ᠦᠨᠢᠷ ᠪᠠᠶᠠᠯᠢᠭ ᠦᠵᠡᠰᠬᠦᠯᠡᠩᠲᠦ ᠰᠠᠶᠢᠬᠠᠨ ᠤᠷᠤᠨ ᠨᠤᠳᠤᠭ ᠪᠣᠯ ᠦᠪᠦᠷ ᠮᠣᠩᠭᠤᠯ ᠤᠨ ᠦᠨᠳᠦᠷᠯᠢᠭ ᠤᠨ ᠪᠠᠷᠠᠭᠤᠨ ᠪᠡᠶ᠎ᠡ ᠪᠠᠷ ᠤᠷᠤᠰᠢᠵᠤ᠂ ᠤᠮᠠᠷᠠᠳᠤ | ᠦᠷᠭᠡᠷᠢᠭ ᠤᠨ 41.07 — 42.28᠂ ᠵᠡᠭᠦᠨ ᠣᠷᠳᠤᠷᠢᠭ ᠤᠨ 107.16 — 109.42 ᠤᠨ ᠬᠤᠭᠤᠷᠤᠨᠳᠤ ᠪᠠᠶᠢᠷᠢᠰᠢᠵᠤ᠂ ᠵᠡᠭᠦᠨᠰᠢ ᠪᠠᠷᠠᠭᠤᠨᠰᠢ ᠪᠠᠨ | ᠪᠠᠷᠤᠭ 378 ᠺᠢᠯᠤᠮᠧᠲᠷ᠂ ᠡᠮᠤᠨᠡᠰᠢ ᠤᠮᠠᠷᠠᠰᠢ ᠪᠠᠨ ᠪᠠᠷᠤᠭ 170 ᠺᠢᠯᠤᠮᠧᠲᠷ ᠵᠠᠶᠢᠲᠠᠢ᠂ ᠵᠡᠭᠦᠨᠰᠢ ᠪᠠᠷᠠᠭᠤᠨᠰᠢ ᠦᠷᠭᠡᠨ ᠢᠶᠠᠷ ᠢᠶᠠᠨ 203.8 ᠺᠢᠯᠤᠮᠧᠲᠷ ᠵᠠᠶᠢᠲᠠᠢ᠂ | ᠪᠠᠷᠤᠭᠴᠠᠭᠠᠯᠠᠪᠠᠯ ᠨᠡᠶᠢᠲᠡ 64260 ᠲᠡᠭᠰᠢ ᠳᠦᠷᠪᠡᠯᠵᠢᠨ ᠺᠢᠯᠤᠮᠧᠲᠷ ᠲᠠᠯᠠᠪᠠᠢ ᠲᠠᠢ ᠶᠤᠮ᠃ | ᠪᠠᠷᠠᠭᠤᠨ ᠬᠤᠶᠢᠨ᠎ᠠ ᠪᠠᠨ ᠠᠯᠳᠠᠨ ᠬᠠᠷᠭᠤᠨ᠎ᠠ ᠠᠭᠤᠯᠠ ᠶᠢᠨ ᠠᠷᠤ ᠬᠤᠷᠮᠤᠢ ᠠᠴᠠ ᠮᠣᠩᠭᠤᠯ ᠤᠯᠤᠰ ᠤᠨ ᠬᠢᠯᠢ ᠬᠦᠷᠲᠡᠯᠡᠬᠢ ᠭᠠᠵᠠᠷ ᠦᠨᠳᠦᠷᠯᠢᠭ ᠤᠨ ᠲᠠᠯ᠎ᠠ | ᠨᠤᠲᠤᠭ ᠲᠤ ᠪᠠᠭᠲᠠᠵᠤ᠂ ᠲᠠᠯᠠᠢ ᠶᠢᠨ ᠲᠦᠪᠰᠢᠨ ᠠᠴᠠ ᠲᠤᠮᠳᠠᠴᠢ ᠪᠠᠷ 1020 — 1400 ᠮᠧᠲᠷ ᠡᠷᠭᠦᠭᠳᠡᠵᠦ᠂ ᠶᠡᠷᠦᠩᠬᠡᠢ ᠲᠠᠯᠠᠪᠠᠢ ᠨᠢ 30600 ᠲᠡᠭᠰᠢ | ᠳᠦᠷᠪᠡᠯᠵᠢᠨ ᠺᠢᠯᠤᠮᠧᠲᠷ ᠪᠠᠶᠢᠳᠠᠭ᠃ ᠲᠡᠯᠡᠬᠡᠢ ᠶᠢᠨ ᠪᠦᠮᠪᠦᠷᠴᠡᠭ ᠤᠨ ᠰᠢᠨ᠎ᠡ ᠪᠦᠲᠦᠴᠡ ᠶᠢᠨ ᠠᠵᠢᠯᠯᠠᠭ᠎ᠠ ᠶᠢᠨ ᠦᠶ᠎ᠡ ᠳᠤ ᠡᠮᠦᠨ᠎ᠡ ᠲᠠᠯ᠎ᠠ ᠶᠢᠨ ᠠᠯᠳᠠᠨ ᠬᠠᠷᠭᠤᠨ᠎ᠠ | ᠠᠭᠤᠯᠠ ᠨᠢᠷᠤᠭᠤ ᠬᠦᠴᠦᠲᠡᠢ ᠡᠷᠭᠦᠭᠳᠡᠭᠡᠳ ᠬᠤᠶᠢᠰᠢ ᠪᠠᠨ ᠬᠠᠵᠠᠶᠢᠭᠰᠠᠨ ᠲᠠᠯ᠎ᠠ ᠲᠤᠪᠤᠴᠠᠭ ᠦᠷᠭᠦᠯᠵᠢᠯᠡᠭᠰᠡᠨ ᠲᠡᠨᠢᠭᠡᠷ ᠠᠭᠤᠳᠠᠮ ᠦᠨᠳᠦᠷᠯᠢᠭ ᠤᠨ ᠲᠠᠯ᠎ᠠ | ᠨᠤᠲᠤᠭ ᠢ ᠪᠣᠢ ᠪᠣᠯᠭᠠᠵᠠᠢ᠃ ᠤᠷᠠᠳ ᠤᠨ ᠲᠠᠯ᠎ᠠ ᠨᠤᠳᠤᠭ ᠪᠣᠯ ᠬᠠᠭᠠᠰ ᠴᠦᠯᠯᠡᠷᠭᠡᠭ ᠮᠠᠶ᠋ᠢᠭ ᠤᠨ ᠲᠦᠷᠦᠯ ᠵᠦᠢᠯ ᠳᠤ ᠪᠠᠭᠳᠠᠵᠤ᠂ ᠦᠩᠰᠢᠭ ᠰᠠᠶᠢᠬᠠᠨ ᠪᠠᠶᠢᠭᠠᠯᠢ | ᠶᠢᠨ ᠪᠡᠯᠴᠢᠭᠡᠷ ᠪᠤᠯᠤᠨ ᠲᠤᠭᠳᠠᠭᠰᠠᠨ ᠪᠠᠶᠢᠳᠠᠭ᠃ | ᠡᠷᠲᠡ ᠠᠴᠠ ᠠᠪᠤᠭᠠᠳ ᠡᠨᠡ ᠰᠠᠶᠢᠬᠠᠨ ᠲᠠᠯ᠎ᠠ ᠨᠤᠲᠤᠭ ᠳᠡᠭᠡᠷ᠎ᠡ ᠲᠠᠪᠤᠨ ᠬᠤᠰᠢᠭᠤ ᠮᠠᠯ ᠦᠨᠢᠷ ᠦᠰᠦᠭᠡᠳ ᠲᠦᠬᠦᠮ ᠢᠶᠠᠷ ᠳᠦᠭᠦᠷᠡᠩ ᠦᠷᠡᠵᠢᠵᠦ᠂ | ᠢᠯᠠᠩᠭᠤᠶ᠎ᠠ ᠬᠤᠶᠠᠷ ᠪᠤᠭᠲᠠ ᠶᠢᠨ ᠴᠠᠭᠠᠨ ᠢᠮᠠᠭ᠎ᠠ᠂ ᠭᠤᠪᠢ ᠶᠢᠨ ᠤᠯᠠᠭᠠᠨ ᠲᠡᠮᠡᠭᠡ ᠨᠢ ᠳᠠᠶᠠᠩ ᠲᠡᠯᠡᠬᠡᠢ ᠳᠤ ᠠᠯᠳᠠᠷᠰᠢᠭᠰᠠᠨ ᠶᠤᠮ᠃ | ᠠᠯᠳᠠᠨ ᠬᠠᠷᠭᠤᠨ᠎ᠠ ᠠᠭᠤᠯᠠ ᠶᠢᠨ ᠪᠠᠶᠢᠴᠠ ᠪᠠᠷ ᠬᠤᠶᠠᠷ ᠪᠤᠭᠲᠠ ᠶᠢᠨ ᠠᠭᠤᠯᠠ᠂ ᠰᠠᠷᠢᠳᠠᠭ ᠠᠭᠤᠯᠠ ᠪᠠ ᠮᠣᠨᠠ ᠠᠭᠤᠯᠠ ᠵᠡᠷᠭᠡ ᠭᠤᠷᠪᠠᠨ ᠲᠤᠮᠤ ᠠᠭᠤᠯᠠ | ᠰᠦᠨᠳᠡᠷᠯᠡᠨ ᠪᠠᠶᠢᠳᠠᠭ᠃ ᠭᠡᠬᠦ ᠳᠤ ᠪᠠᠨ ᠬᠤᠶᠠᠷ ᠪᠤᠭᠲᠠ ᠶᠢᠨ ᠠᠭᠤᠯᠠ ᠨᠢ ᠳᠠᠯᠠᠢ ᠶᠢᠨ ᠲᠦᠪᠰᠢᠨ ᠠᠴᠠ 1893 ᠮᠧᠲᠷ ᠡᠷᠭᠦᠭᠳᠡᠵᠦ᠂ ᠮᠣᠨᠠ ᠶᠢᠨ ᠰᠢᠷ᠎ᠠ ᠤᠷᠤᠢ | ᠨᠢ ᠳᠠᠯᠠᠢ ᠶᠢᠨ ᠲᠦᠪᠰᠢᠨ ᠠᠴᠠ 2324 ᠮᠧᠲᠷ ᠡᠷᠭᠦᠭᠳᠡᠭᠡᠳ᠂ ᠬᠠᠨᠠᠨ ᠬᠠᠳᠠ ᠡᠭᠴᠡᠯᠡᠨ ᠪᠤᠰᠴᠤ᠂ ᠬᠠᠯᠢᠯ ᠣᠷᠭᠢᠯ ᠨᠢ ᠰᠡᠭᠦᠶᠢᠯᠴᠡᠨ᠂ ᠤᠷᠠᠳ ᠤᠨ ᠬᠦᠮᠦᠰ ᠤᠨ | ᠰᠢᠲᠦᠭᠡᠨᠲᠦ ᠬᠠᠶᠢᠷᠬᠠᠨ ᠪᠣᠯᠣᠨ ᠰᠦᠮᠪᠦᠷᠯᠡᠭᠰᠡᠨ ᠶᠤᠮ᠃ | | | | | ᠮᠣᠩᠭᠤᠯ ᠲᠡᠤᠬᠡ ᠰᠤᠶᠤᠯ ᠤᠨ ᠰᠤᠩᠭᠤᠳᠠᠭ ᠵᠣᠬᠢᠶᠠᠯ ᠤᠨ ᠬᠦᠮᠦᠷᠭᠡ᠂ ᠵᠠᠩ | ᠦᠢᠯᠡ ᠶᠢᠨ ᠴᠤᠪᠤᠷᠠᠯ ᠪᠢᠴᠢᠭ ︽ᠤᠷᠠᠳ ᠵᠠᠩ ᠦᠢᠯᠡ︾ ᠠᠴᠠ ᠪᠠᠭᠤᠯᠭᠠᠪᠠ | |