ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠭᠠᠵᠠᠷ ᠲᠤ ᠪᠤᠰᠤᠳ ᠬᠥᠮᠦᠨ ᠤ ᠰᠠᠭᠤᠭᠰᠠᠨ | ᠰᠠᠨᠳᠠᠯᠢ ᠲᠡᠭᠡᠷ᠎ᠡ ᠰᠠᠭᠤᠬᠤ ᠨᠢ ᠵᠠᠶᠢᠯᠠᠰᠢ ᠦᠭᠡᠢ ᠶᠤᠮ᠃ ᠡᠭᠦᠨ ᠳᠤ ᠶᠠᠭᠤ ᠶᠢ ᠠᠩᠬᠠᠷᠪᠠᠯ ᠵᠣᠬᠢᠬᠤ ᠪᠣᠶ︖ | ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ | ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ | ᠪᠣᠯᠬᠤ ᠦᠭᠡᠢ ᠶᠤᠮ᠃ ᠭᠡᠪᠡᠴᠦ ᠵᠠᠷᠢᠮ ᠡᠪᠡᠳᠴᠢᠨ ᠡᠭᠦᠰᠭᠡᠭᠴᠢ᠂ ᠵᠢᠱᠢᠶᠡᠯᠡᠪᠡᠯ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ ᠡᠪᠡᠳᠴᠢᠲᠡᠨ ᠤ ᠡᠪᠡᠳᠴᠢᠯᠡᠭᠰᠡᠨ | ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ ᠠᠷᠠᠰᠤᠨ ᠳᠤ | ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ ᠡᠪᠡᠳᠴᠢᠨ ᠢ | ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ | ᠭᠤᠣᠯᠳᠠᠭᠤ ᠭᠤᠷᠪᠠᠨ ᠵᠦᠢᠯ ᠪᠠᠶᠢᠳᠠᠭ᠄ ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠰᠠᠨᠳᠠᠯᠢ ᠲᠡᠭᠡᠷ᠎ᠡ ᠰᠠᠭᠤᠬᠤ ᠨᠢ | ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ | ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ ᠴᠠᠬᠢᠯᠭᠠᠨ ᠱᠠᠲᠤ ᠪᠠ ᠭᠠᠵᠠᠷ ᠳᠤᠤᠷᠠᠬᠢ ᠲᠡᠮᠦᠷ | ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ ᠣᠯᠠᠨ ᠨᠡᠶᠢᠲᠡ ᠶᠢᠨ ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ | ᠵᠣᠷᠯᠣᠩ ᠢ ᠠᠯᠢ ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠃ | | | |