ᠣᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠭᠡᠷ ᠪᠦᠯᠢ ᠶᠢᠨ ᠰᠤᠷᠭᠠᠨ ᠬᠥᠮᠦᠵᠢᠯ ᠤᠨ ᠭᠤᠣᠯᠯᠠᠭᠴᠢ ᠪᠠᠭᠰᠢ ᠶᠢᠨ ᠪᠣᠯᠪᠠᠰᠣᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/6/3
     ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠪᠦᠷᠢᠯᠳᠦᠭᠦᠨ ᠢ ᠤᠷᠢᠨ ᠲᠣᠮᠢᠯᠠᠬᠤ ᠵᠢᠴᠢ 2024 ᠣᠨ ᠤ ︽ᠭᠡᠷ ᠪᠦᠯᠢ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠭᠠᠷᠠᠭ︾ ᠤᠨ ᠭᠤᠣᠯᠯᠠᠭᠴᠢ ᠪᠠᠭᠰᠢ ᠶᠢᠨ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠪᠡ᠃     ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠢᠦᠢ ᠮᠢᠨ ᠢ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠳᠠᠷᠤᠭ᠎ᠠ᠂ ᠯᠠᠨ ᠯᠢ ᠫᠢᠩ  ᠢ ᠳᠡᠳ᠋ ᠪᠦᠯᠬᠦᠮ ᠤᠨ ᠳᠠᠷᠤᠭ᠎ᠠ᠂ ᠵᠠᠩ ᠵᠢᠶᠧ᠂ ᠴᠢ ᠶᠢᠩ ᠢ ᠣᠨᠴᠠ ᠤᠷᠢᠭᠰᠠᠨ ᠯᠧᠺᠲ᠋ᠣᠷ ᠢᠶᠠᠷ ᠤᠷᠢᠵᠤ᠂ ᠵᠠᠢ ᠰᠢᠶᠠ ᠵᠡᠷᠭᠡ 10 ᠪᠠᠭᠰᠢ ᠪᠠ 1 ᠭᠡᠷ ᠤᠨ ᠠᠬᠠᠮᠠᠳ ᠤᠨ ᠲᠥᠯᠥᠭᠡᠯᠡᠭᠴᠢ᠂ ᠢ ᠪᠦᠸᠧ ᠬᠡᠷ ᠤᠨ ᠬᠦᠮᠦᠵᠢᠯ ᠤᠨ ᠦᠵᠡᠰᠬᠦᠯᠡᠩ ᠤᠨ 1 ᠯᠧᠺᠲ᠋ᠣᠷ  ᠢ ᠯᠧᠺᠲ᠋ᠣᠷ ᠤᠨ ᠪᠦᠯᠬᠦᠮ ᠤᠨ ᠭᠡᠰᠢᠭᠦᠨ  ᠢᠶᠠᠷ ᠲᠣᠮᠢᠯᠠᠬᠤ ᠪᠠᠷ ᠲᠣᠭᠲᠠᠪᠠ᠃     ᠲᠣᠰ ᠤᠳᠠᠭᠠᠨ ᠤ ᠪᠣᠯᠪᠠᠰᠤᠷᠠᠯ  ᠨᠢ ᠣᠷᠣᠯᠴᠠᠭᠰᠠᠨ ᠪᠥᠬᠦ ᠬᠥᠮᠥᠰ ᠢ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠪᠠ ᠭᠡᠷ ᠪᠦᠯᠢ ᠶᠢᠨ ᠬᠥᠮᠦᠵᠢᠯ ᠢ ᠠᠬᠢᠭᠤᠯᠬᠤ ᠳᠦᠷᠢᠮ ᠤᠨ ᠲᠤᠬᠠᠢ ᠨᠠᠩ ᠪᠥᠬᠦ ᠲᠠᠯ᠎ᠠ ᠶᠢᠨ᠂ ᠰᠢᠰᠲ᠋ᠧᠮ ᠲᠠᠢ ᠣᠶᠢᠯᠠᠭᠠᠯᠲᠠ ᠲᠠᠢ ᠪᠣᠯᠭᠠᠵᠤ᠂ ᠭᠡᠷ ᠪᠦᠯᠢ ᠶᠢᠨ ᠬᠥᠮᠦᠵᠢᠯ ᠢ ᠬᠡᠷᠬᠢᠨ ᠵᠢᠯᠤᠭᠤᠳᠬᠤ ᠲᠠᠯ᠎ᠠ ᠪᠠᠷ ᠴᠤ ᠨᠠᠩ ᠰᠠᠶᠢᠨ ᠰᠡᠳᠬᠢᠴᠡ ᠪᠠ ᠠᠷᠭ᠎ᠠ ᠲᠠᠢ ᠪᠣᠯᠭᠠᠵᠠᠢ᠃ ᠬᠤᠶᠢᠰᠢᠳᠠ ᠶᠢᠨ ᠠᠵᠢᠯ ᠤᠨ ᠳᠤᠮᠳᠠ᠂ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︽ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ︾ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠢᠪᠠ ᠬᠦᠴᠦᠨ ᠲᠠᠢ ᠪᠦᠯᠬᠦᠮᠳᠡᠵᠦ ᠂ ᠤᠯᠠᠨ ᠲᠠᠯ᠎ᠠ ᠪᠠᠷ ᠲᠠᠪᠴᠠᠩ ᠪᠠᠶᠢᠭᠤᠯᠵᠤ ᠂ ᠰᠦᠯᠵᠢᠶᠡᠨ ᠭᠠᠳᠠᠨᠠᠬᠢ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠪᠠ ᠰᠦᠯᠵᠢᠶᠡᠨ ᠳᠡᠭᠡᠷᠡᠬᠢ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ ᠂ ᠭᠡᠷ ᠪᠦᠯᠢ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠮᠡᠳᠡᠯᠭᠡ ᠪᠠ ᠠᠷᠭ᠎ᠠ ᠶᠢ ᠥᠷᠭᠡᠨ ᠢᠶᠠᠷ ᠤᠯᠠᠮᠵᠢᠯᠠᠵᠤ ᠂ ᠥᠷᠭᠡᠨ ᠤᠯᠠᠨ ᠭᠡᠷ ᠤᠨ ᠠᠬᠠᠮᠠᠳ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ ᠂ ᠭᠡᠷ ᠤᠨ ᠠᠬᠠᠮᠠᠳ ᠢ ᠬᠠᠪᠰᠤᠷᠤᠨ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠤᠨ ᠬᠦᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠨᠢ ᠰᠠᠶᠢᠲᠤᠷ ᠲᠣᠪᠴᠢᠯᠠᠵᠤ ᠥᠭᠬᠦ ᠪᠠᠷ ᠪᠣᠢ ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ