| ᠠᠯᠠᠱᠠ ᠵᠡᠭᠦᠨ ᠬᠤᠰᠢᠭᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠰᠠᠶᠢᠲᠤᠷ ᠬᠢᠬᠦ ᠶᠢᠨ ᠲᠥᠯᠥᠭᠡ᠂ ︽ᠬᠠᠭᠤᠴᠢᠨ | ᠬᠡᠪ ᠢᠶᠠᠨ ᠪᠠᠲᠤᠯᠠᠬᠤ︾ ᠶᠢ ᠪᠠᠷᠢᠮᠲᠠᠯᠠᠨ᠂ ᠲᠡᠤᠬᠡ ᠶᠢᠨ ᠴᠢᠨᠠᠷ᠂ ᠭᠤᠸ᠎ᠠ ᠰᠠᠶᠢᠬᠠᠨ ᠤ ᠰᠢᠨᠵᠢ ᠶᠢ ᠬᠠᠳᠠᠭᠠᠯᠠᠵᠤ᠂ ᠴᠣᠭᠲᠤᠬᠦ᠋ᠷᠢᠶᠠ ᠰᠤᠮᠤ ᠶᠢᠨ ᠥᠪᠡᠷᠲᠡᠭᠡᠨ | ᠵᠠᠰᠠᠬᠤ ᠣᠷᠣᠨ ᠤ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ — ᠰᠤᠶᠤᠯ ᠢ ᠭᠡᠶᠢᠭᠦᠯᠦᠭᠴᠢ ᠰᠦᠮ᠎ᠡ ᠵᠢᠴᠢ ᠡᠷᠬᠢᠨ | ᠲᠣᠭᠤᠷᠢᠨ ᠤ ᠠᠷᠠᠳ ᠤᠨ ᠡᠷᠲᠡᠨ ᠤ ᠣᠷᠣᠨ ᠰᠠᠭᠤᠴᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠰᠡᠯᠪᠢᠨ ᠵᠠᠰᠠᠬᠤ | ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠠᠵᠢᠯᠲᠠᠳ ᠶᠠᠭ ᠬᠡᠷᠡᠮ ᠤᠨ ᠨᠢᠭᠤᠷ᠂ ᠭᠠᠵᠠᠷ ᠤᠨ ᠭᠠᠳᠠᠷᠭᠤ ᠶᠢᠨ ᠴᠢᠮᠡᠭᠯᠡᠯ ᠵᠡᠷᠭᠡ ᠶᠢ ᠨᠠᠷᠢᠨ ᠬᠢᠨᠠᠮᠠᠭᠠᠢ ᠵᠠᠰᠠᠵᠤ᠂ | ᠤᠤᠯ ᠤᠨ ᠳᠦᠷᠰᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ ᠰᠡᠷᠭᠦᠭᠡᠬᠦ ᠶᠢ ᠪᠠᠲᠤᠯᠠᠵᠤ ᠪᠠᠶᠢᠯ᠎ᠠ᠃ | ᠥᠪᠥᠷ ᠮᠣᠩᠭᠤᠯ ᠤᠨ ᠸᠠᠩ ᠤᠨ ᠣᠷᠳᠤᠨ ᠡᠷᠲᠡᠨ ᠤ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠦᠢ ᠴᠢᠩ ᠬᠠᠢ᠄ ︽ | ᠰᠤᠶᠤᠯ ᠢ ᠭᠡᠶᠢᠭᠦᠯᠦᠭᠴᠢ ᠰᠦᠮ᠎ᠡ ᠶᠢᠨ ᠠᠷᠠᠳ ᠤᠨ ᠡᠷᠲᠡᠨ ᠤ ᠣᠷᠣᠨ ᠰᠠᠭᠤᠴᠠ ᠶᠢ ᠨᠡᠶᠢᠲᠡ 15 ᠢᠵᠢ ᠰᠡᠯᠪᠢᠨ ᠵᠠᠰᠠᠵᠤ᠂ ᠭᠤᠣᠯ ᠪᠠᠷᠢᠯᠭ᠎ᠠ ᠶᠢ ᠡᠨᠡ ᠵᠢᠯ ᠤᠨ | 11 ᠰᠠᠷ᠎ᠠ ᠶᠢᠨ 15 ᠤ ᠡᠳᠦᠷ ᠳᠠᠭᠤᠰᠬᠠᠬᠤ ᠪᠠᠷ ᠲᠦᠰᠦᠪᠯᠡᠵᠦ ᠪᠠᠶᠢᠨ᠎ᠠ︾ ᠭᠡᠪᠡ᠃ | ᠣᠶᠢᠯᠠᠭᠠᠭᠰᠠᠨ ᠢᠶᠠᠷ᠂ ᠰᠤᠶᠤᠯ ᠢ ᠭᠡᠶᠢᠭᠦᠯᠦᠭᠴᠢ ᠰᠦᠮ᠎ᠡ ᠪᠣᠯ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶᠠ ᠰᠤᠮᠤᠨ ᠳᠤ ᠪᠠᠶᠢᠷᠢᠯᠠᠵᠤ᠂ ᠴᠢᠩ | ᠤᠯᠤᠰ ᠤᠨ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵ᠨᠡᠶᠢᠲᠡ ᠶᠢᠨ ᠣᠨ ᠲᠣᠭᠠᠯᠠᠯ ᠤᠨ 1734 ᠣᠨ︶ ᠠᠴᠠ ᠲᠡᠭᠷᠢ ᠲᠡᠳᠬᠦᠭᠴᠢ ᠶᠢᠨ ᠠᠷᠪᠠᠨ | ᠭᠤᠷᠪᠠᠳᠤᠭᠠᠷ ᠣᠨ ︵ᠨᠡᠶᠢᠲᠡ ᠶᠢᠨ ᠣᠨ ᠲᠣᠭᠠᠯᠠᠯ ᠤᠨ 1748 ᠣᠨ︶ ᠳᠤ ᠪᠠᠶᠢᠭᠤᠯᠤᠭᠳᠠᠵᠤ᠂ 2006 ᠣᠨ ᠤ 9 ᠰᠠᠷ᠎ᠠ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ | ᠰᠣᠩᠭᠤᠭᠳᠠᠵᠠᠢ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠪᠠᠷᠢᠯᠭ᠎ᠠ ᠨᠢ ᠡᠪᠳᠡᠭᠳᠡᠭᠰᠡᠨ ᠪᠠᠶᠢᠳᠠᠯ ᠣᠷᠤᠰᠢᠵᠤ᠂ ᠬᠡᠷᠡᠮ ᠨᠢ ᠠᠩ ᠵᠠᠪᠰᠠᠷ ᠭᠠᠷᠴᠤ | ᠪᠣᠷᠣᠭᠠᠨ ᠭᠤᠭᠤᠵᠢᠬᠤ ᠦᠵᠡᠭᠳᠡᠯ ᠭᠠᠷᠴᠤ᠂ ᠰᠡᠯᠪᠢᠨ ᠵᠠᠰᠠᠬᠤ ᠴᠢᠬᠤᠯᠠ ᠲᠠᠢ ᠪᠣᠯᠪᠠ᠃ | | | ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠠᠵᠢᠯᠲᠠᠨ ᠬᠠ᠊ · ᠰᠠᠨᠠᠭ᠎ᠠ᠄ ︽ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠨᠢ ᠭᠤᠣᠯᠳᠠᠭᠤ ᠠᠮᠤᠷ ᠲᠦᠪᠰᠢᠨ ᠤ ᠳᠠᠯᠳᠠ ᠠᠶᠤᠯ ᠢ ᠪᠠᠶᠢᠴᠠᠭᠠᠨ ᠰᠡᠷᠭᠡᠶᠢᠯᠡᠵᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠣᠳᠠᠰ ᠤᠨ ᠤᠭ ᠴᠣᠭᠴᠠ ᠪᠠᠨ ᠬᠠᠮᠠᠭᠠᠯᠠᠬᠤ ᠶᠢᠨ ᠬᠠᠮᠲᠤ ᠲᠡᠦᠬᠡ ᠠᠴᠠ ᠤᠯᠠᠮᠵᠢᠯᠠᠵᠤ ᠢᠷᠡᠭᠰᠡᠨ ᠦᠨᠡᠨ ᠪᠣᠳᠠᠲᠠᠢ ᠰᠤᠶᠤᠯ ᠢᠶᠠᠨ | ᠬᠠᠳᠠᠭᠠᠯᠠᠨ᠎ᠠ︾ ᠭᠡᠪᠡ᠃ | | | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠡᠯ᠎ᠡ ᠲᠡᠦᠬᠡ ᠶᠢᠨ ᠳᠤᠷᠠᠰᠬᠠᠯᠲᠤ | ᠵᠦᠢᠯᠡᠰ ᠤᠨ ᠣᠳᠤᠬᠢ ᠣᠷᠤᠰᠢᠵᠤ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠮᠬᠢᠯᠡᠨ ᠲᠢᠭᠯᠡᠵᠦ᠂ ᠢᠳᠡᠪᠬᠢᠲᠡᠢ ᠪᠠᠷ ᠳᠡᠭᠡᠳᠦ ᠱᠠᠲᠤᠨ ᠤ ᠲᠤᠰᠬᠠᠢ ᠪᠡᠯᠡ | ᠮᠥᠩᠭᠦ ᠶᠢ ᠭᠤᠶᠤᠴᠢᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠪᠠ ᠰᠡᠯᠪᠢᠨ ᠵᠠᠰᠠᠬᠤ ᠳᠤ | ᠬᠡᠷᠡᠭᠯᠡᠵᠦ᠂ ᠥᠨᠳᠥᠷ ᠪᠠᠷᠢᠮᠵᠢᠶ᠎ᠠ᠂ ᠴᠢᠨᠠᠷᠯᠢᠭ ᠴᠢᠨᠰᠠᠭ᠎ᠠ ᠲᠠᠢ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠠᠬᠢᠭᠤᠯᠵᠤ᠂ ᠤᠯᠠᠮᠵᠢᠯᠠᠯᠲᠤ ᠰᠢᠯᠢᠳᠡᠭ | ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠦᠭᠵᠢᠬᠦ ᠳᠤ ᠠᠬᠢᠭᠤᠯᠬᠤ ᠦᠢᠯᠡᠳᠦᠯ ᠦᠵᠡᠭᠦᠯᠪᠡ᠃ |