ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠰᠢᠨᠡᠳᠭᠡᠨ ᠵᠠᠰᠠᠬᠤ ᠲᠥᠷᠥᠯ ᠵᠦᠢᠯ ᠤᠨ ᠲᠤᠤᠷ ᠬᠤᠭᠤᠯᠠᠶ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠵᠠᠮ ᠪᠢᠲᠡᠭᠦᠮᠵᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/14
ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠡ᠄    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ︽ᠤᠷᠠᠳ ᠤᠨ ᠳᠤᠮᠳᠠᠳᠤ ᠬᠤᠰᠢᠭᠤᠨ ᠤ ᠬᠠᠯᠢᠭᠤᠳᠤ ᠪᠠᠯᠭᠠᠰᠤᠨ ᠤ 2023 ᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠶᠡᠷᠦᠩᠭᠡᠶᠢᠯᠡᠨ ᠥᠭᠡᠷᠡᠴᠢᠯᠡᠨ ᠵᠠᠰᠠᠬᠤ ᠲᠦᠷᠦᠯ ᠵᠦᠢᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭᠰᠢᠲᠠᠶ᠂ ᠠᠮᠤᠷ ᠲᠦᠪᠰᠢᠨ᠂ ᠪᠣᠯᠪᠠᠰᠤᠨ ᠢᠶᠠᠷ ᠪᠠᠷᠢᠯᠭ᠎ᠠ ᠶᠢᠨ ᠠᠵᠢᠯ  ᠢᠶᠠᠨ ᠡᠬᠢᠯᠡᠬᠦᠯᠬᠦ ᠶᠢ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ ᠪᠢᠲᠡᠭᠦᠮᠵᠢᠯᠡᠬᠦ ᠬᠡᠯᠪᠡᠷᠢ ᠪᠠᠷ ᠶᠠᠪᠤᠭᠳᠠᠭᠤᠯᠬᠤ ᠪᠠᠷ ᠪᠠᠶᠢᠨ᠎ᠠ᠃ ᠪᠢᠳᠡᠭᠦᠮᠵᠢᠯᠡᠬᠦ ᠵᠠᠮ ᠤᠨ ᠬᠡᠰᠡᠭ ᠨᠢ᠄    1᠂ ᠬᠠᠳᠠᠢ ᠵᠠᠮ ︵ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠦᠨ᠎ᠡ — ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠬᠤᠶᠢᠨ᠎ᠠ︶ ᠬᠦᠷᠲᠡᠯ᠎ᠡ᠂ ᠪᠢᠲᠡᠭᠦᠮᠵᠢᠯᠡᠬᠦ ᠴᠠᠭ ᠬᠤᠭᠤᠴᠠᠭ᠎ᠠ ᠨᠢ 2024 ᠣᠨ ᠤ 8 ᠰᠠᠷ᠎ᠠ ᠶᠢᠨ 14 ᠤ ᠡᠳᠦᠷ ᠠᠴᠠ 2024 ᠣᠨ ᠤ 8 ᠰᠠᠷ᠎ᠠ ᠶᠢᠨ 22 ᠤᠨ ᠡᠳᠦᠷ ᠪᠣᠯᠳᠠᠯ᠎ᠠ︔    2᠂ ᠪᠠᠶᠠᠨ ᠵᠡᠭᠡᠯᠢ ︵ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠪᠴᠢᠶᠠᠨ ᠤ ᠭᠤᠳᠤᠮᠵᠢ — ᠭᠤᠸᠠᠩ ᠶᠤᠸᠠᠨ ᠬᠤᠷᠢᠶᠠᠯᠠᠯ ᠤᠨ ᠪᠠᠷᠠᠭᠤᠨ ᠭᠤᠳᠤᠮᠵᠢ︶ ᠶᠢᠨ ᠬᠤᠶᠢᠲᠦ ᠲᠠᠯ᠎ᠠ ᠳᠠᠬᠢ ᠲᠡᠷᠭᠡᠨ ᠵᠠᠮ ᠢ ᠪᠢᠲᠡᠭᠦᠮᠵᠢᠯᠡᠨ᠎ᠡ᠂ ᠪᠢᠲᠡᠭᠦᠮᠵᠢᠯᠡᠬᠦ ᠴᠠᠭ ᠬᠤᠭᠤᠴᠠᠭ᠎ᠠ ᠨᠢ 2024 ᠣᠨ ᠤ 8 ᠰᠠᠷ᠎ᠠ ᠶᠢᠨ 15 ᠤ ᠡᠳᠦᠷ ᠠᠴᠠ 2024 ᠣᠨ ᠤ 8 ᠰᠠᠷ᠎ᠠ ᠶᠢᠨ 30 ᠤ ᠡᠳᠦᠷ ᠪᠣᠯᠲᠠᠯ᠎ᠠ᠃    ᠥᠷᠭᠡᠨ ᠤᠯᠠᠨ ᠬᠤᠳᠠ ᠶᠢᠨ ᠠᠷᠠᠳ ᠤᠨ ᠶᠠᠪᠤᠵᠤ ᠰᠠᠭᠤᠬᠤ ᠵᠠᠮ ᠱᠤᠭᠤᠮ ᠢᠶᠠᠨ ᠵᠣᠬᠢᠰᠲᠠᠢ ᠰᠣᠩᠭᠤᠵᠤ᠂ ᠪᠠᠷᠢᠯᠭ᠎ᠠ ᠶᠢᠨ ᠠᠵᠢᠯ ᠠᠴᠠ ᠠᠯᠢ ᠴᠢᠳᠠᠬᠤ ᠪᠠᠷ ᠵᠠᠶᠢᠯᠠᠰᠬᠢᠬᠦ ᠶᠢᠨ ᠬᠠᠮᠲᠤ ᠣᠶᠢᠯᠠᠭᠠᠨ ᠳᠡᠮᠵᠢᠬᠦ ᠶᠢ ᠬᠦᠰᠡᠵᠦ ᠪᠠᠶᠢᠨ᠎ᠠ᠃ ᠵᠠᠮ ᠱᠤᠭᠤᠮ ᠢ ᠵᠠᠰᠠᠵᠤ ᠰᠢᠨᠡᠳᠭᠡᠬᠦ ᠠᠴᠠ ᠪᠣᠯᠵᠤ ᠲᠠᠨ ᠳᠤ ᠳᠥᠭᠦᠮ ᠦᠭᠡᠢ ᠪᠣᠯᠤᠭᠰᠠᠨ ᠳᠤ ᠠᠭᠤᠴᠢᠯᠠᠭᠠᠷᠠᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                     ᠤᠷᠠᠳ ᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠣᠪᠴᠢᠶ᠎ᠠ                                                         2024 ᠣᠨ ᠤ 8 ᠰᠠᠷ᠎ᠠ ᠶᠢᠨ 13 ᠤ ᠡᠳᠦᠷ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ