︽ᠤᠷᠠᠳ ᠤᠨ ᠳᠤᠮᠳᠠᠳᠤ ᠬᠤᠰᠢᠭᠤᠨ ᠤ ᠲᠤᠷᠰᠢᠯᠲᠠ ᠶᠢᠨ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠳᠤᠲᠠᠭᠳᠠᠵᠤ ᠪᠠᠶᠢᠭ᠎ᠠ | ᠪᠠᠶᠢᠳᠠᠯ ᠳᠤ ᠬᠠᠨᠳᠤᠭᠤᠯᠤᠨ ᠢᠯᠡ ᠪᠠᠷ ᠪᠠᠭᠰᠢ ᠤᠷᠢᠨ ᠬᠡᠷᠡᠭᠯᠡᠬᠦ ᠲᠤᠬᠠᠢ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠢᠯᠡ ᠲᠤᠳᠤ᠂ ᠡᠷᠬᠡ ᠲᠡᠭᠰᠢ᠂ | ᠥᠷᠢᠰᠦᠯᠳᠦᠬᠦ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠨᠡᠷ᠎ᠡ ᠮᠡᠳᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ᠂ ᠬᠢᠷᠢ ᠬᠡᠮ ᠤᠨ ᠳᠠᠬᠢᠨ ᠬᠢᠨᠠᠯᠲᠠ᠂ | ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠵᠡᠷᠭᠡ ᠠᠯᠬᠤᠮ ᠳᠠᠷᠠᠭ᠎ᠠ ᠪᠠᠷ ᠳᠡᠮᠵᠢᠨ᠂ ᠡᠳᠦᠭᠡ ᠤᠷᠠᠳ ᠤᠨ ᠳᠤᠮᠳᠠᠳᠤ | ᠬᠤᠰᠢᠭᠤᠨ ᠤ ᠲᠤᠷᠰᠢᠯᠲᠠ ᠶᠢᠨ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠡᠭᠡᠲᠦ ᠳᠤᠮᠳᠠᠳᠤ ᠶᠢᠨ ᠪᠠᠭᠰᠢ ᠶᠢᠨ ᠢᠯᠡ ᠪᠠᠷ ᠤᠷᠢᠨ ᠬᠡᠷᠡᠭᠯᠡᠬᠦ | ᠪᠠᠷ ᠪᠠᠶᠢᠭ᠎ᠠ ᠬᠥᠮᠥᠰ ᠤᠨ ᠨᠡᠷᠡᠰ ᠢ ᠢᠯᠡ ᠪᠠᠷ ᠵᠠᠷᠯᠠᠨ ᠨᠡᠶᠢᠲᠡᠯᠡᠶ᠎ᠡ᠄ | ᠨᠢᠭᠡ᠂ ᠵᠠᠷᠯᠠᠨ ᠨᠡᠶᠢᠲᠡᠯᠡᠬᠦ ᠴᠠᠭ ᠬᠤᠭᠤᠴᠠᠭ᠎ᠠ᠄ 2024 ᠣᠨ ᠤ 6 ᠰᠠᠷ᠎ᠠ ᠶᠢᠨ 24 ᠤ ᠡᠳᠦᠷ ᠠᠴᠠ 2024 ᠣᠨ ᠤ 6 ᠰᠠᠷ᠎ᠠ ᠶᠢᠨ 28 ᠤ ᠡᠳᠦᠷ | ᠪᠣᠯᠲᠠᠯ᠎ᠠ᠃ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ᠄ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠴᠥᠮ | ᠰᠤᠷᠪᠤᠯᠵᠢᠯᠠᠵᠤ ᠢᠷᠡᠬᠦ᠂ ᠵᠠᠬᠢᠳᠠᠯ ᠢᠷᠡᠭᠦᠯᠬᠦ᠂ ᠤᠳᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠵᠠᠷᠯᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ | ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠬᠤ ᠭᠡᠷᠡᠴᠢᠯᠡᠭᠴᠢ ᠵᠢᠴᠢ ᠬᠤᠯᠪᠣᠭᠳᠠᠯ ᠪᠦᠬᠦᠢ ᠰᠦᠪᠡᠭᠴᠢ ᠶᠢ | ᠬᠠᠩᠭᠠᠬᠤ ᠬᠡᠷᠡᠭᠲᠡᠢ᠃ ᠪᠢᠳᠡ ᠠᠰᠠᠭᠤᠳᠠᠯ ᠢ ᠲᠤᠰᠬᠠᠭᠰᠠᠨ ᠬᠦᠮᠦᠨ ᠪᠤᠯᠤᠨ ᠲᠤᠰᠬᠠᠭᠰᠠᠨ ᠠᠰᠠᠭᠤᠳᠠᠯ ᠤᠨ ᠲᠤᠬᠠᠢ ᠨᠢᠭᠤᠴᠠ ᠶᠢ ᠴᠢᠩᠭ᠎ᠠ ᠬᠠᠮᠠᠭᠠᠯᠠᠨ᠎ᠠ᠃ ᠬᠡᠷᠪᠡ | ᠲᠤᠰᠬᠠᠭᠰᠠᠨ ᠠᠰᠠᠭᠤᠳᠠᠯ ᠢ ᠪᠠᠶᠢᠴᠠᠭᠠᠳ ᠦᠨᠡᠨ ᠪᠤᠳᠠᠳᠠᠢ ᠪᠠᠶᠢᠪᠠᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ | ᠭᠠᠵᠠᠷ᠄ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠲᠠᠰᠤᠭ ︵2010 ᠠᠯᠪᠠᠨᠭᠡᠷ︶ | ᠬᠦᠯᠢᠶᠡᠨ ᠠᠪᠬᠤ ᠴᠠᠭ ᠬᠤᠭᠤᠴᠠᠭ᠎ᠠ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ᠄ 9᠄ 00 ᠴᠠᠭ — 12᠄ 00 ᠴᠠᠭ᠂ | ᠦᠳᠡ ᠶᠢᠨ ᠬᠤᠶᠢᠨ᠎ᠠ ᠄ 15᠄ 00 ᠴᠠᠭ — 18᠄ 00 ᠴᠠᠭ | ᠬᠦᠯᠢᠶᠡᠨ ᠠᠪᠬᠤ ᠤᠲᠠᠰᠤ᠄ 0478 — 7978166 | ᠵᠠᠬᠢᠳᠠᠯ ᠤᠨ ᠬᠠᠶ᠋ᠢᠭ᠄ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠲᠠᠰᠤᠭ | ᠰᠢᠤᠳᠠᠨ ᠳ᠋ᠤᠭᠠᠷ᠄ 015300 | | | | ᠳᠠᠭᠠᠯᠳᠤᠭᠤᠯᠤᠯ᠄ ᠤᠷᠠᠳ ᠤᠨ ᠳᠤᠮᠳᠠᠳᠤ ᠬᠤᠰᠢᠭᠤᠨ ᠤ ᠲᠤᠷᠰᠢᠯᠲᠠ ᠶᠢᠨ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠳᠤᠮᠳᠠᠳᠤ ᠶᠢᠨ | ᠪᠠᠭᠰᠢ ᠶᠢᠨ ᠢᠯᠡ ᠪᠠᠷ ᠤᠷᠢᠨ ᠬᠡᠷᠡᠭᠯᠡᠬᠦ ᠪᠠᠷ ᠪᠠᠶᠢᠭ᠎ᠠ ᠬᠦᠮᠦᠰ ᠤᠨ ᠨᠡᠷᠡᠰ | | | ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | 2024 ᠣᠨ ᠤ 6 ᠰᠠᠷ᠎ᠠ ᠶᠢᠨ 24 ᠤ ᠡᠳᠦᠷ | | | | | | | |