ᠨᠢᠭᠡ᠂ ᠮᠦᠬᠦ ᠶᠢᠨ ᠲᠦᠷᠦᠯ ᠤᠨ ᠢᠳᠡᠭᠡᠨ | ᠦᠯᠡᠳᠡᠭᠰᠡᠨ ᠮᠥᠭᠦ ᠶᠢ ᠲᠠᠬᠢᠵᠦ ᠬᠠᠯᠠᠭᠤᠯᠵᠣ ᠢᠳᠡᠪᠡᠯ ᠭᠡᠳᠡᠰᠦ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠴᠤ ᠮᠡᠳᠡᠨ᠎ᠡ᠂ ᠵᠠᠯᠭ᠎ᠠ ᠢᠩᠭᠢᠵᠦ | ᠢᠳᠡᠪᠡᠯ ᠰᠢᠩᠭᠡᠭᠡᠯᠲᠡ ᠶᠢᠨ ᠰᠢᠰᠲ᠋ᠧᠮ ᠤᠨ ᠬᠠᠪᠤᠳᠠᠷ ᠲᠤ ᠨᠡᠷᠪᠡᠭᠳᠡᠬᠦ ᠪᠣᠯᠣᠯᠴᠠᠭ᠎ᠠ ᠲᠠᠢ᠃ ᠡᠶᠢᠮᠦ ᠠᠴᠠ ᠮᠥᠭᠦ ᠶᠢ ᠬᠤᠶᠠᠳᠠᠬᠢ ᠤᠳᠠᠭ᠎ᠠ ᠬᠠᠯᠠᠭᠤᠯᠵᠤ | ᠢᠳᠡᠭᠰᠡᠨ ᠤ ᠬᠡᠷᠡᠭ ᠦᠭᠡᠢ᠃ | ᠬᠤᠶᠠᠷ᠂ ᠳᠠᠯᠠᠢ ᠶᠢᠨ ᠢᠳᠡᠭᠡᠨ | ᠰᠠᠮ ᠬᠤᠷᠣᠬᠠᠢ᠂ ᠨᠠᠢᠮᠠᠯᠵᠢ ᠮᠡᠲᠦ ᠶᠢᠨ ᠳᠠᠯᠠᠢ ᠶᠢᠨ ᠢᠳᠡᠭᠡᠨ ᠤ ᠵᠦᠢᠯ ᠢ ᠬᠤᠶᠠᠳᠠᠬᠢ ᠤᠳᠠᠭ᠎ᠠ ᠬᠠᠯᠠᠭᠤᠯᠵᠣ ᠢᠳᠡᠵᠤ ᠪᠣᠯᠬᠤ ᠦᠭᠡᠢ᠃ ᠢᠳᠡᠵᠦ ᠪᠠᠷᠠᠭᠰᠠᠨ | ᠦᠭᠡᠢ ᠳᠠᠯᠠᠢ ᠶᠢᠨ ᠢᠳᠡᠭᠡᠨ ᠢ ᠤᠳᠠᠭᠠᠨ ᠲᠠᠯᠪᠢᠪᠠᠯ ᠠᠮᠠᠷᠬᠠᠨ ᠪᠠᠺᠲ᠋ᠧᠷᠢ ᠪᠠ ᠬᠤᠣᠷᠲᠤ ᠡᠳ᠋ ᠡᠭᠦᠰᠴᠦ᠂ ᠡᠯᠢᠭᠡᠨ ᠤ ᠬᠤᠣᠷ ᠲᠠᠶᠢᠯᠬᠤ ᠳᠠᠷᠤᠭᠠᠰᠤ ᠶᠢ | ᠬᠦᠨᠳᠣᠷᠡᠬᠦᠯᠳᠡᠭ᠃ ᠳᠠᠯᠠᠢ ᠶᠢᠨ ᠢᠳᠡᠭᠡᠨ ᠢ ᠪᠠᠷᠢᠨ ᠬᠢᠵᠦ ᠪᠠᠷᠢᠨ ᠢᠳᠡᠪᠡᠯ ᠬᠠᠮᠤᠭ ᠰᠠᠶᠢᠨ᠃ | ᠭᠤᠷᠪᠠ᠂ ᠥᠷᠭᠡᠰᠦᠲᠦ ᠨᠣᠭᠤᠭ᠎ᠠ | ᠥᠷᠭᠡᠰᠦᠲᠦ ᠨᠣᠭᠤᠭ᠎ᠠ ᠶᠢᠨ ᠬᠦᠴᠢᠯ ᠤᠨ ᠠᠭᠤᠯᠤᠭᠳᠠᠴᠠ ᠶᠡᠭᠡ ᠪᠤᠯᠬᠤᠷ ᠣᠰᠣᠨ ᠳᠤ ᠪᠤᠴᠠᠯᠭᠠᠭᠰᠠᠨ ᠤ ᠳᠠᠷᠠᠭ᠎ᠠ ᠢᠳᠡᠬᠦ ᠬᠡᠷᠡᠭᠲᠡᠶ᠂ ᠡᠭᠦᠨ ᠤ ᠳᠡᠭᠡᠷ᠎ᠡ | ᠥᠷᠭᠡᠰᠦᠲᠦ ᠨᠣᠭᠤᠭ᠎ᠠ ᠳᠤ ᠪᠠᠰᠠ ᠶᠡᠭᠡ ᠬᠡᠮᠵᠢᠶᠡᠨ ᠤ ᠠᠽᠣᠲ ᠬᠦᠴᠢᠯ ᠤᠨ ᠳᠠᠪᠤᠰᠤ ᠠᠭᠤᠯᠤᠭᠳᠠᠨ᠎ᠠ᠂ ᠬᠡᠷᠪᠡ ᠬᠤᠶᠠᠳᠠᠬᠢ ᠤᠳᠠᠭ᠎ᠠ ᠬᠠᠯᠠᠭᠤᠯᠪᠠᠯ ᠬᠥᠮᠦᠨ ᠤ | ᠪᠡᠶ᠎ᠡ ᠳᠤ ᠬᠤᠤᠷᠲᠠᠶ ᠪᠠᠶᠢᠳᠠᠭ᠃ | ᠳᠥᠷᠪᠡ᠂ ᠦᠨᠢᠶᠡᠨ ᠰᠦ | ᠦᠨᠢᠶᠡᠨ ᠰᠦ ᠶᠢ ᠳᠠᠬᠢᠨ ᠳᠠᠪᠲᠠᠨ ᠬᠠᠯᠠᠭᠠᠵᠤ ᠪᠣᠯᠬᠤ ᠦᠭᠡᠢ᠃ ᠴᠠᠭ ᠤᠳᠠᠪᠠᠯ ᠰᠦ ᠶᠢᠨ ᠴᠢᠨᠠᠷ ᠬᠤᠪᠢᠷᠠᠨ᠎ᠠ᠂ ᠠᠮᠠᠷᠬᠠᠨ ᠬᠡᠳᠡᠰᠣ ᠡᠪᠡᠳᠴᠤ ᠰᠠᠭᠤᠯᠭᠠᠬᠤ | ᠪᠣᠯᠤᠨ᠎ᠠ᠃ ᠡᠭᠦᠨ ᠠᠴᠠ ᠭᠠᠳᠠᠨ᠎ᠠ᠂ ᠦᠨᠢᠶᠡᠨ ᠰᠦ ᠶᠢ ᠳᠠᠬᠢᠨ ᠳᠠᠪᠲᠠᠨ ᠬᠠᠯᠠᠭᠠᠪᠠᠯ᠂ ᠦᠨᠢᠶᠡᠨ ᠰᠦ ᠳᠣᠲᠣᠷᠠᠬᠢ ᠤᠭᠤᠷᠠᠭ ᠤᠨ ᠴᠢᠨᠠᠷ ᠬᠤᠪᠢᠷᠠᠵᠤ᠂ ᠰᠢᠮ᠎ᠡ | ᠲᠡᠵᠢᠭᠡᠯ ᠳᠤᠲᠠᠭᠳᠠᠬᠤ ᠪᠣᠯᠤᠨ᠎ᠠ᠃ | ᠲᠠᠪᠤ᠂ ᠴᠠᠭᠠᠨ ᠳᠡᠯᠳᠡᠦ ᠶᠢᠨ ᠱᠥᠯᠥ | ᠴᠠᠭᠠᠨ ᠳᠡᠯᠳᠡᠦ ᠳᠣᠲᠣᠷ᠎ᠠ ᠨᠡᠯᠢᠶᠡᠳ ᠠᠷᠪᠢᠨ ᠠᠽᠣᠲ ᠬᠦᠴᠢᠯ ᠤᠨ ᠳᠠᠪᠤᠰᠤᠨ ᠤ ᠲᠦᠷᠦᠯ ᠠᠭᠤᠯᠤᠭᠳᠠᠵᠤ ᠪᠠᠶᠢᠳᠠᠭ ᠪᠤᠯᠬᠤᠷ ᠴᠠᠭᠠᠨ ᠳᠡᠯᠳᠡᠦ ᠶᠢᠨ ᠱᠥᠯᠥ ᠶᠢ | ᠤᠳᠠᠭᠠᠨ ᠲᠠᠯᠪᠢᠪᠠᠯ ᠠᠽᠣᠲ ᠬᠦᠴᠢᠯ ᠤᠨ ᠳᠠᠪᠤᠰᠤ ᠨᠢ ᠵᠠᠳᠠᠷᠠᠭᠠᠳ ᠳᠤᠲᠠᠮᠠᠭ ᠠᠽᠣᠲ ᠬᠦᠴᠢᠯ ᠤᠨ ᠳᠠᠪᠤᠰᠤ ᠪᠣᠯᠳᠠᠭ᠃ ᠳᠤᠲᠠᠮᠠᠭ ᠠᠽᠣᠲ ᠬᠦᠴᠢᠯ ᠤᠨ | ᠳᠠᠪᠤᠰᠤ ᠨᠢ ᠴᠢᠰᠤᠨ ᠳᠣᠲᠣᠷᠠᠬᠢ ᠴᠢᠰᠤᠨ ᠤ ᠤᠯᠠᠭᠠᠨ ᠤᠭᠤᠷᠠᠭ ᠤᠨ ᠬᠦᠴᠢᠯᠲᠥ᠋ᠷᠥᠭᠴᠢ ᠠᠴᠢᠶᠠᠯᠠᠬᠤ ᠴᠢᠳᠠᠪᠤᠷᠢ ᠶᠢ ᠠᠯᠳᠠᠭᠤᠯᠵᠤ᠂ ᠬᠥᠮᠦᠨ ᠤ ᠪᠡᠶ᠎ᠡ ᠶᠢᠨ | ᠬᠡᠪ ᠤᠨ ᠴᠢᠰᠤ ᠪᠦᠲᠦᠭᠡᠬᠦ ᠠᠵᠢᠯᠯᠠᠭ᠎ᠠ ᠶᠢ ᠡᠪᠳᠡᠵᠦ᠂ ᠡᠷᠡᠭᠦᠯ ᠮᠡᠨᠳᠦ ᠶᠢ ᠨᠥᠯᠥᠭᠡᠯᠡᠳᠡᠭ᠃ ᠡᠶᠢᠮᠦ ᠠᠴᠠ ᠦᠨᠵᠢᠭᠰᠡᠨ ᠴᠠᠭᠠᠨ ᠳᠡᠯᠳᠡᠦ ᠶᠢᠨ ᠱᠥᠯᠥ ᠶᠢ ᠬᠠᠮᠤᠭ | ᠰᠠᠶᠢᠨ ᠨᠢ ᠪᠤᠣ ᠤᠤᠭᠤ᠃ | ᠵᠢᠷᠭᠤᠭ᠎ᠠ᠂ ᠥᠨᠳᠡᠭᠡ | ᠱᠦᠷᠬᠡᠢ ᠥᠨᠳᠡᠭᠡ ᠭᠡᠳᠡᠭ ᠨᠢ ᠲᠤᠲᠠᠭᠤ ᠪᠤᠯᠭᠤᠭᠰᠠᠨ ᠥᠨᠳᠡᠭᠡ ᠶᠢ ᠵᠢᠭᠠᠨ᠎ᠠ᠂ ᠱᠦᠷᠬᠡᠢ ᠥᠨᠳᠡᠭᠡᠨ ᠳᠣᠲᠣᠷᠠᠬᠢ ᠰᠠᠯᠮᠤᠨᠧᠯ ᠪᠠᠺᠲ᠋ᠧᠷᠢ ᠲᠦᠢᠯᠪᠤᠷᠢᠲᠠᠶ ᠦᠬᠦᠬᠦ | ᠥᠬᠡᠶ᠃ ᠬᠡᠷᠪᠡ ᠪᠠᠰᠠ ᠨᠢᠭᠡ ᠰᠥᠨᠢ ᠲᠠᠯᠪᠢᠪᠠᠯ᠂ ᠪᠠᠺᠲ᠋ᠧᠷᠢ ᠶᠢᠨ ᠦᠷᠡᠵᠢᠬᠦ ᠪᠠ ᠬᠤᠤᠷ ᠡᠭᠦᠰᠭᠡᠬᠦ ᠵᠠᠪᠰᠢᠶᠠᠨ ᠨᠡᠮᠡᠭᠳᠡᠨ᠎ᠡ᠃ ᠲᠠᠬᠢᠶᠠᠨ ᠥᠨᠳᠡᠭᠡ ᠶᠢ ᠭᠦᠢᠴᠡᠳ | ᠪᠤᠯᠭᠤᠭᠠᠪᠡᠯ ᠰᠠᠶ᠋ᠢ ᠳᠣᠲᠣᠷᠠᠬᠢ ᠪᠠᠺᠲ᠋ᠧᠷᠢ ᠶᠢ ᠨᠢ ᠤᠰᠠᠳᠬᠠᠵᠤ ᠲᠠᠶᠢᠯᠤᠨ᠎ᠠ᠃ | | |