ᠡᠶᠢᠮᠦ ᠵᠦᠢᠯ ᠢ ᠪᠢᠳᠡᠭᠡᠢ ᠡᠳ᠋ᠯᠡ
ᠨᠡᠶᠢᠲᠡᠯᠡᠭᠰᠡᠨ ᠴᠠᠭ᠄
2024/6/24
    ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠣᠶᠢᠷ᠎ᠠ ᠳᠤ ︽ᠰᠦ ᠲᠠᠢ ᠴᠠᠢ ᠶᠢᠨ ᠴᠣᠮᠣ︾ ︽ᠺᠤᠯᠠ ᠶᠢᠨ ᠯᠣᠩᠬᠤ︾ ᠭᠡᠬᠦ ᠵᠡᠷᠭᠡ ᠪᠠᠷ ᠨᠡᠷᠡᠯᠡᠭᠰᠡᠨ ᠠᠮᠲᠠ ᠣᠷᠣᠭᠤᠯᠬᠤ ᠡᠯᠧᠺᠲᠷᠣᠨ ᠲᠠᠮᠠᠬᠢ ᠶᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠡᠯ᠎ᠡ ᠲᠥᠷᠥᠯ ᠤᠨ 593 ᠬᠡᠷᠡᠭ ᠢ ᠪᠠᠶᠢᠴᠠᠭᠠᠨ ᠢᠯᠡᠷᠡᠭᠦᠯᠵᠦ᠂ 188 ᠬᠥᠮᠥᠨ ᠠᠴᠠ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠂ ᠡᠯ᠎ᠡ ᠲᠥᠷᠥᠯ ᠤᠨ ︽ᠰᠦ ᠲᠠᠢ ᠴᠠᠢ ᠶᠢᠨ ᠴᠣᠮᠣ︾ ︽ᠺᠤᠯᠠ ᠶᠢᠨ ᠯᠣᠩᠬᠤ︾ ᠶᠢ 72.38 ᠲᠦᠮᠡ ᠶᠢ ᠪᠠᠶᠢᠴᠠᠭᠠᠨ ᠭᠠᠷᠭᠠᠵᠤ᠂ ᠲᠣᠰ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠪᠠ᠃    ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ 12.15 ᠲᠦᠮᠡᠨ ᠪᠣᠷᠤᠯᠠᠭᠤᠯᠭ᠎ᠠ ᠶᠢᠨ ᠲᠣᠣᠷ ᠴᠡᠭ ᠢ ᠪᠠᠶᠢᠴᠠᠭᠠᠨ ᠭᠠᠷᠭᠠᠪᠠ᠃ ᠡᠳᠡᠭᠡᠷ ᠲᠠᠸᠠᠷ ᠪᠣᠯ ᠴᠥᠮ ᠬᠠᠤᠯᠢ ᠪᠤᠰᠤ ᠪᠠᠷ ᠦᠢᠯᠡᠳᠪᠦᠷᠢᠯᠡᠭᠰᠡᠨ ᠬᠠᠭᠤᠷᠮᠠᠭ ᠮᠠᠭᠤ ᠡᠯᠧᠺᠲᠷᠣᠨ ᠲᠠᠮᠠᠬᠢ ᠪᠤᠯᠬᠤ ᠶᠤᠮ᠂ ᠲᠡᠭᠦᠨ ᠤ ᠬᠡᠯᠪᠡᠷᠢ ᠳᠦᠷᠰᠦ ᠨᠢ ᠬᠡᠦᠬᠡᠳ ᠤᠨ ᠲᠣᠭᠯᠠᠭᠠᠮ᠂ ᠰᠢᠨ᠎ᠡ ᠤᠮᠳᠠᠭᠠᠨ ᠪᠤᠶᠤ ᠢᠳᠡᠭᠡᠨ ᠤ ᠵᠦᠢᠯ ᠰᠢᠭ ᠪᠠᠶᠢᠵᠤ᠂ ᠬᠡᠦᠬᠡᠳ ᠪᠠᠭᠠᠴᠤᠳ ᠢ ᠣᠷᠣᠭᠤ ᠳᠠᠳᠠᠳᠠᠭ ᠮᠥᠷᠲᠡᠭᠡᠨ ᠪᠦᠳᠦᠴᠡ ᠪᠦᠷᠢᠯᠳᠦᠭᠦᠨ ᠨᠢ ᠪᠤᠳᠤᠯᠢᠶᠠᠨᠲᠠᠢ᠂ ᠦᠢᠯᠡᠳᠬᠦᠨ ᠤ ᠶᠠᠰᠤ ᠴᠢᠨᠠᠷ ᠨᠢ ᠠᠨᠠᠢ᠂ ᠠᠮᠤᠷ ᠲᠦᠪᠰᠢᠨ ᠤ ᠭᠡᠮ ᠰᠤᠭᠤᠭ ᠲᠠᠢ ᠪᠤᠯᠬᠤᠷ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠳᠡᠭ ᠶᠤᠮ᠃ ᠵᠠᠪᠰᠢᠬᠴᠢᠳ ᠭᠤᠣᠯᠳᠠᠭᠤ ᠰᠦᠯᠵᠢᠶᠡᠨ ᠳᠡᠭᠡᠷ᠎ᠡ ᠨᠢᠭᠤᠴᠠ ᠪᠠᠷ ᠪᠣᠷᠣᠯᠠᠭᠤᠯᠳᠠᠭ ᠪᠦᠬᠡᠳ ᠵᠠᠷᠢᠮ ᠨᠢ ᠪᠦᠷ ᠬᠡᠦᠬᠡᠳ ᠪᠠᠭᠠᠴᠤᠳ ᠢ ᠳᠠᠮᠵᠢᠨ ᠪᠤᠷᠤᠯᠠᠭᠤᠯᠤᠬᠴᠢ ᠪᠠᠨ ᠪᠤᠯᠭᠠᠬᠤ ᠪᠠᠷ ᠦᠳᠦᠬᠡᠨ ᠳᠠᠳᠠᠳᠠᠭ ᠪᠠᠶᠢᠨ᠎ᠠ᠃   
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ