| ᠵᠤᠨ ᠤ ᠬᠠᠯᠠᠭᠤᠨ ᠠᠴᠠ ᠪᠤᠯᠵᠤ ᠬᠦᠮᠦᠨ ᠤ ᠪᠡᠶ᠎ᠠ ᠶᠢᠨ ᠬᠡᠪ ᠤᠨ ᠠᠵᠢᠯᠯᠠᠭ᠎ᠠ ᠠᠳᠠᠯᠢ ᠪᠤᠰᠤ ᠬᠡᠮᠵᠢᠶᠡᠨ ᠤ ᠬᠤᠪᠢᠷᠠᠯᠳᠠ ᠲᠠᠢ ᠪᠤᠯᠵᠤ᠂ ᠨᠠᠮᠤᠷ ᠤᠨ | ᠤᠯᠠᠷᠢᠯ ᠪᠤᠯᠤᠬᠰᠠᠭᠠᠷ ᠰᠢᠯᠦᠰᠦᠨ ᠤ ᠱᠦᠬᠦᠷᠡᠯᠳᠡ ᠪᠠᠭᠠᠰᠴᠤ᠂ ᠪᠡᠶ᠎ᠡ ᠶᠢᠨ ᠠᠷᠠᠰᠤ ᠬᠠᠭᠤᠷᠠᠶᠢᠰᠢᠬᠤ᠂ ᠬᠠᠮᠠᠷ ᠠᠮᠠ ᠬᠠᠳᠠᠬᠤ᠂ ᠨᠢᠳᠤ ᠤᠯᠠᠶᠢᠵᠤ ᠡᠪᠡᠳᠬᠦ᠂ | ᠬᠤᠷᠭᠤᠰᠤ ᠬᠠᠳᠠᠬᠤ ᠵᠡᠷᠭᠡ ᠡᠪᠡᠳᠴᠢᠨ ᠬᠡᠮ ᠠᠮᠠᠷᠬᠠᠨ ᠡᠬᠦᠰᠳᠡᠭ᠂ ᠳᠡᠷᠡᠴᠢᠯᠡᠨ ᠡᠪᠡᠳᠴᠢᠨ ᠢ ᠳᠠᠭᠠᠭᠠᠬᠤ ᠴᠢᠳᠠᠪᠦᠷᠢ ᠨᠢ ᠮᠡᠳᠡᠭᠳᠡᠮ᠎ᠡ ᠪᠠᠭᠤᠷᠠᠢ ᠪᠤᠯᠳᠠᠬ ᠳᠤᠯᠠ | ᠪᠤᠰᠤᠳ ᠵᠦᠢᠯ ᠤᠨ ᠶᠡᠷᠦ ᠶᠢᠨ ᠡᠪᠡᠳᠴᠢᠨ ᠠᠷᠬᠠᠬ ᠪᠤᠶᠤ ᠬᠠᠯᠳᠠᠪᠦᠷᠢᠳᠤ ᠡᠪᠡᠳᠴᠢᠨ ᠬᠢᠵᠢᠭ ᠲᠤ ᠠᠮᠠᠷᠬᠠᠨ ᠨᠡᠷᠪᠡᠭᠳᠡᠳᠡᠭ᠃ | ᠡᠶᠢᠮᠦ ᠠᠴᠠ ᠨᠠᠮᠤᠷ ᠤᠨ ᠰᠤᠪᠢᠯᠠᠯᠳᠠ ᠳᠤ᠄ ︵1︶ ᠬᠡᠳᠤ ᠶᠠᠳᠠᠷᠠᠬᠤ᠂ ᠤᠨᠴᠠᠭᠠᠶᠢᠯᠠᠨ ᠳᠤᠳᠤᠷ ᠳᠠᠮᠢᠷ ᠢᠶᠠᠨ ᠶᠡᠭᠡ ᠪᠠᠷᠠᠬᠤ ᠶᠢ ᠰᠡᠷᠭᠡᠶᠢᠯᠡᠵᠤ ᠬᠡᠳᠤ | ᠬᠦᠯᠦᠷᠡᠬᠦ ᠦᠬᠡᠢ ᠪᠠᠶᠢᠬᠤ ᠬᠡᠷᠡᠭᠲᠡᠢ᠃ ︵2︶ ᠠᠮᠢᠳᠤᠷᠠᠯ ᠢᠶᠠᠨ ᠵᠢᠮ᠎ᠠ ᠵᠦᠢ ᠲᠠᠢ ᠪᠠᠶᠢᠯᠭᠠᠵᠤ᠂ ᠰᠠᠭᠤᠬᠤ ᠦᠷᠤᠬᠡᠨ ᠳᠡᠭᠡᠨ ᠬᠤᠸᠠᠷ ᠴᠡᠴᠡᠭ ᠳᠡᠵᠢᠬᠡᠵᠤ | ᠦᠷᠬᠦᠯᠵᠢ ᠪᠠᠭ᠎ᠠ ᠰᠠᠭ᠎ᠠ ᠤᠰᠤ ᠰᠦᠷᠴᠢᠨ ᠠᠭᠤᠷ ᠠᠮᠢᠰᠬᠤᠯ ᠢᠶᠠᠨ ᠴᠢᠬᠢᠭᠯᠢᠭ ᠪᠠᠶᠢᠯᠭᠠᠬᠤ ᠬᠡᠷᠡᠭᠲᠡᠢ᠃ ︵3︶ ᠢᠳᠡᠬᠡᠨ ᠤᠮᠳᠠᠭᠠᠨ ᠢᠶᠠᠨ ᠳᠤᠬᠢᠳᠡᠢ | ᠳᠤᠬᠢᠷᠠᠭᠤᠯᠵᠤ ᠠᠭᠤᠰᠭᠢ᠂ ᠴᠤᠯᠤ ᠶᠢᠨ ᠳᠠᠮᠢᠷ ᠢ ᠰᠠᠶᠢᠵᠢᠷᠠᠭᠤᠯᠬᠤ ᠰᠢᠮ᠎ᠡ ᠳᠡᠵᠢᠬᠡᠯ ᠰᠠᠶᠢᠲᠠᠢ ᠢᠳᠡᠭᠡᠨ ᠲᠤᠬᠠᠶᠢᠯᠠᠪᠠᠯ ᠮᠠᠭᠠᠵᠢ᠂ ᠵᠢᠵᠢᠭ ᠴᠠᠭᠠᠨ ᠨᠤᠭᠤᠭ᠎ᠠ᠂ | ᠯᠤᠤᠪᠠᠩ᠂ ᠠᠯᠢᠮ᠎ᠠ᠂ ᠱᠠᠪᠳᠠᠯ᠎ᠠ᠂ ᠴᠠᠭᠠᠨ ᠳᠡᠯᠳᠡᠤ ᠵᠡᠷᠭᠡ ᠶᠢ ᠢᠯᠡᠬᠦᠬᠡᠨ ᠢᠳᠡᠵᠤ ᠪᠠᠶᠢᠪᠠᠯ ᠰᠠᠶᠢᠨ᠃ ︵4︶ ᠨᠠᠮᠤᠷ ᠪᠤᠷᠤᠭᠠᠨ ᠰᠢᠪᠡᠷᠡᠬᠦ ᠪᠦᠷᠢ ᠲᠡᠭᠷᠢ | ᠬᠦᠢᠳᠡᠷᠡᠨ᠎ᠠ ᠭᠡᠳᠡᠭ᠂ ᠪᠡᠶ᠎ᠠ ᠡᠷᠡᠬᠦᠯ ᠴᠢᠬᠢᠷᠠᠬ ᠬᠦᠮᠦᠰ ᠲᠤ ᠠᠪᠴᠤ ᠬᠡᠯᠡᠪᠡᠯ ᠬᠡᠳᠤ ᠡᠷᠳᠡ ᠡᠮᠤᠰᠴᠤ ᠵᠡᠭᠦᠬᠦ ᠪᠠᠨ ᠵᠤᠵᠠᠭᠠᠯᠠᠬᠤ ᠦᠬᠡᠢ ᠪᠤᠯ ᠵᠤᠬᠢᠨ᠎ᠠ᠃ ᠬᠠᠷᠢᠨ | ᠳᠠᠮᠢᠷ ᠤᠨ ᠪᠤᠯᠪᠠᠰᠤᠷᠠᠯ ᠳᠤ ᠢᠯᠡᠬᠦᠬᠡᠨ ᠤᠷᠤᠯᠴᠠᠵᠤ᠂ ᠡᠪᠡᠳᠴᠢᠨ ᠢ ᠳᠠᠭᠠᠭᠠᠬᠤ ᠴᠢᠳᠠᠪᠦᠷᠢ ᠪᠠᠨ ᠲᠡᠭᠡᠭᠰᠢᠯᠡᠭᠦᠯᠬᠦ ᠬᠡᠷᠡᠭᠲᠡᠢ᠃ ᠭᠡᠪᠡᠴᠤ ᠬᠡᠳᠤᠷᠬᠡᠢ ᠨᠢᠮᠬᠡᠨ | ᠡᠮᠤᠰᠴᠤ ᠵᠡᠬᠦᠬᠦ ᠦᠬᠡᠢ᠃ ᠦᠬᠡᠢ ᠪᠤᠯ ᠦᠶ᠎ᠠ ᠭᠡᠰᠢᠭᠦᠦ ᠶᠢᠨ ᠡᠪᠡᠳᠴᠢᠨ᠂ ᠮᠦᠬᠡᠷᠰᠤᠨ ᠬᠤᠭᠤᠯᠠᠢ ᠶᠢᠨ ᠦᠷᠪᠢᠰᠤᠯ᠂ ᠰᠢᠩᠭᠡᠭᠡᠯᠳᠡ ᠶᠢᠨ ᠵᠠᠮ ᠤᠨ ᠡᠪᠡᠳᠴᠢᠨ | ᠵᠡᠷᠭᠡ ᠳᠤ ᠨᠡᠷᠪᠡᠭᠳᠡᠳᠡᠭ᠃ ︵5︶ ᠨᠠᠮᠤᠷ ᠤᠨ ᠴᠠᠬ ᠲᠤ ᠬᠠᠯᠠᠭᠤᠨ ᠬᠦᠢᠳᠡᠨ ᠨᠢ ᠳᠤᠬᠳᠠᠭᠤᠨ ᠦᠬᠡᠢ ᠳᠤᠯᠠ ᠬᠡᠤᠬᠡᠳ ᠠᠮᠠᠷᠬᠠᠨ ᠡᠪᠡᠳᠴᠢᠯᠡᠳᠡᠭ ᠂ | ᠨᠠᠰᠤᠳᠠᠶᠢᠴᠤᠳ ᠠᠮᠠᠷᠬᠠᠨ ᠬᠢᠮᠦᠷᠠᠬᠤ ᠪᠤᠶᠤ ᠬᠠᠭᠤᠴᠢᠨ ᠡᠪᠡᠳᠴᠢᠨ ᠬᠡᠮ ᠨᠢ ᠬᠦᠳᠡᠯᠳᠡᠭ᠃ ᠴᠢᠰᠤᠨ ᠳᠠᠷᠤᠯᠳᠠ ᠦᠨᠳᠤᠷ ᠡᠪᠡᠳᠴᠢᠳᠡᠨ ᠨᠠᠮᠤᠷ ᠤᠨ ᠬᠦᠢᠳᠡᠨ ᠳᠤ | ᠴᠢᠰᠤᠨ ᠰᠤᠳᠠᠯ ᠨᠢ ᠠᠪᠴᠢᠵᠤ ᠴᠢᠰᠤᠨ ᠳᠠᠷᠤᠯᠳᠠ ᠨᠢ ᠦᠨᠳᠤᠷᠵᠢᠳᠡᠭ ᠳᠤᠯᠠ ᠦᠷᠬᠦᠯᠵᠢ ᠴᠢᠰᠤᠨ ᠳᠠᠷᠤᠯᠳᠠ ᠪᠠᠨ ᠬᠡᠮᠵᠢᠨ ᠡᠮ ᠲᠠᠩ ᠢᠶᠠᠨ ᠳᠠᠰᠤᠯᠳᠠᠭᠤᠯᠤᠯ | ᠦᠬᠡᠢ ᠤᠤᠭᠤᠵᠤ᠂ ᠡᠮᠴᠢ ᠪᠠᠷ ᠤᠨᠤᠰᠢᠯᠠᠭᠤᠯᠬᠤ ᠶᠢ ᠠᠩᠬᠠᠷᠬᠤ ᠬᠡᠷᠡᠭᠲᠡᠢ᠃ | | |