ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 | ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠦᠮᠦᠨ ᠤ ᠬᠦᠴᠦ ᠨᠡᠶᠢᠭᠡᠮ | ᠤᠨ ᠪᠠᠳᠤᠯᠠᠭᠠᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ 2024 ᠣᠨ ᠤ | ᠮᠠᠨ ᠤ ᠬᠤᠰᠢᠭᠤᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠮᠡᠷᠭᠡᠵᠢᠯ ᠤᠨ ᠴᠣᠯᠠ ᠶᠢ ᠬᠢᠨᠠᠨ ᠬᠠᠷᠭᠤᠭᠤᠯᠬᠤ ᠠᠵᠢᠯ ᠨᠢᠭᠡᠨᠲᠡ ᠳᠠᠭᠤᠰᠴᠠᠢ᠂ | ᠣᠲᠣ ᠠᠩᠬᠠᠨ ᠤ ᠬᠢᠨᠠᠯᠲᠠ ᠳᠤ ᠪᠠᠲᠤᠯᠠᠭᠳᠠᠭᠰᠠᠨ ᠬᠥᠮᠥᠰ ᠤᠨ ᠨᠡᠷᠡᠰ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 6 ᠰᠠᠷ᠎ᠠ ᠶᠢᠨ 19 ᠤ | ᠡᠳᠦᠷ ᠠᠴᠠ 6 ᠰᠠᠷ᠎ᠠ ᠶᠢᠨ 25 ᠤ ᠡᠳᠦᠷ ᠪᠣᠯᠣᠨ᠎ᠠ᠃ | ᠡᠨᠡᠬᠦ ᠠᠩᠬᠠᠨ ᠤ ᠬᠢᠨᠠᠯᠲᠠ ᠳᠤ ᠪᠠᠲᠤᠯᠠᠭᠳᠠᠭᠰᠠᠳ ᠲᠤ ᠮᠠᠳᠠᠭ ᠲᠠᠢ ᠠᠰᠠᠭᠤᠳᠠᠯ ᠪᠠᠶᠢᠪᠠᠯ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠴᠥᠮ | ᠤᠲᠠᠰᠤ᠂ ᠵᠠᠬᠢᠳᠠᠯ᠂ ᠰᠤᠷᠪᠤᠯᠵᠢᠯᠠᠯ ᠵᠡᠷᠭᠡ ᠬᠡᠯᠪᠡᠷᠢ ᠪᠠᠷ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ | ᠠᠰᠠᠭᠤᠳᠠᠯ ᠢᠶᠠᠨ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠢ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ | ᠪᠢᠴᠢᠭ ᠮᠠᠲ᠋ᠧᠷᠢᠶᠠᠯ ᠢᠶᠠᠨ ᠳᠠᠭᠠᠯᠳᠤᠭᠤᠯᠵᠤ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠬᠠᠩᠭᠠᠵᠤ᠂ ᠪᠢᠳᠡᠨ ᠤ ᠲᠠᠷᠠᠭᠠᠴᠢ ᠶᠢᠨ ᠠᠯᠬᠤᠮ ᠤᠨ | ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠳᠤ ᠲᠦᠭᠦᠮ ᠦᠵᠡᠭᠦᠯᠬᠦ ᠬᠡᠷᠡᠭᠲᠡᠢ᠃ | ᠢᠯᠡᠴᠢᠯᠡᠨ ᠮᠡᠳᠡᠭᠦᠯᠬᠦ ᠤᠲᠠᠰᠤ᠄ 0478 — 5919599 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︶ | 0478 — 5911636 ︵ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠢ | ᠮᠡᠷᠭᠡᠵᠢᠯ ᠤᠨ ᠬᠠᠮᠢᠶᠠᠷᠤᠯᠲᠠ ᠶᠢᠨ ᠲᠠᠰᠤᠭ︶ | | | ᠳᠠᠭᠠᠯᠳᠤᠭᠤᠯᠤᠯ᠄ ᠤᠷᠠᠳ ᠤᠨ ᠳᠤᠮᠳᠠᠳᠤ ᠬᠤᠰᠢᠭᠤᠨ ᠤ 2024 ᠣᠨ ᠳᠤ ᠮᠡᠳᠡᠭᠦᠯᠦᠭᠰᠡᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠳᠤ | ᠪᠠᠲᠤᠯᠠᠭᠳᠠᠭᠰᠠᠳ ᠤᠨ ᠨᠡᠷᠡᠰ ᠤᠨ ᠬᠦᠰᠦᠨᠦᠭᠲᠦ | | | ᠤᠷᠠᠳ ᠤᠨ ᠳᠤᠮᠳᠠᠳᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2024 ᠣᠨ ᠤ 6 ᠰᠠᠷ᠎ᠠ ᠶᠢᠨ 19 ᠤ ᠡᠳᠦᠷ | | | http://www.wltzq.gov.cn/ywdt/tzgg/202406/P020240619620655288662.xls |