ᠠᠮᠵᠢᠯᠲᠠ ᠪᠦᠲᠦᠭᠡᠯ ᠬᠠᠯᠬᠢᠯᠠᠭᠰᠠᠨ ᠤᠷᠠᠳ ᠨᠤᠲᠤᠭ ᠤᠨ ᠤᠯᠠᠭᠠᠨᠮᠦ᠋ᠴᠢᠷ — ᠤᠷᠠᠳ ᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠤᠨ ᠰᠢᠯᠢᠳᠡᠭ ᠠᠮᠵᠢᠯᠲᠠ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2024/7/17
    ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ 1962 ᠣᠨ ᠤ 11 ᠰᠠᠷ᠎ᠠ ᠳᠤ ᠪᠠᠶᠢᠭᠤᠯᠤᠭᠲᠠᠭᠰᠠᠠ ᠪᠢᠯᠡ᠃ 55 ᠵᠢᠯ ᠤᠨ ᠲᠤᠷᠰᠢ ᠪᠦᠬᠦ ᠰᠡᠳᠬᠢᠯ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠷ ᠵᠤᠷᠢᠯᠲᠡ ᠪᠠᠨ ᠪᠤᠯᠭᠠᠵᠤ᠂ ᠤᠷᠠᠯᠢᠭ ᠨᠢ ︽ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ︾ ᠪᠠᠷ ᠬᠦᠭᠵᠢᠯᠲᠡ ᠶᠢᠨ ᠬᠠᠨᠲᠤᠰᠢ ᠪᠠᠨ ᠪᠤᠯᠭᠠᠨ᠂ ︽ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠵᠦ ᠡᠷᠳᠡᠮᠲᠡᠨ ᠪᠦᠬᠦᠨ ᠢ ᠴᠢᠯᠥᠭᠡᠲᠡᠢᠶᠠᠷᠢᠯᠴᠠᠭᠤᠯᠬᠤ︾ ᠪᠠᠷ ᠴᠢᠭᠯᠡᠯᠲᠡ ᠪᠤᠯᠭᠠᠵᠤ᠂ ︽ᠠᠮᠢᠲᠤᠷᠠᠯ ᠲᠠᠢ ᠤᠶᠢᠷᠠᠲᠤᠬᠤ᠂ ᠤᠯᠠᠨ ᠲᠦᠮᠡᠨ ᠲᠠᠢ ᠤᠶᠢᠷᠠᠲᠤᠬᠤ᠂ ᠪᠤᠲᠠᠲᠠᠢ ᠲᠠᠢ ᠤᠶᠢᠷᠠᠲᠤᠬᠤ︾ ᠵᠡᠷᠴᠢᠮ ᠢᠶᠠᠷ ᠦᠨᠲᠦᠰᠦᠲᠡᠨ ᠤ ᠤᠷᠠᠯᠢᠭ ᠤᠨ ᠠᠯᠲᠠᠨ ᠬᠦᠷᠦᠰᠦᠨ ᠠᠴᠠ ᠰᠢᠮ᠎ᠡ ᠬᠦᠷᠲᠡᠨ᠂ ᠬᠠᠯᠠᠭᠤᠨ ᠵᠤᠨ᠂ ᠬᠠᠬᠢᠷ ᠬᠦᠢᠲᠡᠨ ᠢ ᠢᠯᠭᠠᠯ ᠦᠭᠡᠢ ᠮᠠᠯᠵᠢᠬᠤ ᠲᠠᠷᠢᠶᠠᠯᠠᠬᠤ ᠤᠷᠤᠨ᠂ ᠰᠤᠷᠭᠠᠭᠤᠯᠢ ᠶᠢᠨ ᠬᠦᠷᠢᠶ᠎ᠡ᠂ ᠠᠭᠤᠷᠬᠠᠢ᠂ ᠴᠡᠷᠢᠭ ᠤᠨ ᠬᠤᠸᠠᠷᠠᠨ᠂ ᠬᠠᠷᠠᠭᠤᠯ ᠤᠨ ᠭᠠᠵᠠᠷ ᠲᠤ ᠤᠷᠠᠨ ᠰᠠᠶᠢᠬᠠᠨ ᠤ ᠲᠤᠭᠯᠠᠯᠲᠠ ᠭᠠᠷᠭᠠᠨ᠂ ︽ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ︾ ᠤᠨ ᠰᠢᠯᠢᠲᠡᠭ ᠭᠡᠪ ᠰᠤᠷᠲᠠᠯ ᠢ ᠪᠠᠲᠠᠷᠠᠭᠤᠯᠵᠤ᠂ ᠲᠤᠬᠠᠢ ᠶᠢᠨ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ᠂ ᠨᠡᠶᠢᠭᠡᠮ ᠤᠨ ᠲᠠᠪᠰᠢᠯᠲᠡ᠂ ᠦᠨᠲᠦᠰᠦᠲᠡᠨ ᠤ ᠪᠦᠯᠬᠦᠮᠲᠡᠯ᠂ ᠰᠤᠶᠤᠯ ᠤᠨ ᠴᠡᠴᠡᠭᠯᠡᠯᠲᠡ ᠳᠤ ᠢᠳᠡᠪᠬᠢᠲᠡᠢ ᠦᠢᠯᠡᠳᠦᠯ ᠦᠵᠡᠭᠦᠯᠦᠭᠰᠡᠭᠡᠷ ᠢᠷᠡᠭᠰᠡᠨ ᠪᠠᠶᠢᠨ᠎ᠠ᠃     ᠤᠶᠢᠷ᠎ᠠ ᠶᠢᠨ ᠡᠲᠦᠷ ᠲᠤᠰ ᠬᠤᠰᠢᠭᠤᠨ ᠤ ᠤᠯᠠᠭᠠᠨᠮᠦ᠋ᠴᠢᠷ ᠨᠢ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ︽ᠶᠡᠷᠤᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠲᠤ ᠢᠯᠡᠭᠡᠭᠰᠡᠨ ᠬᠠᠷᠢᠭᠤ ᠵᠠᠬᠢᠳᠠᠯ︾ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠪᠤᠯ ᠠᠷᠠᠳ ᠲᠦᠮᠡᠨ ᠤ ᠤᠷᠠᠯᠢᠭ ᠪᠤᠯᠬᠤ ᠮᠥᠨ ᠴᠢᠨᠠᠷ ᠤᠨ ᠱᠠᠭᠠᠷᠲᠠᠯᠭ᠎ᠠ ᠶᠢ ᠬᠦᠨᠵᠡᠭᠡᠢ ᠤᠶᠢᠯᠠᠭᠠᠨ ᠴᠢᠷᠮᠠᠶᠢᠠ ᠠᠵᠢᠯᠯᠠᠵᠤ ᠪᠤᠢ᠃      ︽ᠶᠡᠷᠦᠩᠭᠡᠢ ᠱᠦᠵᠢ ᠰᠢ ᠶᠢᠨ ᠫᠢᠩ ᠮᠠᠨ ᠤ ᠤᠯᠠᠭᠠᠨᠮᠦ᠋ᠴᠢᠷ ᠤᠨ ᠲᠤᠭᠯᠠᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠨᠢ ᠲᠦᠪ ᠬᠤᠷᠢᠶ᠎ᠠ ᠠᠴᠠ ᠴᠦᠭᠡᠨ ᠲᠤᠭᠠᠲᠤ ᠦᠨᠲᠦᠰᠦᠲᠡᠨ ᠤ ᠤᠷᠤᠨ ᠢ ᠬᠠᠯᠠᠮᠵᠢᠯᠠᠵᠤ ᠪᠠᠶᠢᠭ᠎ᠠ ᠶᠢ ᠬᠦᠢᠴᠡᠳ ᠬᠠᠷᠠᠭᠤᠯᠵᠤ ᠪᠠᠶᠢᠨ᠎ᠠ᠃ ᠡᠨᠡ ᠭᠡᠲᠦᠨ ᠵᠢᠯ ᠤᠯᠤᠰ ᠠᠴᠠ ᠤᠳᠬ᠎ᠠ ᠤᠷᠠᠯᠢᠭ ᠤᠨ ᠠᠵᠢᠯ ᠢ ᠨᠡᠩ ᠴᠢᠬᠤᠯᠠᠴᠢᠯᠠᠬᠤ ᠶᠢ ᠲᠠᠭᠠᠯᠲᠤᠨ᠂ ᠤᠲᠤ ᠮᠠᠨ ᠤ ᠤᠯᠠᠭᠠᠨᠮᠦ᠋ᠴᠢᠷ ᠦᠨᠲᠦᠷ ᠲᠦᠪᠰᠢᠨ ᠲᠠᠢ ᠲᠤᠮᠤ ᠭᠡᠯᠪᠡᠷᠢ ᠶᠢᠨ ᠲᠠᠭᠤᠯᠠᠯᠲᠤ ᠪᠦᠵᠢᠭᠲᠦ ᠵᠦᠴᠦᠭᠡ ᠶᠢ ᠨᠠᠶᠢᠷᠠᠭᠤᠯᠤᠨ ᠲᠤᠭᠯᠠᠬᠤ ᠬᠢᠷᠢ ᠲᠦᠪᠰᠢᠨ ᠲᠠᠢ ᠪᠤᠯᠤᠭᠰᠠᠨ᠃ ᠤᠯᠤᠰ᠂ ᠦᠪᠡᠷᠲᠡᠭᠡᠨ ᠵᠠᠰᠠᠬᠤ ᠤᠷᠤᠨ ᠠᠴᠠ ᠦᠨᠲᠦᠰᠦᠨ ᠱᠠᠲᠤᠨ ᠤ ᠤᠯᠠᠭᠠᠨᠮᠦ᠋ᠴᠢᠷ ᠲᠤ ᠲᠦᠷᠦ ᠶᠢᠨ ᠪᠤᠲᠤᠯᠭ᠎ᠠ ᠪᠡᠯᠡ ᠮᠥᠩᠬᠦᠨ ᠤ ᠳᠡᠮᠵᠢᠯᠭᠡ ᠦᠵᠡᠬᠦᠯᠵᠦ ᠪᠠᠶᠢᠨ᠎ᠠ᠃ ᠰᠢᠨ᠎ᠠ ᠴᠠᠭ ᠦᠶ᠎ᠠ ᠶᠢᠨ ᠤᠳᠬ᠎ᠠ ᠤᠷᠠᠯᠢᠭ ᠤᠨ ᠠᠵᠢᠯᠲᠠᠨ ᠪᠣᠯᠣᠭᠰᠠᠨ ᠤ ᠬᠤᠪᠢ ᠳᠤ ᠪᠢᠳᠡ᠂ ᠦᠨᠲᠦᠰᠦᠨ ᠱᠠᠲᠤᠨ ᠳᠤ ᠦᠢᠯᠡᠴᠢᠯᠡᠬᠦ ᠶᠢ ᠦᠷᠭᠦᠯᠵᠢ ᠶᠢᠨ ᠴᠢᠨᠠᠷ ᠲᠠᠢ ᠪᠠᠷᠢᠮᠲᠠᠯᠡᠨ᠂ ᠰᠢᠯᠢᠲᠡᠭ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠨᠡᠩ ᠰᠠᠶᠢᠨ ᠪᠦᠲᠦᠭᠡᠯ ᠢᠶᠠᠷ ᠢᠶᠠᠨ ᠤᠯᠠᠨ ᠲᠦᠮᠡᠨ ᠳᠤ ᠦᠢᠯᠡᠴᠢᠯᠡᠨ᠎ᠠ︾ ᠭᠡᠵᠤ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠤᠨ ᠳᠡᠳ᠋ ᠲᠠᠷᠤᠭ᠎ᠠ ᠦᠵᠡᠰᠬᠦᠯᠡᠩ ᠬᠡᠯᠡᠵᠦ ᠪᠢᠯᠡ᠃     ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠠᠩᠬ᠎ᠠ ᠪᠠᠶᠢᠭᠤᠯᠤᠭᠲᠠᠬᠤ ᠳᠤ 9 ᠬᠦᠮᠦᠨ ᠲᠠᠢ ᠪᠠᠶᠢᠭᠰᠠᠨ ᠪᠤᠯ ᠤᠲᠤ ᠪᠤᠯᠬᠤ ᠳᠤ 50 ᠭᠠᠷᠤᠢ ᠲᠤᠭᠯᠠᠭᠴᠢ ᠲᠠᠢ᠂ ᠲᠤᠨᠤᠭ ᠲᠦᠬᠦᠭᠡᠷᠦᠮᠵᠢ ᠪᠦᠷᠢᠨ ᠲᠥᠬᠦᠷ᠂ ᠲᠤᠭᠯᠠᠭᠴᠢᠳ ᠨᠢ ᠤᠯᠠᠨ ᠲᠠᠯ᠎ᠠ ᠳᠤ ᠮᠡᠷᠭᠡᠰᠢᠭᠰᠡᠨ ᠡᠩᠨᠡᠭᠡ ᠪᠤᠯᠤᠨ ᠪᠤᠵᠠᠭᠠᠶᠢᠷᠠᠵᠤ᠂ 2013 ᠣᠨ ᠳᠤ ᠪᠦᠬᠦ ᠤᠷᠤᠨ ᠤ ᠨᠢᠭᠡᠲᠦᠭᠡᠷ ᠵᠡᠷᠭᠡᠯᠡᠯ ᠤᠨ ᠤᠯᠠᠭᠠᠨᠮᠦ᠋ᠴᠢᠷ ᠢᠶᠠᠷ ᠦᠨᠡᠯᠡᠭᠲᠡᠭᠰᠡᠨ ᠶᠤᠮ᠃ ᠭᠡᠲᠦᠨ ᠦᠶ᠎ᠡ ᠶᠢᠨ ᠤᠷᠠᠯᠢᠭᠴᠢᠳ ᠤᠨ ᠴᠦᠬᠦᠷᠡᠯ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠲᠤᠰ ᠤᠯᠠᠭᠠᠨᠮᠥ᠋ᠴᠢᠷ ᠠᠯᠢ ᠤᠯᠠᠨ ᠠᠮᠵᠢᠯᠲᠠ ᠪᠦᠲᠦᠭᠡᠯ ᠭᠠᠷᠭᠠᠵᠤ᠂ ᠦᠵᠡᠭᠴᠢ ᠲᠦᠮᠡᠨ ᠢᠶᠠᠨ ᠪᠠᠶᠠᠰᠬᠠᠭᠰᠠᠭᠠᠷ ᠢᠷᠡᠭᠰᠡᠨ ᠪᠢᠯᠡ᠃ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠪᠠᠶᠢᠭᠤᠯᠤᠭᠳᠠᠭᠰᠠᠨ 25 ᠵᠢᠯ ᠤᠨ ᠤᠢ ᠶᠢ ᠪᠡᠯᠭᠡᠯᠡᠬᠦ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠳᠤ ᠲᠤᠰ ᠬᠤᠰᠢᠭᠤᠨ ᠤ ᠤᠯᠠᠭᠠᠨᠮᠦ᠋ᠴᠢᠷ ᠤᠨ ᠪᠦᠵᠢᠭ ︽ᠤᠯᠠᠭᠠᠠᠬᠤᠸᠠᠷ ᠨᠠᠷᠠᠨ ᠵᠦᠭ︾ ︽ᠠᠽᠢᠶ᠎ᠠ ᠠᠹᠷᠢᠺᠠ ᠯᠠᠲ᠋ᠢᠨ ᠠᠮᠧᠷᠢᠺᠠ ᠶᠢᠨ ᠠᠷᠠᠳ ᠲᠦᠮᠡᠨ ᠬᠠᠮᠳᠤ ᠪᠠᠷ ᠲᠡᠮᠡᠴᠡᠭᠰᠡᠨ︾ ︽ᠴᠡᠷᠢᠭ ᠠᠷᠠᠳ ᠬᠠᠮᠲᠤᠷᠠᠨ ᠰᠡᠷᠭᠡᠶᠢᠯᠡᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ︾᠂ ᠬᠢᠯᠪᠢᠬᠡᠨ ᠵᠦᠴᠦᠭᠡ ︽ᠭᠤᠪᠢ ᠶᠢᠨ ᠲᠤᠩᠭᠠᠯᠠᠭ ᠪᠤᠯᠠᠭ︾᠂ ᠳᠠᠭᠤᠤ ︽ᠪᠢ ᠪᠤᠯ ᠭᠦᠩᠱᠧ ᠶᠢᠨ ᠪᠢᠴᠢᠬᠠᠨ ᠮᠠᠯᠴᠢᠨ︾ ᠵᠡᠷᠭᠡ ᠲᠤᠭᠯᠠᠯᠲᠠ ᠨᠢ ᠪᠦᠬᠦ ᠤᠷᠤᠨ ᠤ ᠰᠢᠯᠢᠳᠡᠭ ᠲᠤᠭᠯᠠᠯᠲᠠ ᠶᠢᠨ ᠱᠠᠩᠨᠠᠯ ᠢ ᠤᠯᠵᠤ᠂ ᠡᠬᠦᠨ ᠠᠴᠠ ᠭᠠᠲᠠᠨ᠎ᠠ ᠳᠠᠭᠤᠯᠠᠯᠲᠤ ᠪᠦᠵᠢᠭ ︽ᠱᠠᠭᠠᠭᠤᠷ ᠬᠤᠩᠬᠤ ︵ᠮᠤᠷᠢᠨ ᠤ ᠬᠤᠩᠬᠤ︶ ᠶᠢᠨ ᠪᠦᠵᠢᠭ︾ ᠨᠢ ᠪᠦᠬᠦ ᠤᠯᠤᠰ ᠪᠦᠬᠦ ᠤᠷᠤᠨ ᠤ ᠰᠢᠯᠢᠳᠡᠭ ᠪᠦᠲᠦᠭᠡᠯ ᠤᠨ ᠱᠠᠩᠨᠠᠯ᠂ ᠳᠠᠭᠤᠯᠠᠯᠲᠤ ᠪᠦᠵᠢᠭ ︽ᠪᠠᠶᠠᠷ ᠤᠨ ᠴᠢᠮᠡᠭᠡ ᠲᠠᠯ᠎ᠠ ᠨᠤᠲᠤᠭ ᠲᠤ ᠤᠯᠠᠮᠵᠢᠯᠠᠭᠳᠠᠯ᠎ᠠ︾᠂ ᠲᠠᠭᠤᠤ ︽ᠲᠤᠷᠠᠰᠤᠯ︾ ᠨᠢ ᠡᠭᠦᠳᠥᠨ ᠪᠦᠲᠦᠭᠡᠯ ᠤᠨ ᠱᠠᠩᠨᠠᠯ ᠢ ᠲᠤᠰᠴᠤ᠂ ︽ᠬᠦᠷᠭᠡᠨ ᠰᠤᠩᠭᠤᠭᠰᠠᠨ ᠨᠢ︾ ᠭᠡᠰᠡᠨ ᠱᠤᠭ ᠶᠠᠷᠢᠶ᠎ᠠ ᠨᠢ ᠮᠤᠩᠭᠤᠯ ᠬᠡᠯᠡᠨ ᠤ ᠰᠢᠯᠢᠳᠡᠭ ᠲᠤᠭᠯᠠᠯᠲᠠ ᠶᠢᠨ ᠱᠠᠩᠨᠠᠯ ᠢᠶᠠᠷ ᠮᠢᠯᠢᠶᠡᠯᠭᠠᠵᠠᠢ᠃ ᠡᠬᠦᠨ ᠠᠴᠠ ᠭᠠᠲᠠᠨ᠎ᠠ ᠲᠠᠭᠤᠯᠠᠯᠲᠤ ᠪᠦᠵᠢᠭ ︽ᠪᠠᠶᠠᠷᠲᠦ ᠴᠢᠮᠡᠭᠡ ᠲᠠᠯ᠎ᠠ ᠨᠤᠲᠤᠭ ᠠᠴᠠ︾᠂ ᠬᠠᠮᠲᠤ ᠶᠢᠨ ᠪᠦᠵᠢᠭ ︽ᠲᠠᠯ᠎ᠠ ᠨᠤᠲᠤᠭ ᠤᠨ ᠬᠠᠶᠢᠷ᠎ᠠ︾᠂ ᠮᠤᠩᠭᠤᠯ ᠵᠦᠴᠦᠭᠡ︽ᠬᠤᠨ ᠭᠠᠯᠠᠭᠤ︾ ᠵᠡᠷᠭᠡ ᠬᠤᠷᠢ ᠰᠢᠬᠠᠮ ᠪᠦᠲᠦᠭᠡᠯ ᠨᠢ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠲᠡᠰ ᠤᠨ ᠱᠠᠩᠨᠠᠯ ᠬᠦᠬᠢᠬᠦᠯᠦᠯ ᠢ ᠤᠯᠠᠨᠲᠠ ᠲᠤᠰᠤᠭᠰᠠᠨ ᠪᠥᠭᠡᠳ ᠲᠤᠭᠯᠠᠭᠴᠢᠳ ᠴᠦ ᠤᠯᠤᠰ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠲᠡᠰ ᠤᠨ ᠠᠯᠲᠠ᠂ ᠮᠥᠩᠬᠦ᠂ ᠬᠦᠷᠡᠯ ᠮᠧᠳᠠᠯ᠂ ᠰᠢᠯᠢᠲᠡᠭ ᠲᠤᠭᠯᠠᠭᠴᠢ ᠪᠠᠷ ᠰᠤᠩᠭᠤᠭᠲᠠᠨ ᠬᠦᠬᠢᠬᠦᠯᠦᠭᠲᠡᠭᠰᠡᠨ ᠶᠤᠮ᠃ ᠲᠤᠰ ᠬᠤᠰᠢᠭᠤᠨ ᠤ ᠤᠯᠠᠭᠠᠨᠮᠦ᠋ᠴᠢᠷ ᠨᠢ ᠤᠷᠢᠳ ᠬᠤᠵᠢᠳ ᠲᠦᠪᠡᠳ ᠲᠤ ᠲᠤᠬᠤᠨᠢᠭᠤᠯᠬᠤ ᠲᠤᠬᠯᠠᠯᠳᠠ 23 ᠤᠳᠠᠭ᠎ᠠ᠂ ᠭᠠᠨᠰᠤ᠂ ᠬᠦᠬᠡᠨᠠᠭᠤᠷ᠂ ᠨᠢᠩᠰᠢᠶᠠ ᠭᠤᠷᠪᠠᠨ ᠮᠤᠵᠢ ᠤᠷᠤᠨ ᠢᠶᠠᠷ 87 ᠤᠳᠠᠭ᠎ᠠ ᠲᠤᠭᠯᠠᠯᠲᠠ ᠭᠠᠷᠭᠠᠨ᠂ 1978 ᠣᠨ ᠤ 10 ᠰᠠᠷ᠎ᠠ ᠳᠤ ᠲᠤᠰ ᠤᠯᠠᠭᠠᠨᠮᠦ᠋ᠴᠢᠷ ᠤᠨ ᠲᠤᠭᠯᠠᠭᠴᠢ ᠴᠡᠩᠬᠡᠯᠲᠤ ᠦᠪᠦᠷ ᠮᠤᠩᠭᠤᠯ ᠤᠨ ᠤᠷᠠᠯᠢᠭ ᠤᠨ ᠪᠦᠯᠬᠦᠮ ᠢ ᠳᠠᠭᠠᠵᠤ᠂ ᠪᠠᠷᠠᠭᠤᠨ ᠠᠹᠷᠢᠺᠠ ᠶᠢᠨ 3 ᠤᠯᠤᠰ ᠢᠶᠠᠷ ᠠᠶᠢᠯᠴᠢᠯᠠᠨ᠂ 1979 ᠣᠨ ᠤ 7 ᠰᠠᠷ᠎ᠠ ᠳᠤ ᠡᠮᠡᠭᠲᠡᠢ ᠳᠠᠭᠤᠴᠢᠨ ᠪᠠᠳᠮ᠎ᠠ ᠳᠤᠮᠳᠠᠳᠤ ᠤᠯᠤᠰ ᠤᠨ ᠵᠠᠯᠠᠭᠤᠴᠤᠳ ᠤᠨ ᠲᠦᠯᠦᠭᠡᠯᠡᠭᠴᠢᠳ ᠤᠨ ᠪᠦᠯᠬᠦᠮ ᠢ ᠳᠠᠭᠠᠵᠤ ᠶᠠᠫᠤᠨ ᠳᠤ ᠠᠶᠢᠯᠴᠢᠯᠠᠯᠲᠠ ᠬᠢᠵᠤ ᠲᠤᠭᠯᠠᠯᠲᠠ ᠭᠠᠷᠭᠠᠵᠠᠢ᠃ ᠶᠠᠭ ᠡᠶᠢᠮᠦ ᠠᠴᠠ ᠲᠤᠰ ᠬᠤᠰᠢᠭᠤᠨ ᠤ ᠤᠯᠠᠭᠠᠨᠮᠦ᠋ᠴᠢᠷ ᠤᠨ ᠲᠡᠷᠢᠭᠦᠨ ᠤ ᠦᠢᠯᠡ ᠠᠵᠢᠯᠯᠠᠭ᠎ᠠ ᠶᠢ ︽ᠠᠷᠠᠳ ᠤᠨ ᠡᠳᠤᠷ ᠤᠨ ᠰᠤᠨᠢᠨ︾᠂ ᠲᠦᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠠᠴᠠ ᠤᠯᠠᠨᠲᠠ ᠮᠡᠲᠡᠭᠡᠯᠡᠭᠰᠡᠨ ᠪᠠᠶᠢᠲᠠᠭ᠃     ᠦᠪᠦᠷ ᠮᠤᠩᠭᠤᠯ ᠤᠨ ᠲᠧᠯᠸᠢᠰ ᠬᠤᠷᠢᠶ᠎ᠠ᠂ ᠤᠷᠠᠳ ᠤᠨ ᠲᠤᠮᠲᠠᠲᠤ ᠬᠤᠰᠢᠭᠤᠨ ᠤ ᠲᠧᠯᠸᠢᠰ ᠬᠤᠷᠢᠶ᠎ᠠ ᠬᠠᠮᠲᠤᠷᠠᠨ ᠰᠡᠬᠦᠲᠡᠷᠯᠡᠭᠰᠡᠨ ᠪᠦᠬᠦ ᠤᠯᠤᠰ ᠤᠨ ᠬᠠᠮᠤᠭ ᠤᠨ ᠠᠩᠬᠠᠨ ᠤ 8 ᠪᠦᠯᠦᠭᠲᠦ ᠮᠤᠩᠭᠤᠯ ᠲᠧᠯᠸᠢᠰ ᠵᠦᠴᠦᠭᠡ ᠳᠤ ᠲᠤᠰ ᠬᠤᠰᠢᠭᠤᠨ ᠤ ᠤᠯᠠᠭᠠᠨᠮᠦ᠋ᠴᠢᠷ ᠪᠦᠭᠦᠳᠡᠭᠡᠷ ᠤᠷᠤᠯᠴᠠᠨ᠂ 1984 ᠣᠨ ᠳᠤ ᠲᠧᠯᠸᠢᠰ ᠤᠨ ᠴᠡᠭᠡᠨ ᠬᠦᠰᠢᠭᠡ ᠪᠠᠷ ᠦᠵᠡᠭᠴᠢ ᠲᠦᠮᠡᠨ ᠲᠠᠢ ᠪᠠᠨ ᠵᠤᠯᠭᠠᠵᠤ᠂ ᠦᠵᠡᠭᠴᠢ ᠲᠦᠮᠡᠨ ᠤ ᠪᠠᠨ ᠲᠠᠭᠠᠰᠢᠶᠠᠯ ᠮᠠᠭᠲᠠᠭᠠᠯ ᠢ ᠬᠦᠷᠲᠡᠭᠰᠡᠨ ᠶᠤᠮ᠃     ᠤᠶᠢᠷ᠎ᠠ ᠶᠢᠨ ᠭᠡᠲᠦᠨ ᠵᠢᠯ ᠳᠤ᠂ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠨᠢ ᠰᠤᠶᠤᠯ ᠢ ᠬᠦᠲᠡᠭᠡ ᠬᠦᠷᠭᠡᠬᠦ ᠠᠵᠢᠯᠯᠠᠭ᠎ᠠ ᠳᠤ ᠢᠲᠡᠪᠬᠢᠲᠡᠢ ᠤᠷᠤᠯᠴᠠᠨ᠂ ᠮᠠᠯᠵᠢᠬᠤ ᠲᠠᠷᠢᠶᠠᠯᠠᠬᠤ ᠤᠷᠤᠨ᠂ ᠰᠠᠭᠤᠭ᠎ᠠ ᠴᠡᠷᠢᠭ ᠤᠨ ᠬᠤᠸᠠᠷᠠᠨ᠂ ᠦᠢᠯᠡᠳᠪᠦᠷᠢ ᠠᠭᠤᠷᠬᠠᠢ᠂ ᠨᠡᠶᠢᠬᠡᠮ ᠤᠨ ᠠᠰᠠᠷᠠᠮᠵᠢ ᠶᠢᠨ ᠬᠦᠷᠢᠶᠡᠯᠡᠩ ᠢᠶᠠᠷ ᠬᠦᠷᠴᠦ᠂ ᠡᠯ᠎ᠡ ᠵᠦᠢᠯ ᠤᠨ ᠲᠤᠭᠯᠠᠯᠲᠠ ᠶᠢ 400 ᠰᠢᠬᠠᠮ ᠲᠠᠯᠠᠪᠤᠷ ᠲᠤᠭᠯᠠᠵᠤ᠂ ᠤᠯᠠᠨ ᠲᠦᠮᠡᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠤᠨ᠂ ᠦᠵᠡᠭᠴᠢ ᠲᠦᠮᠡᠨ ᠤ ᠪᠠᠨ ᠬᠠᠯᠠᠭᠤᠨ ᠬᠦᠷᠢᠶᠡᠯᠡᠯ ᠢ ᠣᠯᠵᠠᠢ᠃
ᠢᠷᠡᠯᠲᠡ᠄ ᠪᠠᠶᠠᠨᠨᠠᠭᠤᠷ ᠮᠤᠩᠭᠤᠯ ᠰᠦᠯᠵᠢᠶ᠎ᠠ