ᠲᠠᠨ ᠤ ᠡᠮᠴᠢᠯᠡᠭᠡᠨ ᠤ ᠳᠠᠭᠠᠳᠬᠠᠯ ᠲᠠᠢ ᠬᠤᠯᠪᠣᠭᠳᠠᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠲᠠᠷᠬᠠᠭᠠᠵᠤ ᠳᠠᠭᠠᠳᠬᠠᠯ ᠳᠤ ᠣᠷᠣᠯᠴᠠᠭᠰᠠᠳ ᠲᠤ ᠡᠳᠡᠭᠡᠷ ᠠᠰᠢᠭ ᠢ ᠬᠦᠷᠲᠡᠭᠡᠨ᠎ᠡ
ᠨᠡᠶᠢᠲᠡᠯᠡᠭᠰᠡᠨ ᠴᠠᠭ᠄
2024/8/12
    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠪᠢᠴᠢᠭ ᠮᠠᠲ᠋ᠧᠷᠢᠶᠠᠯ ᠳᠤ ᠳᠤᠷᠠᠳᠬᠤ ᠳᠤ ᠪᠠᠨ᠂ ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ ᠲᠤ ᠪᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠯᠦᠭᠡᠲᠡᠢ ᠪᠣᠯᠭᠠᠨ᠎ᠠ᠃ ᠭᠠᠳᠠᠷ ᠣᠷᠣᠨ ᠤ ᠡᠷᠦᠬᠡ ᠠᠮᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃ ᠪᠢᠴᠢᠭ ᠮᠠᠲ᠋ᠧᠷᠢᠶᠠᠯ ᠳᠤ ᠳᠤᠷᠠᠳᠬᠤ ᠳᠤ ᠪᠠᠨ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠲᠤᠰᠠᠯᠠᠯᠴᠠᠬᠤ ᠬᠡᠪᠴᠢᠶ᠎ᠡ ᠶᠢ ᠭᠡᠷ ᠪᠦᠯᠢ ᠶᠢᠨ ᠪᠦᠷᠢᠯᠳᠦᠭᠦᠨ ᠠᠴᠠ ᠨᠢ ᠣᠶᠢᠷ᠎ᠠ ᠰᠠᠳᠤᠨ ᠲᠥᠷᠥᠯ ᠳᠤ ᠨᠢ ᠬᠦᠷᠲᠡᠯ᠎ᠡ ᠥᠷᠭᠡᠳᠬᠡᠨ᠎ᠡ ᠭᠡᠪᠡ᠃ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠬᠤ ᠳᠤ ᠪᠠᠨ᠂ 2025 ᠣᠨ ᠠᠴᠠ ᠡᠬᠢᠯᠡᠨ᠂ ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠪᠠᠭᠤᠷᠠᠭᠤᠯᠵᠤ ᠪᠣᠯᠣᠨ᠎ᠠ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠭᠰᠠᠳ᠂ ᠲᠠᠪᠤᠳᠤᠭᠠᠷ ᠵᠢᠯ ᠠᠴᠠ ᠡᠬᠢᠯᠡᠵᠦ ᠢᠯᠡᠭᠦᠦ 1 ᠵᠢᠯ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃ ᠲᠤᠬᠠᠢ ᠶᠢᠨ ᠵᠢᠯ ᠳᠤ ᠰᠠᠭᠤᠷᠢ ᠮᠥᠩᠭᠦᠨ ᠠᠴᠠ ᠲᠠᠩᠰᠠ ᠥᠯᠥ ᠲᠠᠶᠢᠯᠤᠭᠰᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠷᠠᠭ᠎ᠠ ᠵᠢᠯ ᠳᠤ ᠨᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠵᠦ ᠪᠣᠯᠣᠨ᠎ᠠ ᠭᠡᠪᠡ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ