠷᠢ  ᠶᠢ ᠵᠣᠬᠢᠶᠠᠨ ᠪᠠᠶᠢᠭᠤᠯᠵᠤ᠂ ᠰᠤᠳᠤᠯᠤᠨ ᠮᠠᠭᠠᠳᠯᠠᠵᠤ ᠪᠠᠷᠢᠪᠴᠢᠯᠠᠬᠤ ᠠᠵᠢᠯ ᠢ ᠳᠠᠷᠤᠶ ᠲᠦᠷᠭᠡᠨ ᠶᠠᠪᠤᠭᠳᠠᠭᠤᠯᠪᠠ᠃
微信图片_20240524125507.jpg
    ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠤᠷᠢᠳᠴᠢᠯᠠᠨ ᠰᠡᠷᠡᠮᠵᠢᠯᠡᠬᠦ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠢᠶᠠᠷ ᠳᠡᠮᠵᠢᠨ᠂ ᠤᠷᠠᠳ ᠤᠨ ᠳᠤᠮᠳᠠᠳᠤ ᠬᠤᠰᠢᠭᠤᠨ ᠤ ᠬᠤᠯᠤᠰᠤᠲᠠᠶ ᠰᠤᠮᠤᠨ ᠤ ᠨᠢᠭᠡᠨ ᠡᠷᠡᠭᠲᠡᠶ ᠶᠠᠯ᠎ᠠ ᠬᠢᠭᠰᠡᠨ ᠰᠡᠵᠢᠭᠳᠡᠨ ᠪᠠᠶ ᠣᠪᠣᠭᠲᠤ ᠲᠠᠢ ᠮᠠᠰᠢ  ᠲᠦᠰᠦᠭᠡᠳᠡᠢ ᠪᠠᠶᠢᠬᠤ ᠶᠢ ᠣᠯᠵᠤ ᠮᠡᠳᠡᠵᠡᠶ᠃ ᠠᠷᠠᠳ ᠤᠨ ᠴᠠᠭᠳᠠᠭ᠎ᠠ ᠨᠠᠷᠢᠨ ᠨᠢᠭᠲᠠ ᠬᠠᠷᠢᠴᠠᠭᠤᠯᠬᠤ ᠪᠠᠷ ᠳᠡᠮᠵᠢᠨ᠂ ᠲᠣᠰ ᠡᠷᠡᠭᠲᠡᠶ ᠨᠢ ᠣᠯᠠᠨ ᠵᠢᠯ ᠳᠤᠲᠠᠭᠠᠵᠤ ᠪᠠᠶᠢᠭᠰᠠᠨ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠪᠠᠶ ᠣᠪᠣᠭᠲᠤ ᠪᠠᠶᠢᠵᠤ ᠮᠡᠳᠡᠨ᠎ᠡ ᠭᠡᠵᠦ ᠠᠩᠬ᠎ᠠ ᠠᠯᠬᠤᠮ ᠮᠠᠭᠠᠳᠯᠠᠪᠠ᠂ ᠲᠣᠰ ᠬᠥᠮᠦᠨ ᠨᠢ ᠣᠷᠣᠨ ᠰᠠᠭᠤᠴᠠ ᠥᠬᠡᠶ᠂ ᠵᠤᠬᠢᠬᠤ ᠭᠡᠮᠵᠢᠶᠠᠨ ᠤ ᠭᠡᠳᠡᠷᠬᠦ ᠲᠠᠩᠨᠠᠬᠤ ᠰᠡᠷᠡᠮᠵᠢ ᠲᠠᠢ ᠪᠠᠶᠢᠵᠤ᠂ ᠡᠩ ᠤᠨ ᠪᠠᠶᠢᠳᠠᠯ ᠳᠤ ᠭᠠᠵᠠᠷ ᠠᠭᠤᠳᠠᠮ ᠬᠥᠮᠦᠨ ᠴᠥᠭᠡᠨ ᠮᠠᠯᠵᠢᠬᠤ ᠣᠷᠣᠨ ᠢᠶᠠᠷ ᠮᠠᠯ ᠬᠠᠷᠢᠭᠤᠯᠵᠤ᠂ ᠬᠥᠮᠦᠨ ᠬᠠᠷ᠎ᠠ ᠲᠠᠢ ᠲᠠᠨᠢᠯ ᠲᠡᠰᠦᠯ ᠪᠤᠯᠬᠤ ᠠᠴᠠ ᠵᠠᠶᠢᠯᠠᠰᠬᠢᠳᠠᠭ᠃ ᠡᠶᠢᠮᠦ ᠠᠴᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠦᠨᠳᠦᠰᠦᠨ ᠱᠠᠲᠤᠨ ᠤ ᠭᠠᠵᠠᠷ ᠤᠨ ᠪᠠᠶᠢᠴᠠ ᠪᠠ ᠮᠠᠯᠴᠢᠨ ᠲᠠᠷᠢᠶᠠᠴᠢᠨ ᠡᠷᠦᠬᠡ ᠶᠢᠨ ᠪᠠᠶᠢᠳᠠᠯ ᠢ ᠰᠠᠶᠢᠨ ᠮᠡᠳᠡᠬᠦ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠡᠷᠦᠬᠡ ᠲᠠᠷᠠᠭᠠᠯᠠᠨ ᠪᠠᠶᠢᠴᠠᠭᠠᠯᠳᠠ ᠬᠢᠵᠤ᠂ ᠬᠡᠪᠴᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠡᠴᠦᠰ ᠲᠡᠭᠡᠨ ᠲᠡᠭᠦᠨ ᠤ ᠤᠷᠠᠳ ᠤᠨ ᠳᠤᠮᠳᠠᠳᠤ ᠬᠤᠰᠢᠭᠤᠨ ᠤ ᠬᠤᠯᠤᠰᠤᠲᠠᠶ ᠰᠤᠮᠤ ᠶᠢᠨ ᠨᠢᠭᠡᠨ ᠭᠠᠴᠠᠭ᠎ᠠ ᠳᠤ ᠨᠢᠭᠤᠨ ᠳᠠᠯᠳᠠᠯᠠᠵᠤ ᠪᠠᠶᠢᠬᠤ ᠶᠢ ᠮᠠᠭᠠᠳᠯᠠᠨ ᠲᠣᠭᠲᠠᠭᠠᠵᠤ᠂ ᠲᠡᠷᠡ ᠳᠠᠷᠤᠶ ᠳᠤᠨᠢ ᠲᠣᠰ ᠡᠷᠡᠭᠲᠡᠶ ᠶᠢᠨ ᠪᠠᠶᠢᠳᠠᠯ ᠢ ᠡᠵᠡᠮᠳᠡᠪᠠ᠃ 2024 ᠣᠨ ᠤ 4 ᠰᠠᠷ᠎ᠠ ᠶᠢᠨ 17 ᠤ ᠡᠳᠦᠷ ᠤᠨ 23 ᠴᠠᠭ 03 ᠮᠢᠨᠦ᠋ᠲ ᠲᠤ᠂ ᠤᠷᠠᠳ ᠤᠨ ᠳᠤᠮᠳᠠᠳᠤ ᠬᠤᠰᠢᠭᠤᠨ ᠤ ᠬᠤᠯᠤᠰᠤᠲᠠᠶ ᠰᠤᠮᠤ  ᠶᠢᠨ ᠰᠢᠪᠡᠭᠡᠲᠦ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠨᠢᠭᠡᠨ ᠪᠠᠶᠢᠰᠢᠩ ᠳᠣᠲᠣᠷ᠎ᠠ ᠠᠮᠢᠨ ᠭᠡᠷᠡᠭ ᠤᠨ  ᠤᠷᠭᠤᠭᠰᠠᠨ ᠶᠠᠯᠠᠲᠠᠨ ᠪᠠᠶ ᠣᠪᠣᠭᠲᠤ ᠶᠢ ᠪᠠᠷᠢᠪᠴᠢᠯᠠᠪᠠ᠃
   微信图片_20240524125521.jpg
     ᠭᠡᠨᠡᠳᠡᠬᠦᠯᠦᠨ ᠰᠢᠬᠦᠨ ᠠᠰᠠᠭᠤᠬᠤ ᠪᠠᠷ ᠳᠠᠮᠵᠢᠭᠠᠳ ᠪᠠᠢ ᠣᠪᠣᠭᠲᠤ ᠶᠠᠯ᠎ᠠ ᠬᠢᠭᠰᠡᠨ ᠪᠣᠳᠠᠲᠤ ᠭᠡᠷᠡᠭ ᠢᠶᠠᠨ  ᠦᠴᠢᠭᠯᠡᠪᠡ᠃ ᠣᠳᠣᠬᠠᠨ ᠳᠤ ᠭᠠᠨᠰᠦ ᠮᠤᠵᠢ ᠶᠢᠨ ᠬᠤᠸᠠ ᠲᠢᠩ ᠬᠤᠲᠠ ᠶᠢᠨ ᠴᠠᠭᠳᠠᠭᠠᠨ ᠤ ᠲᠠᠯ᠎ᠠ ᠳᠤ ᠰᠢᠯᠵᠢᠭᠦᠯᠦᠨ ᠲᠤᠰᠢᠶᠠᠬᠤ ᠬᠠᠮᠢᠶ᠎ᠠ ᠪᠦᠬᠦᠢ ᠠᠵᠢᠯ ᠢ ᠬᠢᠵᠦ ᠪᠠᠶᠢᠨ᠎ᠠ᠃ ᠶᠠᠯ᠎ᠠ ᠬᠢᠭᠰᠡᠨ ᠰᠡᠵᠢᠭᠳᠡᠨ ᠪᠠᠢ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠭᠰᠠᠨ ᠨᠢ ᠤᠷᠠᠳ ᠤᠨ ᠳᠤᠮᠳᠠᠳᠤ ᠬᠤᠰᠢᠭᠤᠨ ᠤ ︽ᠲᠤᠳᠤ ᠭᠡᠷᠡᠯᠳᠤ ᠢᠨᠵᠧᠨᠧᠷᠢᠩ︾ ᠤᠨ ᠲᠠᠪᠴᠠᠩ ᠠᠰᠢᠭᠯᠠᠯᠲᠠ  ᠳᠤ ᠤᠷᠤᠬᠰᠠᠨ ᠠᠴᠠ ᠨᠠᠭᠠᠰᠢ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠪᠣᠯᠬᠤ ᠪᠥᠭᠡᠳ ᠪᠠᠰᠠ ︽ᠲᠤᠳᠤ ᠭᠡᠷᠡᠯᠳᠤ ᠢᠨᠵᠧᠨᠧᠷᠢᠩ︾ ᠤᠨ ᠲᠠᠪᠴᠠᠩ ᠤᠨ ᠪᠦᠳᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠪᠣᠯᠤᠨ ᠬᠡᠷᠡᠭᠯᠡᠭᠡᠨ ᠤ ᠴᠢᠨᠠᠷ ᠤᠨ ᠲᠤᠬᠠᠢ ᠨᠢᠭᠡ ᠤᠳᠠᠭᠠᠨ ᠤ ᠰᠢᠯᠭᠠᠯᠲᠠ ᠪᠣᠯᠤᠨ᠎ᠠ᠂ ᠨᠡᠩ ᠴᠤ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ  ᠴᠠᠭᠳᠠᠭ᠎ᠠ ᠶᠢ ᠬᠦᠭᠵᠢᠬᠦᠯᠬᠦ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠪᠣᠳᠠᠲᠤ ᠦᠢᠯᠡᠳᠦᠯᠭᠡ ᠪᠣᠯᠤᠨ᠎ᠠ᠃ ︽ᠲᠤᠳᠤ ᠭᠡᠷᠡᠯᠳᠤ ᠢᠨᠵᠧᠨᠧᠷᠢᠩ︾ ᠤᠨ ᠲᠠᠪᠴᠠᠩ ᠢ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠶᠢ ᠳᠠᠭᠠᠯᠳᠤᠨ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠬᠦ ᠳᠤ ᠬᠦᠴᠦᠯᠡᠨ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠲᠠᠯ᠎ᠠ ᠪᠠᠷ ᠨᠠᠩ ᠴᠢᠬᠤᠯᠠ ᠦᠶᠯᠡᠳᠦᠯ ᠦᠵᠡᠭᠦᠯᠬᠦ ᠨᠢ ᠯᠠᠪᠲᠠᠶ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ