ᠨᠢᠭᠡ᠂ ᠭᠤᠤᠯ ᠡᠭᠦᠷᠭᠡ ᠬᠠᠷᠢᠭᠤᠴᠠᠯᠭ᠎ᠠ᠄ ︵1︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠷᠠᠯ ᠢ ᠵᠣᠬᠢᠶᠠᠨ ᠪᠠᠶᠢᠭᠤᠯᠤᠨ ᠪᠡᠯᠡᠳᠭᠡᠬᠦ | ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠨᠡᠷ ᠲᠠᠢ ᠬᠠᠮᠵᠢᠯᠴᠠᠨ ᠬᠤᠷᠠᠯᠳᠤᠭᠠᠨ ᠢᠶᠠᠷ ᠲᠤᠭᠲᠠᠭᠠᠬᠰᠠᠨ ᠬᠡᠷᠡᠭ ᠶᠠᠪᠤᠳᠠᠯ ᠤᠳ ᠢ ᠵᠣᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ | ︵2︶ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠲᠠᠢ ᠬᠠᠮᠵᠢᠯᠴᠠᠨ ᠵᠠᠰᠠᠭ ᠤᠨ ᠣᠷᠳᠣᠨ ᠪᠤᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ | ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠶᠠᠷᠢᠶᠠᠨ ᠤ ᠨᠣᠣᠷᠠᠭ ᠵᠢᠴᠢ | ᠠᠵᠢᠯ ᠤᠨ ᠢᠯᠡᠳᠬᠡᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ | ︵3︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠠᠴᠠ | ᠵᠢᠭᠠᠪᠤᠷᠢ ᠠᠪᠤᠭᠰᠠᠨ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠭᠦᠢᠴᠡᠳᠭᠡᠵᠦ᠂ ᠬᠢᠨᠠᠨ ᠬᠠᠷᠭᠤᠭᠤᠯᠬᠤ ᠰᠠᠨᠠᠯ ᠢ ᠳᠤᠷᠠᠳᠴᠤ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃ | ︵4︶ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠪᠤᠶᠤ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠵᠢᠯ ᠢ ᠵᠣᠬᠢᠶᠠᠨ ᠪᠠᠶᠢᠭᠤᠯᠤᠨ ᠬᠠᠮᠵᠢᠯᠴᠠᠨ᠎ᠠ︔ ᠮᠠᠷᠭᠤᠯᠳᠤᠭᠠᠨ ᠲᠠᠢ ᠠᠰᠠᠭᠤᠳᠠᠯ ᠤᠳ ᠲᠤ ᠰᠢᠢᠳᠪᠦᠷᠢᠯᠡᠬᠦ ᠰᠠᠨᠠᠯ ᠢᠶᠠᠨ ᠲᠤᠷᠠᠳᠴᠤ ᠭᠠᠷᠭᠠᠨ᠎ᠠ᠃ | ︵5︶ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠲᠠᠢ ᠬᠠᠮᠵᠢᠯᠴᠠᠨ ᠵᠠᠰᠠᠭ ᠤᠨ ᠣᠷᠳᠣᠨ ᠠᠴᠠ ᠰᠢᠭᠤᠳ ᠰᠢᠢᠳᠪᠦᠷᠢᠯᠡᠬᠦ ᠴᠢᠬᠤᠯᠠᠳᠠᠢ ᠭᠡᠨᠡᠳᠲᠡ ᠶᠢᠨ | ᠴᠢᠨᠠᠷᠲᠠᠶ ᠬᠡᠷᠡᠭ ᠶᠠᠪᠤᠳᠠᠯ ᠪᠠ ᠬᠦᠨᠳᠦ ᠴᠢᠬᠤᠯᠠ ᠬᠡᠷᠡᠭ ᠶᠠᠪᠤᠳᠠᠯ ᠢ ᠵᠤᠬᠢᠶᠠᠨ ᠪᠠᠶᠢᠭᠤᠯᠤᠨ ᠰᠢᠢᠳᠪᠦᠷᠢᠯᠡᠨ᠎ᠡ᠃ | ︵6︶ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ᠂ ᠳᠠᠮᠵᠢᠭᠤᠯᠬᠤ᠂ ᠬᠠᠳᠠᠭᠠᠯᠠᠬᠤ ᠪᠠ ᠳᠠᠩᠰᠠ ᠡᠪᠬᠡᠮᠡᠯ ᠤᠨ | ᠮᠠᠲ᠋ᠧᠷᠢᠶᠠᠯ ᠬᠠᠩᠭᠠᠬᠤ ᠶᠢ ᠬᠠᠷᠢᠭᠤᠴᠠᠨ᠎ᠠ᠃ | ︵7︶ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠢ ᠣᠷᠴᠢᠭᠤᠯᠬᠤ ᠶᠢ ᠬᠠᠷᠢᠭᠤᠴᠠᠨ᠎ᠠ᠃ | ︵8︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠴᠤ᠂ ᠰᠢᠮᠳᠠᠭᠤᠯᠬᠤ | ᠪᠠ ᠪᠠᠶᠢᠴᠠᠭᠠᠨ᠎ᠠ᠃ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠡᠯ᠎ᠡ ᠰᠠᠯᠠᠭ᠎ᠠ ᠮᠥᠴᠢᠷ ᠤᠨ ᠲᠦᠷᠢᠮᠵᠢᠯ | ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠠᠩᠰᠠᠯᠠᠨ ᠲᠡᠮᠳᠡᠭᠯᠡᠵᠤ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠬᠤᠰᠢᠭᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵9︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ᠂ ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠠᠵᠢᠯ ᠤᠨ ᠲᠣᠭᠤᠷᠢᠨ ᠳᠤ ᠠᠵᠢᠯᠯᠠᠨ᠎ᠠ᠃ | ︵10︶ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠵᠦ᠂ ᠣᠯᠠᠨ ᠲᠦᠮᠡᠨ ᠤ ᠵᠠᠬᠢᠲᠠᠯ ᠰᠤᠷᠪᠤᠯᠵᠢᠯᠠᠯ ᠢ ᠬᠦᠯᠢᠶᠡᠨ ᠠᠪᠴᠤ᠂ | ᠵᠠᠬᠢᠳᠠᠯ ᠰᠤᠷᠪᠤᠯᠵᠢᠯᠠᠯ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠲᠡᠭᠡᠳᠦ ᠱᠠᠲᠤᠨ ᠤ ᠪᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠨ ᠠᠪᠴᠤ ᠰᠢᠢᠳᠪᠦᠷᠢᠯᠡᠨ᠎ᠡ᠃ ︽ᠱᠠᠲᠤ ᠬᠤᠪᠢᠶᠠᠨ ᠬᠠᠷᠢᠭᠤᠴᠠᠬᠤ᠂ | ᠬᠠᠷᠢᠶᠠᠯᠠᠭᠤᠯᠤᠨ ᠰᠢᠢᠳᠪᠦᠷᠢᠯᠡᠬᠦ︾ ᠵᠠᠷᠴᠢᠮ ᠶᠣᠰᠣᠭᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠬᠤᠰᠢᠭᠤᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠢ ᠳᠤ ᠵᠠᠬᠢᠳᠠᠯ ᠰᠤᠷᠪᠤᠯᠵᠢᠯᠠᠯ ᠤᠨ ᠬᠡᠷᠡᠭ ᠢ ᠲᠤᠰᠢᠶᠠᠨ ᠰᠢᠢᠳᠪᠦᠷᠢᠯᠡᠬᠦ ᠪᠥᠭᠡᠳ ᠬᠢᠨᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠵᠠᠬᠢᠳᠠᠯ | ᠰᠤᠷᠪᠤᠯᠵᠢᠯᠠᠯ ᠤᠨ ᠪᠠᠶᠢᠳᠠᠯ ᠢ ᠶᠡᠷᠦᠩᠬᠡᠶᠢᠯᠡᠨ ᠰᠤᠳᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠵᠠᠬᠢᠲᠠᠯ ᠰᠤᠷᠪᠤᠯᠵᠢᠯᠠᠯ ᠤᠨ ᠰᠤᠷᠠᠭ ᠵᠠᠩᠭᠢ ᠶᠢ ᠬᠠᠩᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ | ᠪᠠᠶᠢᠭᠤᠯᠵᠤ ᠥᠷᠨᠢᠭᠦᠯᠦᠨ᠎ᠡ᠃ | ︵11︶ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠬᠠᠩᠭᠠᠯᠭ᠎ᠠ᠂ ᠠᠮᠤᠷ | ᠲᠦᠪᠰᠢᠨ ᠵᠢᠵᠢᠬᠦᠷᠯᠡᠭᠡ ᠪᠣᠯᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵12︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ | ᠲᠤᠰᠢᠶᠠᠭᠰᠠᠨ ᠪᠤᠰᠤᠳ ᠠᠵᠢᠯ ᠶᠠᠪᠤᠳᠠᠯ ᠢ ᠭᠦᠢᠴᠡᠳᠭᠡᠨ᠎ᠡ᠃ | ᠬᠤᠶᠠᠷ᠂ ᠳᠣᠲᠣᠭᠠᠳᠤ ᠳᠠᠬᠢ ᠪᠠᠶᠢᠭᠤᠯᠤᠮᠵᠢ᠄ ᠵᠠᠰᠠᠭ ᠤᠨ ᠣᠷᠳᠣᠨ ᠤ ᠠᠯᠪᠠᠨ ᠭᠡᠷ ᠲᠤ ᠤᠳᠤ 10 ᠰᠠᠯᠠᠭ᠎ᠠ ᠲᠠᠰᠤᠭ ᠲᠠᠢ᠂ ᠲᠤᠬᠠᠶᠢᠯᠠᠪᠠᠯ ᠠᠯᠪᠠᠨ ᠭᠡᠷ᠂ | ᠶᠡᠷᠦᠩᠬᠡᠶ ᠶᠠᠪᠤᠳᠠᠯ ᠤᠨ ᠨᠢᠭᠡᠳᠦᠭᠡᠷ ᠲᠠᠰᠤᠭ᠂ ᠶᠡᠷᠦᠩᠬᠡᠶ ᠶᠠᠪᠤᠳᠠᠯ ᠤᠨ ᠬᠤᠶᠠᠳᠤᠭᠠᠷ ᠲᠠᠰᠤᠭ᠂ ᠨᠠᠮ ᠤᠨ ᠶᠠᠪᠤᠳᠠᠯ ᠤᠨ ᠲᠠᠰᠤᠭ᠂ ᠠᠵᠢᠯᠴᠢᠨ ᠤ ᠡᠪᠯᠡᠯ᠂ | ᠰᠢᠪᠠᠳᠠᠨ ᠪᠠᠶᠢᠴᠠᠭᠠᠬᠤ ᠲᠠᠰᠤᠭ᠂ ᠮᠡᠳᠡᠭᠡ ᠵᠠᠩᠭᠢ ᠪᠠᠶᠢᠴᠠᠭᠠᠨ ᠰᠣᠳᠤᠯᠤᠯᠲᠠ ᠶᠢᠨ ᠲᠠᠰᠤᠭ᠂ ᠬᠠᠤᠯᠢ ᠲᠣᠭᠲᠠᠭᠠᠯ ᠤᠨ ᠲᠠᠰᠤᠭ᠂ ᠣᠷᠴᠢᠭᠤᠯᠭ᠎ᠠ ᠶᠢᠨ ᠲᠠᠰᠤᠭ᠂ | ᠪᠢᠴᠢᠭ ᠮᠠᠲ᠋ᠧᠷᠢᠶᠠᠯ ᠬᠤᠷᠢᠶᠠᠨ ᠳᠠᠮᠵᠢᠭᠤᠯᠬᠤ ᠲᠠᠰᠤᠭ ᠵᠡᠷᠭᠡ ᠪᠠᠭᠳᠠᠨ᠎ᠠ᠃ |