ᠣᠶᠢᠷ᠎ᠠ ᠳᠤ᠂ ᠬᠤᠪᠢᠰᠬᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠪᠠᠷ ᠭᠤᠤᠯ ᠰᠡᠳᠦᠪ ᠪᠣᠯᠭᠠᠭᠰᠠᠨ ︽ᠭᠤᠷᠯᠤᠰ ᠤᠨ ᠮᠣᠩᠭᠤᠯ ᠮᠣᠷᠢᠲᠤ ᠴᠡᠷᠢᠭ ᠤᠨ | ᠬᠤᠷᠢᠶ᠎ᠠ︾ ᠬᠡᠬᠦ ᠵᠠᠭᠤᠨ ᠮᠧᠲᠷ ᠤᠨ ᠡᠪᠭᠡᠮᠡᠯ ᠵᠢᠷᠤᠭ ᠢ ᠲᠥᠩᠯᠢᠶᠥᠥ ᠬᠤᠲᠠ ᠳᠤ ᠳᠡᠯᠭᠡᠨ ᠦᠵᠡᠭᠦᠯᠦᠭᠰᠡᠨ ᠪᠠᠶᠢᠨ᠎ᠠ᠃ | ︽ᠭᠤᠷᠯᠤᠰ ᠤᠨ ᠮᠣᠩᠭᠤᠯ ᠮᠣᠷᠢᠲᠤ ᠴᠡᠷᠢᠭ ᠤᠨ ᠬᠤᠷᠢᠶ᠎ᠠ︾ ᠭᠡᠬᠦ ᠡᠪᠭᠡᠮᠡᠯ ᠵᠢᠷᠤᠭ ᠢ ᠬᠢᠷᠢᠨ ᠮᠣᠵᠢ ᠶᠢᠨ ᠰᠦᠩ ᠶᠤᠸᠠᠨ ᠬᠤᠲᠠ ᠶᠢᠨ ᠡᠮᠦᠨ᠎ᠡ ᠭᠤᠷᠯᠤᠰ | ᠰᠢᠶᠠᠨ ᠤ ᠣᠷᠠᠨ ᠵᠢᠷᠣᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠯᠢ ᠵᠠᠨ ᠺᠦᠢ ᠣᠷᠠᠯᠠᠨ ᠪᠦᠲᠦᠭᠡᠵᠦ᠂ ᠨᠡᠶᠢᠲᠡ 21 ᠡᠪᠬᠡᠮᠡᠯ ᠢᠶᠠᠷ ᠪᠦᠷᠢᠯᠳᠣᠵᠦ᠂ ᠪᠦᠬᠦ | ᠣᠷᠲᠤ ᠨᠢ 120 ᠮᠧᠲᠷ ᠪᠠᠶᠢᠵᠤ᠂ ᠡᠮᠦᠨ᠎ᠡ ᠭᠤᠷᠯᠣᠰ ᠤᠨ ᠮᠣᠩᠭᠤᠯ ᠮᠣᠷᠢᠲᠤ ᠴᠡᠷᠢᠭ ᠤᠨ ᠬᠤᠷᠢᠶ᠎ᠠ ᠪᠠᠶᠢᠭᠤᠯᠤᠭᠳᠠᠭᠰᠠᠨ᠂ ᠭᠤᠷᠪᠠᠨᠲᠠ ᠵᠢᠶᠠᠩᠨᠠᠨ ᠣᠷᠤᠨ ᠳᠤ | ᠮᠣᠷᠳᠠᠭᠰᠠᠨ᠂ ᠳᠦᠷᠪᠠᠨᠲᠡ ᠯᠢᠨ ᠵᠢᠶᠠᠩ ᠢ ᠬᠠᠮᠠᠭᠠᠯᠠᠭᠰᠠᠨ᠂ ᠪᠡᠭᠡᠵᠢᠩ ᠳᠤ ᠬᠦᠷᠴᠦ ᠰᠢᠯᠭᠠᠯᠲᠠ ᠶᠢ ᠬᠦᠯᠢᠶᠡᠭᠰᠡᠨ ᠵᠡᠷᠭᠡ ᠬᠡᠰᠡᠭ ᠪᠦᠯᠦᠭ ᠢᠶᠠᠷ ᠳᠡᠯᠭᠡᠨ | ᠦᠵᠡᠭᠦᠯᠵᠦ᠂ ᠭᠤᠷᠯᠣᠰ ᠤᠨ ᠮᠣᠷᠢᠲᠤ ᠴᠡᠷᠢᠭ ᠤᠨ ᠪᠠᠭᠠᠲᠤᠷᠯᠢᠭ ᠲᠡᠥᠭᠡ ᠶᠢ ᠠᠮᠢᠳᠣᠯᠢᠭ ᠢᠶᠠᠷ ᠢᠯᠡᠷᠡᠭᠦᠯᠦᠭᠰᠡᠨ ᠪᠠᠶᠢᠨ᠎ᠠ᠃ | | | ᠲᠥᠩᠯᠢᠶᠥᠥ ᠠᠵᠢᠯ ᠮᠡᠷᠭᠡᠵᠢᠯ ᠤᠨ ᠳᠡᠭᠡᠳᠤ ᠰᠣᠷᠭᠠᠭᠤᠯᠢ ᠶᠢᠨ ᠰᠣᠷᠤᠭᠴᠢ ᠯᠢ ᠵᠢᠶᠧ ᠳᠡᠯᠭᠡᠨ ᠦᠵᠡᠭᠦᠯᠭᠡ ᠶᠢ ᠰᠣᠨᠢᠷᠬᠠᠭᠠᠳ ︽ᠵᠢᠷᠤᠭ ᠢ ᠦᠵᠡᠭᠡᠳ | ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠵᠡᠭᠦᠨ ᠬᠤᠶᠢᠲᠤ ᠣᠷᠤᠨ ᠢ ᠴᠢᠯᠦᠭᠡᠯᠡᠬᠦ ᠳᠤ ᠠᠮᠢ ᠨᠠᠰᠤ ᠪᠠᠨ ᠦᠷᠡᠭᠳᠡᠭᠦᠯᠦᠭᠰᠡᠨ ᠦᠢᠯᠡ ᠶᠠᠪᠤᠳᠠᠯ ᠢ ᠣᠶᠢᠯᠠᠭᠠᠵᠠᠢ᠃ | ᠮᠠᠨ ᠤ ᠵᠠᠯᠠᠭᠤ ᠨᠢᠭᠡ ᠦᠶ᠎ᠡ ᠶᠢᠨ ᠰᠣᠷᠤᠭᠴᠢᠳ ᠤᠨ ᠰᠢᠨ᠎ᠡ ᠴᠠᠭ ᠦᠶ᠎ᠡ ᠳᠤ ᠰᠢᠨ᠎ᠡ ᠭᠠᠪᠢᠶ᠎ᠠ ᠪᠠᠶᠢᠭᠤᠯᠬᠤ ᠵᠣᠷᠢᠭ ᠢ ᠡᠷᠴᠢᠯᠡᠭᠰᠡᠨ ᠪᠠᠶᠢᠨ᠎ᠠ︾ ᠭᠡᠵᠦ ᠰᠡᠳᠬᠢᠯ | ᠲᠣᠭᠲᠣᠯᠤᠨ ᠶᠠᠷᠢᠵᠤ ᠪᠠᠶᠢᠯ᠎ᠠ᠃ | ︽ᠭᠤᠷᠯᠤᠰ ᠤᠨ ᠮᠣᠩᠭᠤᠯ ᠮᠣᠷᠢᠲᠤ ᠴᠡᠷᠢᠭ ᠤᠨ ᠬᠤᠷᠢᠶ᠎ᠠ︾ ᠭᠡᠬᠦ ᠵᠠᠭᠤᠨ ᠮᠧᠲᠷ ᠤᠨ ᠡᠪᠭᠡᠮᠡᠯ ᠵᠢᠷᠤᠭ ᠢ ᠣᠷᠠᠯᠠᠨ ᠪᠦᠲᠦᠭᠡᠭᠴᠢ ᠯᠢ ᠵᠠᠨ ᠺᠦᠢ ᠠᠴᠠ᠂ | ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠤᠶᠢᠴᠢ ᠦᠶ᠎ᠡ ᠶᠢᠨ ᠢᠶᠠᠨ ᠵᠣᠯ ᠵᠢᠷᠭᠠᠯᠲᠣ ᠠᠮᠢᠳᠤᠷᠠᠯ ᠤᠨ ᠲᠦᠯᠦᠭᠡ ᠰᠢᠨᠲᠠᠷᠠᠰᠢ ᠦᠭᠡᠢ ᠲᠡᠮᠡᠴᠡᠭᠰᠡᠨ ᠵᠣᠷᠢᠭ | ᠰᠠᠨᠠᠭ᠎ᠠ ᠶᠢ ᠪᠢᠳᠡ ᠡᠭᠦᠷᠢᠳᠡ ᠣᠯᠠᠮᠵᠢᠯᠠᠨ ᠵᠠᠯᠭᠠᠮᠵᠢᠯᠠᠵᠣ ᠰᠣᠷᠲᠠᠯᠴᠢᠯᠠᠨ ᠤᠬᠠᠭᠤᠯᠬᠤ ᠡᠭᠦᠷᠭᠡ ᠲᠠᠢ ᠭᠡᠵᠦ ᠲᠠᠨᠢᠯᠴᠠᠭᠤᠯᠪᠠ᠃ | ᠡᠨᠡᠬᠦ ᠡᠪᠬᠡᠮᠡᠯ ᠵᠢᠷᠤᠭ ᠨᠢ ︽ᠣᠮᠠᠷᠠᠲᠤ ᠬᠢᠯᠢ ᠶᠢᠨ ᠰᠣᠶᠤᠯ︾ ᠤᠨ ᠷᠢᠳᠢ ᠰᠢᠳᠢ ᠶᠢ ᠭᠠᠶᠢᠬᠠᠭᠤᠯᠤᠨ᠂ ᠦᠷᠭᠡᠨ ᠣᠯᠠᠨ ᠨᠠᠮ ᠤᠨ ᠬᠡᠰᠢᠭᠦᠨ ᠺᠠᠳ᠋ᠷ ᠣᠯᠠᠨ | ᠲᠦᠮᠡᠨ ᠤ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠣᠯᠠᠮ ᠨᠢᠭᠡ ᠠᠯᠬᠤᠮ ᠴᠢᠩᠭᠠᠳᠬᠠᠨ᠂ ᠣᠭ ᠰᠠᠨᠠᠭ᠎ᠠ ᠪᠠᠨ ᠦᠯᠦ ᠮᠠᠷᠲᠠᠵᠤ᠂ ᠬᠤᠪᠢᠰᠬᠠᠯ ᠤᠨ ᠵᠣᠷᠢᠭ | ᠰᠠᠨᠠᠭ᠎ᠠ ᠶᠢ ᠣᠯᠠᠮᠵᠢᠯᠠᠬᠤ ᠡᠷᠴᠢ ᠵᠣᠷᠢᠭ ᠢ ᠨᠢ ᠬᠦᠪᠴᠢᠯᠡᠭᠰᠡᠨ ᠪᠠᠶᠢᠨ᠎ᠠ᠃ | ᠲᠥᠩᠯᠢᠶᠥᠥ ᠬᠤᠲᠠ ᠶᠢᠨ ᠨᠠᠮ ᠤᠨ ᠬᠤᠷᠢᠶ᠎ᠠ ᠶᠢᠨ ᠣᠬᠠᠭᠤᠯᠬᠤ ᠬᠡᠯᠲᠡᠰ ᠤᠨ ᠳᠡᠳ᠋ ᠳᠠᠷᠤᠭ᠎ᠠ ᠰᠢᠨ ᠰᠢᠨ ᠠᠴᠠ᠂ ᠳᠣᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠤᠭᠴᠠ ᠶᠢᠨ ᠣᠬᠠᠮᠰᠠᠷ ᠢ ᠪᠠᠲᠤ ᠴᠤᠭᠴᠠᠯᠠᠬᠤ ᠡᠨᠡᠬᠦ ᠭᠤᠤᠯ ᠱᠣᠭᠤᠮ ᠢ ᠪᠠᠲᠤ ᠡᠵᠡᠮᠳᠡᠵᠦ᠂ ᠬᠤᠪᠢᠰᠬᠠᠯ ᠤᠨ ᠰᠣᠶᠤᠯ ᠢ ᠣᠯᠠᠮᠵᠢᠯᠠᠨ ᠪᠠᠳᠠᠷᠠᠭᠤᠯᠵᠤ᠂ | ᠳᠡᠯᠭᠡᠨ ᠦᠵᠡᠭᠦᠯᠭᠡ ᠪᠠᠷ ᠳᠠᠮᠵᠢᠨ ᠬᠤᠪᠢᠰᠬᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠬᠠᠮᠲᠤᠷᠠᠯ ᠬᠦᠴᠦᠨ ᠢ ᠣᠯᠠᠮ ᠨᠢᠭᠡ ᠠᠯᠬᠤᠮ ᠨᠢᠭᠲᠠᠷᠠᠭᠤᠯᠤᠭᠰᠠᠨ | ᠪᠠᠶᠢᠨ᠎ᠠ ᠭᠡᠵᠦ ᠶᠠᠷᠢᠪᠠ᠃ | ᠲᠥᠩᠯᠢᠶᠥᠥ ᠬᠤᠲᠠ ᠶᠢᠨ ᠬᠠᠮ ᠵᠠᠭᠤᠴᠢᠯᠠᠭᠤᠷ ᠤᠨ ᠲᠦᠪ ᠭᠤᠸᠠᠩ ᠷᠧᠨ | |