ᠰᠣᠶᠣᠯ ᠵᠢᠭᠤᠯᠴᠢᠯᠠᠯ ᠤᠨ ᠶᠠᠮᠤᠨ ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ ᠠᠮᠤᠷ ᠲᠦᠪᠰᠢᠨ ᠤ ᠰᠠᠨᠠᠭᠤᠯᠤᠮᠵᠢ ᠶᠢ | ᠨᠡᠶᠢᠲᠡᠯᠡᠪᠡ᠃ | ᠣᠳᠣᠬᠠᠨ ᠳᠤ᠂ ᠮᠠᠨ ᠤ ᠤᠯᠤᠰ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠨᠡ ᠬᠦ ᠬᠤᠭᠤᠴᠠᠭᠠᠨ ᠳᠤ ᠬᠡᠴᠡᠭᠦᠦ ᠠᠭᠤᠷ | ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠥᠷᠭᠡᠨ ᠣᠯᠠᠨ ᠵᠢᠭᠤᠯᠴᠢᠯᠠᠭᠴᠢᠳ ᠲᠤ ᠵᠢᠭᠤᠯᠴᠢᠯᠠᠯ ᠤᠨ ᠲᠠᠯ᠎ᠠ ᠪᠠᠷ ᠬᠢ | ᠠᠮᠤᠷ ᠲᠦᠪᠰᠢᠨ ᠢᠶᠠᠨ ᠣᠨᠴᠠ ᠠᠩᠬᠠᠷᠬᠤ ᠶᠢ ᠰᠠᠨᠠᠭᠤᠯᠪᠠ᠄ ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠩᠬᠠᠷᠤᠨ᠎ᠠ᠃ ᠵᠢᠭᠤᠯᠴᠢᠯᠠᠨ ᠣᠴᠢᠬᠤ | ᠭᠠᠵᠠᠷ ᠵᠢᠴᠢ ᠵᠠᠮ ᠳᠠᠭᠠᠤ ᠶᠢᠨ ᠠᠭᠤᠷ ᠠᠮᠢᠰᠬᠤᠯ ᠤᠨ ᠪᠠᠶᠢᠳᠠᠯ᠂ ᠢᠯᠠᠩᠭᠤᠶ᠎ᠠ ᠴᠠᠭ ᠠᠭᠤᠷ ᠪᠣᠯᠤᠨ ᠭᠠᠵᠠᠷ ᠬᠦᠷᠦᠰᠦᠨ ᠤ ᠭᠠᠮᠰᠢᠭ ᠤᠨ ᠲᠠᠯ᠎ᠠ ᠪᠠᠷ ᠬᠢ | ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ ᠪᠠᠨ ᠵᠣᠬᠢᠰᠲᠠᠶ ᠲᠦᠯᠦᠪᠵᠢᠭᠦᠯᠵᠦ ᠴᠠᠭ ᠲᠤᠬᠠᠶ ᠳᠤ ᠨᠢ ᠵᠣᠬᠢᠴᠠᠭᠤᠯᠬᠤ | ᠬᠡᠷᠡᠭᠲᠡᠶ᠃ ᠬᠤᠶᠠᠷ ᠲᠤ᠂ ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠠᠵᠢᠯ ᠢ ᠰᠠᠶᠢᠲᠤᠷ ᠬᠢᠨ᠎ᠡ᠃ ᠮᠠᠰᠢᠨ ᠲᠡᠷᠭᠡ ᠵᠢᠯᠣᠭᠤᠳᠬᠤ ᠪᠤᠶᠤ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠳᠤ ᠪᠠᠨ ᠵᠠᠪᠠᠯ ᠠᠶᠤᠯ ᠦᠭᠡᠢ ᠪᠦᠰᠡ ᠶᠢ ᠪᠦᠰᠡᠯᠡᠬᠦ ᠬᠡᠷᠡᠭᠲᠡᠢ᠃ ᠭᠤᠷᠪᠠ ᠳᠤ᠂ ᠰᠡᠷᠭᠡᠶᠢᠯᠡᠬᠦ ᠦᠵᠡᠯ | ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ ᠲᠤ ᠪᠠᠨ ᠬᠤᠨᠣᠭᠯᠠᠬᠤ ᠳᠤ ᠭᠠᠯ ᠠᠴᠠ ᠵᠠᠶᠢᠯᠠᠵᠤ ᠵᠢᠭᠤᠲᠠᠬᠤ ᠵᠠᠮ ᠵᠢᠴᠢ ᠣᠷᠣᠨ ᠰᠠᠭᠤᠴᠠ ᠶᠢᠨ | ᠡᠷᠬᠢᠨ ᠲᠣᠭᠤᠷᠢᠨ ᠳᠠᠬᠢ ᠠᠮᠤᠷ ᠲᠦᠪᠰᠢᠨ ᠢᠶᠠᠨ ᠪᠠᠲᠤᠯᠠᠬᠤ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ ᠠᠪᠤᠭᠰᠠᠨ ᠪᠠᠶᠢᠬᠤ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠤᠭ᠍ᠷᠠᠮ ᠤᠨ ︽ᠦᠶᠡᠷ ᠢ ᠰᠡᠷᠭᠡᠶᠢᠯᠡᠬᠦ ᠦᠢᠯᠡᠴᠢᠯᠡᠭᠡᠨ ᠤ ᠲᠤᠰᠬᠠᠶ | ᠪᠣᠯᠣᠩ︾ | ᠦᠶᠡᠷ ᠤᠨ ᠰᠡᠷᠡᠮᠵᠢᠯᠡᠭᠦᠯᠦᠯ᠂ ᠦᠶᠡᠷ ᠤᠨ ᠪᠠᠶᠢᠳᠠᠯ ᠢ ᠮᠡᠳᠡᠭᠡᠯᠡᠨ᠎ᠡ → |