● 6 ᠰᠠᠷ᠎ᠠ ᠶᠢᠨ 28 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠨ ᠭᠠᠯᠠᠭᠤᠨ ᠰᠣᠶᠣᠯ ᠤᠷᠠᠯᠢᠭ ᠤᠨ | ᠰᠢᠷᠢᠰ ᠠᠵᠢᠯᠯᠠᠭ᠎ᠠ ᠵᠢᠴᠢ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠡᠶ᠎ᠡ ᠶᠢᠨ | ᠲᠠᠮᠢᠷ ᠤᠨ ᠲᠠᠯᠠᠪᠠᠢ ᠳᠤ ᠶᠠᠪᠤᠭᠳᠠᠪᠠ᠃ ᠬᠤᠨ ᠭᠠᠯᠠᠭᠤᠨ ᠰᠣᠶᠣᠯ ᠤᠷᠠᠯᠢᠭ ᠤᠨ ᠰᠢᠷᠢᠰ ᠠᠵᠢᠯᠯᠠᠭ᠎ᠠ ᠶᠢ ᠵᠠᠯᠭᠠᠭ᠎ᠠ ᠪᠠᠷ 12 ᠵᠢᠯ ᠶᠠᠪᠤᠭᠳᠠᠭᠤᠯᠵᠤ᠂ ᠮᠠᠨ ᠤ | ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠤᠬᠠᠭᠤᠯᠬᠤ᠂ ᠲᠠᠨᠢᠯᠴᠠᠭᠤᠯᠬᠤ᠂ ᠳᠡᠯᠭᠡᠨ ᠦᠵᠡᠭᠦᠯᠬᠦ ᠴᠢᠬᠤᠯᠠ | ᠴᠣᠩᠬᠤᠪᠴᠢ ᠪᠣᠯᠵᠤ᠂ ᠮᠠᠰᠢ ᠶᠡᠭᠡ ᠮᠡᠳᠡᠯᠭᠡ ᠶᠢᠨ ᠨᠣᠷᠮ᠎ᠠ ᠪᠠ ᠣᠷᠤᠯᠴᠠᠯᠭ᠎ᠠ ᠶᠢᠨ ᠬᠡᠮᠵᠢᠶ᠎ᠡ ᠲᠠᠢ ᠪᠣᠯᠤᠭᠰᠠᠨ ᠪᠠᠶᠢᠨ᠎ᠠ᠃ ᠲᠣᠰ ᠬᠤᠭᠤᠴᠠᠭᠠᠨ ᠤ ᠬᠤᠨ ᠭᠠᠯᠠᠭᠤᠨ | ᠰᠣᠶᠣᠯ ᠤᠷᠠᠯᠢᠭ ᠤᠨ ᠨᠠᠶᠢᠷ ᠤᠨ ᠰᠢᠷᠢᠰ ᠠᠵᠢᠯᠯᠠᠭ᠎ᠠ ᠶᠢ 6 ᠰᠠᠷ᠎ᠠ ᠶᠢᠨ 28 ᠤ ᠡᠳᠦᠷ ᠠᠴᠠ ᠡᠬᠢᠯᠡᠨ 8 ᠰᠠᠷ᠎ᠠ ᠶᠢᠨ 30 ᠤ ᠡᠳᠦᠷ ᠬᠦᠷᠲᠡᠯ᠎ᠡ | ᠶᠠᠪᠤᠭᠳᠠᠭᠤᠯᠤᠨ᠎ᠠ᠂ ᠡᠨᠡ ᠬᠤᠭᠤᠴᠠᠭᠠᠨ ᠳᠤ ᠤᠯᠠᠭᠠᠨᠮᠥ᠋ᠴᠢᠷ ᠤᠨ ᠲᠤᠰᠬᠠᠢ ᠤᠷᠠᠨ ᠰᠠᠶᠢᠬᠠᠨ ᠤ ᠲᠣᠭᠯᠠᠯᠲᠠ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ | ᠲᠤᠰᠬᠠᠢ ᠤᠷᠠᠨ ᠰᠠᠶᠢᠬᠠᠨ ᠤ ᠲᠣᠭᠯᠠᠯᠲᠠ᠂ ᠪᠥᠬᠦ ᠬᠤᠰᠢᠭᠤᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠠᠵᠢᠯᠲᠠᠨ ᠠᠵᠢᠯᠴᠢᠨ ᠤ ᠰᠠᠭᠰᠤᠨ | ᠪᠥᠮᠪᠦᠭᠡ ᠶᠢᠨ ᠤᠷᠤᠯᠳᠤᠭᠠᠨ ᠵᠡᠷᠭᠡ ᠺᠠᠳ᠋ᠷ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ | ᠥᠷᠨᠢᠭᠦᠯᠦᠨ᠎ᠡ᠃ | | | |