ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ | ᠦᠷ᠎ᠡ ᠪᠦᠲᠦᠮᠵᠢ ᠣᠯᠵᠤ᠂ 53% ᠶᠢᠨ ᠵᠠᠰᠠᠵᠤ ᠪᠣᠯᠬᠤᠶᠢᠴᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠪᠠ᠃ ᠮᠠᠨ ᠤ ᠤᠯᠤᠰ ᠤᠨ ᠴᠦᠯᠯᠡᠷᠭᠡᠭᠵᠢᠭᠰᠡᠨ | ᠭᠠᠵᠠᠷ ᠰᠢᠷᠣᠢ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠢᠨ ︽ᠬᠤᠣᠰ ᠪᠠᠭᠤᠷᠠᠯᠲᠠ︾ ᠶᠢ ᠳᠠᠭᠠᠯᠳᠤᠨ᠂ ᠴᠥᠭᠡᠨ ᠪᠤᠰᠤ ᠭᠠᠵᠠᠷ ᠣᠷᠣᠨ ᠳᠤ ︽ | ᠡᠯᠡᠰᠦ ᠤᠷᠤᠭᠰᠢᠯᠠᠵᠤ ᠬᠥᠮᠥᠨ ᠤᠬᠤᠷᠢᠬᠤ︾ ᠪᠠᠶᠢᠳᠠᠯ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ︽ᠡᠯᠡᠰᠦᠨ ᠠᠴᠠ ᠠᠯᠲᠠ ᠰᠢᠷᠭᠠᠭᠠᠬᠤ︾ ᠨᠢ ᠡᠯᠡᠰᠦ | ᠵᠠᠰᠠᠭᠴᠢᠳ ᠤᠨ ᠰᠢᠨ᠎ᠡ ᠦᠢᠯᠡᠳᠦᠯᠭᠡ ᠪᠣᠯᠵᠠᠢ᠃ ᠠᠯᠢ ᠤᠯᠠᠨ ᠵᠠᠰᠠᠭᠳᠠᠭᠰᠠᠨ ᠡᠯᠡᠰᠦᠷᠬᠡᠭ ᠭᠠᠵᠠᠷ ᠨᠢ ᠶᠠᠭ ᠠᠵᠤ ᠦᠢᠯᠡᠰ ᠲᠥᠪᠯᠡᠷᠡᠭᠰᠡᠨ ︽ᠡᠷᠳᠡᠨᠢᠰ ᠤᠨ ᠰᠠᠩ | ︾ ᠪᠣᠯᠵᠤ ᠪᠠᠶᠢᠨ᠎ᠠ᠃ | ︽ᠡᠯᠡᠰᠦᠨ ᠤ ᠬᠤᠣᠷ ᠬᠥᠨᠥᠭᠡᠯ︾ ᠢ ︽ᠡᠯᠡᠰᠦᠨ ᠤ ᠪᠠᠶᠠᠰᠤᠯ︾ ᠪᠣᠯᠭᠠᠪᠠ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠥᠩ ᠸᠧᠢ ᠬᠤᠲᠠ ᠶᠢᠨ ᠱᠠ ᠫᠥᠸᠧ ᠲᠧᠦ ᠦᠵᠡᠮᠵᠢ ᠶᠢᠨ ᠣᠷᠣᠨ ᠨᠢ | ᠳᠤᠮᠳᠠᠳᠤ ᠤᠯᠤᠰ ᠤᠨ ᠳᠥᠷᠪᠡᠨ ᠶᠡᠭᠡ ᠡᠯᠡᠰᠦᠨ ᠤ ᠨᠢᠭᠡ ᠪᠤᠯᠬᠤ - ᠲᠡᠭᠷᠢ ᠡᠯᠡᠰᠦᠨ ᠤ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ ᠪᠤᠢ᠃ ᠬᠠᠭᠠᠰ ᠢᠯᠡᠭᠦᠦ | ᠵᠠᠭᠤᠨ ᠤ ᠲᠤᠷᠰᠢ᠂ ᠦᠶ᠎ᠡ ᠦᠶ᠎ᠡ ᠶᠢᠨ ᠡᠯᠡᠰᠦ ᠵᠠᠰᠠᠭᠴᠢᠳ ᠠᠳᠡ ᠡᠯᠡᠰᠦ ᠶᠢ ᠲᠣᠭᠲᠠᠪᠤᠷᠢᠵᠢᠭᠤᠯᠤᠨ ᠨᠣᠭᠤᠭᠠᠷᠠᠭᠤᠯᠵᠤ᠂ ᠨᠡᠶᠢᠲᠡ 150 ᠲᠦᠮᠡᠨ ᠮᠦ | ᠡᠯᠡᠰᠦ ᠶᠢ ᠵᠠᠰᠠᠪᠠ᠃ | ᠰᠢᠷ᠎ᠠ ᠡᠯᠡᠰᠦ ᠰᠦᠷᠳᠡᠭᠦᠯᠦᠯ ᠪᠤᠯᠬᠤ ᠪᠠᠨ ᠪᠣᠯᠢᠵᠤ᠂ ︽ᠡᠯᠡᠰᠦ ᠬᠡᠷᠡᠭᠯᠡᠬᠦ︾ ᠬᠠᠶᠢᠨ ᠰᠦᠪᠡᠭᠴᠢᠯᠡᠯᠲᠡ ᠨᠢ ᠡᠨᠡ ᠬᠦ ᠡᠯᠡᠰᠦᠨ ᠴᠥᠯ ᠤᠨ ᠵᠢᠵᠢᠭ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠠᠵᠢᠮ ᠢᠶᠠᠷ ᠪᠤᠶ ᠪᠣᠯᠭᠠᠪᠠ᠃ ᠵᠤᠨ ᠤ ᠡᠬᠢ ᠪᠠᠷ᠂ ᠱᠠ ᠫᠥᠸᠧ ᠲᠧᠦ ᠦᠵᠡᠮᠵᠢ ᠶᠢᠨ ᠣᠷᠣᠨ | ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠣᠷᠣᠵᠤ᠂ ᠦᠵᠡᠮᠵᠢ ᠶᠢᠨ ᠣᠷᠣᠨ ᠳᠤ ᠵᠢᠭᠤᠯᠴᠢᠯᠠᠬᠰᠡᠳ ᠰᠦᠯᠵᠢᠯᠳᠦᠨ᠎ᠡ᠃ | ᠬᠤᠯᠠ ᠠᠴᠠ ᠬᠠᠷᠠᠬᠤ ᠳᠤ᠂ ᠬᠡᠭᠡᠷᠡᠯᠡᠭᠴᠢ ᠮᠠᠰᠢᠨ ᠦᠷᠭᠦᠯᠵᠢᠯᠡᠨ ᠳᠣᠯᠭᠢᠶᠠᠯᠠᠨ ᠳᠠᠪᠬᠢᠵᠤ ᠪᠠᠶᠢᠭ᠎ᠠ ᠡᠯᠡᠰᠦᠨ ᠳᠣᠪᠣᠴᠠᠭ ᠤᠨ ᠳᠤᠮᠳᠠᠭᠤᠷ ᠳᠠᠪᠬᠢᠨ ᠪᠠᠭᠤᠬᠤ ᠳᠤ᠂ | ︽ᠡᠯᠡᠰᠦᠨ ᠳᠤ ᠠᠶᠠᠯᠠᠵᠤ ᠨᠠᠭᠠᠳᠬᠤ︾ ᠶᠢᠨ ᠬᠠᠪᠤ ᠴᠡᠩᠭᠡᠯ ᠠᠴᠠ ᠪᠣᠯᠵᠤ ᠬᠥᠮᠥᠰ ᠦᠶ᠎ᠡ ᠦᠶ᠎ᠡ ᠬᠠᠰᠬᠢᠷᠤᠯᠳᠤᠵᠤ ᠪᠠᠶᠢᠯ᠎ᠠ ; ᠵᠢᠭᠤᠯᠴᠢᠯᠠᠬᠰᠡᠳ ᠢ ᠠᠴᠢᠭᠰᠠᠨ | ᠲᠡᠮᠡᠭᠡᠳ ᠮᠤᠷᠤᠯᠵᠠᠨ ᠰᠦᠷᠦᠭᠯᠡᠵᠦ᠂ ᠲᠡᠮᠡᠭᠡᠨ ᠵᠢᠩ ᠤᠨ ᠬᠤᠩᠬᠤᠨ ᠳᠠᠭᠤ ᠶᠢᠨ ᠬᠠᠪᠰᠤᠷᠭᠠᠨ ᠳᠤ ᠡᠯᠡᠰᠦᠨ ᠳᠤ ᠠᠯᠭᠤᠷᠬᠠᠨ ᠤᠷᠤᠬᠰᠢᠯᠠᠨ᠎ᠠ ; ᠡᠯᠡᠰᠦᠨ | ᠭᠤᠯᠭᠤᠯᠲᠠ ᠶᠢᠨ ᠬᠠᠪᠲᠠᠰᠤ ᠶᠢ ᠠᠳᠬᠤᠵᠤ᠂ ᠵᠢᠭᠤᠯᠴᠢᠯᠠᠬᠰᠠᠳ ᠵᠠᠭᠤᠨ ᠮᠧᠲᠷ ᠤᠨ ᠡᠯᠡᠰᠦᠨ ᠬᠥᠲᠥᠯ ᠤᠨ ᠣᠷᠭᠢᠯ ᠠᠴᠠ ᠳᠣᠷᠣᠭᠰᠢ ᠱᠤᠩᠭᠤᠨ ᠪᠠᠭᠤᠨ᠎ᠠ ᠁ | 2007 ᠣᠨ ᠳᠤ᠂ ᠱᠠ ᠫᠥᠸᠧ ᠲᠧᠦ ᠦᠵᠡᠮᠵᠢ ᠶᠢᠨ ᠣᠷᠣᠨ ᠲᠦᠷᠦᠭᠦᠦ ᠪᠦᠯᠦᠭ ᠤᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢᠶᠠᠷ ᠰᠣᠩᠭᠤᠭᠳᠠᠵᠤ᠂ 2015 ᠣᠨ ᠳᠤ ᠦᠵᠡᠮᠵᠢ ᠶᠢᠨ ᠣᠷᠣᠨ ᠤ ᠵᠢᠭᠤᠯᠴᠢᠯᠠᠬᠰᠡᠳ ᠤᠨ ᠲᠤᠭ᠎ᠠ ᠠᠩᠬ᠎ᠠ ᠤᠳᠠᠭ᠎ᠠ 100 ᠲᠦᠮᠡᠨ ᠬᠥᠮᠥᠨ | ᠤᠳᠠᠭ᠎ᠠ ᠶᠢ ᠳᠠᠪᠠᠪᠠ᠃ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠰᠢᠨᠵᠢᠯᠡᠬᠦ ᠤᠬᠠᠭᠠᠨᠴᠢ ᠰᠢᠰᠲ᠋ᠧᠮ ᠪᠠᠶᠢᠭᠤᠯᠤᠭᠳᠠᠬᠤ ᠶᠢ ᠳᠠᠭᠠᠯᠳᠤᠨ᠂ ᠡᠯᠡᠰᠦᠨ ᠤ | ᠵᠢᠭᠤᠯᠴᠢᠯᠠᠯ ᠴᠤ ᠨᠠᠩ ᠢᠲᠡᠭᠡᠯ ᠵᠣᠷᠢᠭ ᠲᠠᠢ ᠪᠠᠷ ᠡᠯᠡᠰᠦᠨ ᠤ ᠭᠦᠪᠡᠭᠡ ᠵᠠᠬ᠎ᠠ ᠶᠢ ᠰᠢᠪᠲᠤᠯᠵᠤ᠂ ᠠᠭᠠᠵᠢᠮ ᠢᠶᠠᠷ ᠡᠯᠡᠰᠦᠨ ᠤ ᠥᠷᠥᠴᠡ ᠭᠠᠵᠠᠷ ᠲᠡᠶᠢᠰᠢ ᠬᠠᠶᠢᠨ | ᠰᠦᠪᠡᠭᠴᠢᠯᠡᠵᠦ᠂ ᠡᠯᠡᠰᠦᠨ ᠤ ᠠᠵᠤ ᠦᠢᠯᠡᠰ ᠢ ᠬᠥᠭᠵᠢᠭᠦᠯᠬᠦ ᠳᠤ ᠨᠡᠮᠡᠯᠲᠡ ᠥᠷᠲᠡᠭ ᠨᠡᠮᠡᠭᠳᠡᠭᠦᠯᠪᠡ᠃ ᠵᠦᠩ ᠸᠧᠢ ᠬᠤᠲᠠ ᠵᠢᠯᠣᠭᠤᠳᠤᠮᠵᠢ ᠶᠢᠨ ᠭᠡᠯᠪᠡᠷᠢ ᠶᠢᠨ | ᠪᠡᠶᠡᠴᠢᠯᠡᠨ ᠣᠶᠢᠯᠠᠭᠠᠬᠤ ᠵᠢᠭᠤᠯᠴᠢᠯᠠᠯ ᠢᠶᠠᠷ ᠣᠨᠴᠠᠯᠢᠭ ᠪᠤᠯᠭᠠᠵᠤ᠂ ᠬᠠᠳᠤᠨ ᠭᠤᠣᠯ ᠤᠨ ᠰᠡᠯᠡᠭᠦᠴᠡᠯ ᠠᠶᠢᠯ᠂ ᠡᠯᠡᠰᠦᠨ ᠤ ᠳᠣᠮᠤᠭ ᠵᠡᠷᠭᠡ ᠨᠢᠭᠡ ᠪᠦᠯᠦᠭ ᠳᠡᠭᠡᠳᠦ | ᠲᠡᠰ ᠤᠨ ᠰᠡᠯᠡᠭᠦᠴᠡᠨ ᠠᠮᠠᠷᠠᠬᠤ ᠦᠢᠯᠡᠳᠬᠦᠨ ᠢ ᠪᠦᠲᠦᠭᠡᠨ ᠪᠠᠶᠢᠭᠤᠯᠵᠠᠢ᠃ | ᠲᠡᠭᠷᠢ ᠡᠯᠡᠰᠦᠨ ᠤ ᠥᠷᠥᠴᠡᠨ ᠳᠤ ᠪᠠᠶᠢᠷᠢᠯᠠᠭ᠎ᠠ ᠱᠠ ᠮᠣᠣ ᠰᠢᠩ ᠰᠢᠩ ᠪᠠᠭᠤᠳᠠᠯ ᠡᠯᠡᠰᠦ ᠪᠣᠯᠣᠨ ᠤᠳᠤᠨ ᠣᠭᠲᠠᠷᠭᠤᠢ ᠶᠢᠨ ᠡᠬᠢ ᠪᠠᠶᠠᠯᠢᠭ ᠢ ᠠᠭᠤᠳᠠᠯᠵᠤ᠂ | ᠵᠢᠭᠤᠯᠴᠢᠯᠠᠬᠰᠠᠳ ᠲᠤ ᠤᠳᠤᠨ ᠮᠡᠴᠢᠳ ᠤᠨ ᠵᠢᠯᠣᠭᠤᠳᠤᠯᠭ᠎ᠠ᠂ ᠡᠯᠡᠰᠦᠨ ᠡᠮᠴᠢᠯᠡᠭᠡ ᠵᠡᠷᠭᠡ ᠪᠡᠶᠡᠴᠢᠯᠡᠨ ᠣᠶᠢᠯᠠᠭᠠᠬᠤ ᠮᠠᠶ᠋ᠢᠭ ᠤᠨ ᠦᠢᠯᠡᠴᠢᠯᠡᠭᠡ ᠬᠠᠩᠭᠠᠵᠤ᠂ | ᠵᠢᠭᠤᠯᠴᠢᠯᠡᠬᠰᠠᠳ ᠲᠤ ᠡᠯᠡᠰᠦᠨ ᠤ ᠪᠠᠶᠠᠷ ᠪᠠᠭ᠋ᠠᠳᠤᠯ ᠢ ᠭᠦᠨᠵᠡᠭᠡᠢ ᠮᠡᠳᠡᠷᠡᠭᠦᠯᠪᠡ᠃ | ︽ᠡᠯᠡᠰᠦ ᠶᠢ ᠵᠠᠰᠠᠭᠰᠠᠨ ᠦᠭᠡᠢ ᠪᠣᠯ ᠱᠠ ᠫᠥᠸᠧ ᠲᠧᠦ ᠦᠵᠡᠮᠵᠢ ᠶᠢᠨ ᠣᠷᠣᠨ ᠪᠠᠶᠢᠵᠤ ᠴᠢᠳᠠᠬᠤ ᠦᠭᠡᠢ︾ ᠬᠡᠮᠡᠨ ᠲᠡᠭᠷᠢ ᠡᠯᠡᠰᠦᠨ ᠳᠤ 30 ᠭᠠᠷᠤᠢ ᠵᠢᠯ | ᠨᠤᠲᠤᠭᠰᠢᠭᠰᠠᠨ ᠡᠯᠡᠰᠦ ᠵᠠᠰᠠᠭᠴᠢ ᠲᠠᠩ ᠰᠢ ᠮᠢᠩ ᠰᠡᠳᠬᠢᠯ ᠤᠨ ᠦᠭᠡ ᠪᠠᠨ ᠬᠡᠯᠡᠨ᠎ᠡ᠃ 2023 ᠣᠨ ᠳᠤ᠂ ᠵᠦᠩ ᠸᠧᠢ ᠬᠤᠲᠠ ᠵᠢᠭᠤᠯᠴᠢᠯᠠᠬᠰᠡᠳ ᠢ | 1500 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 88 ᠳ᠋ᠦᠩᠰᠢᠭᠤᠷ ᠲᠥᠭᠦᠷᠢᠭ ᠢ ᠳᠠᠪᠠᠪᠠ᠃ | ᠡᠯᠡᠰᠦᠨ ᠳᠤ ᠪᠣᠬᠢᠷᠳᠤᠯ ᠦᠭᠡᠢ ︽ᠡᠷᠳᠡᠨᠢᠰ ᠤᠨ ᠰᠠᠩ︾ ᠲᠠᠷᠢᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ | ᠰᠤᠮᠤᠨ ᠤ ᠪᠤᠯᠠᠭᠲᠠᠢ ᠭᠠᠴᠠᠭ᠎ᠠ ᠬᠤᠷᠴᠢᠨ ᠤ ᠡᠯᠡᠰᠦᠷᠬᠡᠭ ᠭᠠᠵᠠᠷ ᠤᠨ ᠵᠠᠬ᠎ᠠ ᠳᠤ ᠪᠠᠶᠢᠷᠢᠯᠠᠵᠤ ᠪᠤᠶ᠃ ︽ᠪᠤᠯᠠᠭ ᠲᠠᠢ ᠭᠠᠵᠠᠷ︾ ᠭᠡᠰᠡᠨ ᠤᠳᠬ᠎ᠠ ᠠᠴᠠ ᠪᠣᠯᠵᠤ | ᠪᠤᠯᠠᠭᠲᠠᠢ ᠭᠡᠬᠦ ᠨᠡᠷ᠎ᠡ ᠲᠠᠢ ᠪᠣᠯᠵᠠᠢ᠂ ᠭᠡᠲᠡᠯ᠎ᠡ ᠠᠷᠪᠠᠨ ᠬᠡᠳᠦᠨ ᠵᠢᠯ ᠤᠨ ᠡᠮᠦᠨ᠎ᠡ᠂ ᠠᠳᠡ ᠡᠯᠡᠰᠦᠨ ᠲᠡᠯᠡᠶ ᠬᠠᠯᠭᠢᠯᠠᠨ᠂ ᠡᠯᠡᠰᠦᠨ ᠰᠢᠭᠤᠷᠭ᠎ᠠ ᠪᠤᠯᠠᠭ ᠤᠨ ᠤᠰᠤ ᠶᠢ | ᠪᠤᠯᠠᠵᠤ᠂ ᠲᠠᠷᠢᠶᠠᠨ ᠭᠠᠵᠠᠷ ᠪᠠ ᠵᠠᠰᠠᠮᠠᠯ ᠵᠠᠮ ᠢ ᠵᠠᠯᠭᠢᠨ ᠣᠷᠣᠭᠤᠯᠵᠤ ᠪᠠᠶᠢᠵᠠᠢ᠃ | ᠰᠠᠯᠬᠢ ᠰᠠᠯᠬᠢᠯᠠᠵᠤ ᠡᠯᠡᠰᠦᠨ ᠰᠢᠭᠤᠷᠭ᠎ᠠ ᠳᠡᠭᠳᠡᠵᠦ ᠲᠡᠭᠷᠢ ᠭᠠᠵᠠᠷ ᠬᠠᠷᠠᠩᠭᠤᠶᠢᠯᠠᠨ᠂ ᠳᠠᠷᠢᠭᠰᠠᠨ ᠵᠤᠯᠵᠠᠭ᠎ᠠ ᠮᠣᠳᠣ ᠭᠦᠷᠲᠡᠯ᠎ᠡ ᠪᠦᠷ ᠦᠯᠢᠶᠡᠭᠳᠡᠨ ᠶᠠᠪᠤᠪᠠ᠃ | ᠤᠳᠠᠭ᠎ᠠ ᠳᠠᠷᠠᠭᠠᠯᠠᠨ ᠮᠣᠳᠣ ᠲᠠᠷᠢᠭᠠᠳ ᠢᠯᠠᠭᠳᠠᠭᠰᠠᠨ ᠤ ᠳᠠᠷᠠᠭ᠎ᠠ᠂ ᠪᠤᠯᠠᠭᠲᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ | ᠵᠥᠪᠯᠡᠯ ᠤᠨ ᠡᠷᠭᠢᠯᠡᠭᠴᠢ ᠴᠧᠨ ᠭᠦᠸᠧ ᠹᠠ ᠠᠭᠯᠠᠭ ᠠᠭᠤᠯᠠ ᠶᠢᠨ ᠭᠦᠢᠯᠡᠰᠦᠨ ᠮᠣᠳᠣ ᠨᠢ ᠤᠳᠠᠭ᠎ᠠ ᠪᠦᠷᠢ ᠶᠢᠨ ᠰᠠᠯᠬᠢ ᠰᠢᠭᠤᠷᠭ᠎ᠠ ᠶᠢ ᠥᠩᠭᠡᠷᠡᠭᠡᠭᠰᠡᠨ ᠢ ᠣᠯᠵᠤ | ᠮᠡᠳᠡᠪᠡ᠃ | ︽ᠬᠡᠭᠡᠷ᠎ᠡ ᠶᠢᠨ ᠭᠦᠶ᠋ᠯᠡᠰᠦ ᠭᠠᠩ ᠢ ᠳᠠᠭᠠᠭᠠᠬᠤ᠂ ᠬᠦᠢᠲᠡᠨ ᠢ ᠡᠰᠡᠷᠭᠦᠴᠡᠬᠦ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠵᠤ᠂ ᠡᠯᠡᠰᠦ ᠶᠢ ᠲᠣᠭᠲᠠᠪᠤᠷᠢᠵᠢᠭᠤᠯᠤᠨ | ᠬᠥᠷᠥᠰᠥ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠰᠢᠯᠢᠳᠡᠭ ᠨᠤᠲᠤᠭ ᠤᠨ ᠮᠣᠳᠣᠨ ᠤ ᠲᠥᠷᠥᠯ ᠪᠣᠯᠣᠨ᠎ᠠ᠂ ᠲᠡᠷᠡ ᠮᠥᠷᠲᠡᠭᠡᠨ ᠬᠠᠪᠤᠷ | ᠴᠡᠴᠡᠭ ᠰᠣᠨᠢᠷᠬᠠᠵᠤ ᠪᠣᠯᠣᠨ᠎ᠠ᠂ ᠵᠣᠨ ᠵᠢᠮᠢᠰ ᠲᠡᠭᠦᠵᠦ ᠪᠣᠯᠣᠨ᠎ᠠ᠂ ᠪᠠᠰᠠ ᠠᠵᠤ ᠠᠬᠤᠢ ᠶᠢᠨ ᠦᠨ᠎ᠡ ᠥᠷᠲᠡᠭ ᠲᠠᠢ︾᠃ 2012 ᠣᠨ ᠳᠤ᠂ ᠴᠧᠨ ᠭᠦᠸᠧ ᠹᠠ | ᠲᠣᠰᠬᠤᠨ ᠤ ᠠᠷᠠᠳ ᠢᠶᠠᠨ ᠳᠠᠭᠠᠭᠤᠯᠤᠨ 1000 ᠭᠠᠷᠤᠢ ᠮᠦ ᠠᠭᠯᠠᠭ ᠠᠭᠤᠯᠠᠨ ᠳᠡᠭᠡᠷ᠎ᠡ 6 ᠲᠦᠮᠡ ᠭᠠᠷᠤᠢ ᠰᠠᠭᠤᠷᠢ ᠭᠦᠢᠯᠡᠰᠦᠨ ᠮᠣᠳᠣ ᠲᠠᠷᠢᠵᠤ᠂ ᠪᠤᠯᠠᠭᠲᠠᠢ | ᠭᠠᠴᠠᠭᠠᠨ ᠤ ᠠᠩᠬᠠᠳᠠᠭᠴᠢ ︽ᠬᠦᠰᠡᠯ ᠤᠨ ᠤᠢ︾ ᠪᠣᠯᠵᠠᠢ᠃ | ᠲᠤᠬᠠᠢ ᠶᠢᠨ ᠭᠠᠵᠠᠷ ᠤᠨ ᠣᠶ ᠰᠢᠭᠤᠢ ᠶᠢᠨ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠪᠤᠯᠠᠭᠲᠠᠢ ᠭᠠᠴᠠᠭᠠᠨ ᠤ ᠬᠢᠨ ᠣᠶ ᠵᠢᠮᠢᠰ ᠤᠨ ᠰᠠᠭᠤᠷᠢᠨ ᠤ | ᠲᠠᠷᠢᠮᠠᠯ ᠤᠨ ᠲᠥᠷᠥᠯ ᠵᠦᠢᠯ ᠢ ᠥᠷᠨᠢᠭᠦᠯᠵᠦ᠂ ᠰᠠᠭᠤᠷᠢᠨ ᠤ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 3500 ᠮᠦ ᠳᠤ ᠬᠦᠷᠴᠦ᠂ ᠯᠤᠤᠲᠤ ᠵᠢᠮᠢᠰ᠂ | ᠬᠠᠶᠢᠲᠠᠩ ᠵᠢᠮᠢᠰ ᠵᠡᠷᠭᠡ 17 ᠡᠭᠦᠯᠳᠡᠷ ᠤᠨ ᠵᠢᠮᠢᠰ ᠤᠨ ᠮᠣᠳᠣ ᠶᠢ ᠳᠠᠷᠢᠪᠠ᠃ 2023 ᠣᠨ ᠳᠤ᠂ ᠪᠤᠯᠠᠭᠲᠠᠢ ᠭᠠᠴᠠᠭ᠎ᠠ ᠪᠠᠰᠠ ᠤᠢ ᠵᠢᠮᠢᠰ ᠤᠨ ᠰᠠᠭᠤᠷᠢᠨ ᠳᠤ | 2000 ᠮᠦ ᠬᠤᠨᠴᠢᠷ ᠪᠠ ᠴᠢᠨ᠋ᠸ᠎ᠠ ᠶᠢᠨ ᠬᠠᠯᠲᠠᠷ ᠲᠠᠷᠢᠵᠤ᠂ ᠤᠢ ᠳᠤ ᠡᠮ ᠲᠠᠩ ᠳᠤ ᠬᠡᠷᠡᠭᠯᠡᠬᠦ ᠤᠷᠭᠤᠮᠠᠯ ᠲᠠᠷᠢᠬᠤ ᠪᠠᠷ ᠳᠠᠮᠵᠢᠨ ᠤᠢ ᠶᠢᠨ ᠬᠤᠷᠮᠣᠢ ᠶᠢᠨ ᠠᠵᠤ | ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠪᠠ᠃ | ︽ᠵᠢᠱᠢᠯᠲᠡ ᠪᠠᠷ ᠡᠨᠡ ᠵᠢᠯ ᠤᠨ ᠵᠢᠮᠢᠰᠯᠡᠬᠦ ᠬᠤᠭᠤᠴᠠᠭᠠᠨ ᠳᠤ᠂ ᠣᠢ ᠰᠢᠭᠤᠢ ᠵᠢᠮᠢᠰ ᠤᠨ ᠰᠠᠭᠤᠷᠢᠨ ᠪᠠᠷᠤᠭ 300 ᠲᠣᠨ ᠵᠢᠮᠢᠰ ᠤᠨ ᠤᠨᠠᠯᠳᠠ ᠲᠠᠢ᠂ | ᠵᠢᠯ ᠤᠨ ᠣᠷᠣᠯᠭ᠎ᠠ 120 ᠲᠦᠮᠡᠨ ᠲᠥᠭᠦᠷᠢᠭ ᠲᠤ ᠬᠦᠷᠬᠦ ᠪᠣᠯᠣᠨ᠎ᠠ︾᠃ ᠵᠢᠯ ᠠᠴᠠ ᠵᠢᠯ ᠪᠤᠵᠠᠭᠠᠶᠢᠷᠠᠵᠤ ᠪᠠᠶᠢᠭ᠎ᠠ ᠪᠣᠬᠢᠷᠳᠤᠯ ᠦᠭᠡᠢ ᠠᠵᠤ ᠦᠢᠯᠡᠰ ᠤᠨ ᠲᠤᠬᠠᠢ | ᠶᠠᠷᠢᠬᠤ ᠳᠠᠭᠠᠨ ᠴᠧᠨ ᠭᠦᠸᠧ ᠹᠠ ᠴᠢᠷᠠᠢ ᠳᠦᠭᠦᠷᠡᠩ ᠮᠦᠰᠢᠶᠡᠳᠦ ᠲᠠᠢ ᠪᠠᠶᠢᠯ᠎ᠠ᠃ | 2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠯᠡᠰᠦ ᠡᠪᠡᠰᠦᠨ ᠤ ᠠᠵᠤ ᠦᠢᠯᠡᠰ ᠤᠨ ᠦᠢᠯᠡᠳᠬᠦᠨ ᠤ | ᠶᠡᠷᠦᠩᠬᠡᠢ ᠥᠷᠲᠡᠭ 850 ᠳ᠋ᠦᠩᠰᠢᠭᠤᠷ ᠲᠥᠭᠦᠷᠢᠭ ᠢ ᠳᠠᠪᠠᠵᠤ᠂ ᠡᠯᠡᠰᠦᠨ ᠤ ᠨᠣᠭᠤᠭᠠᠨ ᠪᠦᠷᠢᠳᠦ ᠨᠢ ᠡᠯᠡᠰᠦᠷᠬᠡᠭ ᠣᠷᠣᠨ ᠤ ᠣᠯᠠᠨ ᠲᠦᠮᠡᠨ ᠤ ᠪᠣᠬᠢᠷᠳᠤᠯ | ᠦᠭᠡᠢ ︽ᠡᠷᠳᠡᠨᠢᠰ ᠤᠨ ᠰᠠᠩ︾ ᠪᠣᠯᠵᠠᠢ᠃ | ᠮᠤᠤᠠᠤᠰᠤ ᠳᠤ ︽ᠲᠤᠷᠰᠢᠯᠲᠠ ᠶᠢᠨ ᠲᠠᠷᠢᠶ᠎ᠠ︾ ᠨᠠᠬᠢᠶᠠᠯᠠᠪᠠ | ︽ᠪᠢᠳᠡ ᠭᠠᠭᠴᠠ ᠬᠦ ᠡᠯᠡᠰᠦ ᠶᠢ ᠵᠠᠰᠠᠭᠠᠳ ᠯᠠ ᠪᠠᠶᠢᠵᠤ ᠪᠤᠯᠬᠤ ᠦᠭᠡᠢ᠂ ᠪᠠᠰᠠ ᠡᠯᠡᠰᠦ ᠶᠢ ᠬᠡᠷᠬᠢᠨ ᠬᠡᠷᠡᠭᠯᠡᠵᠦ᠂ ᠡᠯᠡᠰᠦᠷᠬᠡᠭ ᠣᠷᠣᠨ ᠤ ᠣᠯᠠᠨ ᠲᠦᠮᠡᠨ ᠢ | ᠪᠠᠶᠠᠵᠢᠭᠤᠯᠬᠤ ᠶᠢ ᠪᠤᠳᠤᠬᠤ ᠬᠡᠷᠡᠭᠲᠡᠢ︾ ᠭᠡᠵᠦ ᠮᠠᠨ ᠤ ᠤᠯᠤᠰ ᠤᠨ ᠳᠦᠷᠪᠡᠨ ᠶᠡᠭᠡ ᠡᠯᠡᠰᠦᠷᠬᠡᠭ ᠭᠠᠵᠠᠷ ᠤᠨ ᠨᠢᠭᠡ ᠪᠤᠯᠬᠤ ᠮᠤᠤᠠᠤᠰᠤ ᠶᠢᠨ ᠡᠯᠡᠰᠦᠷᠬᠡᠭ ᠭᠠᠵᠠᠷ᠂ | ᠱᠠᠨᠰᠢ ᠮᠤᠵᠢ ᠶᠢᠨ ᠱᠧᠨ ᠮᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠨᠡᠶᠢᠭᠡᠮᠯᠢᠭ ᠤᠨ ᠳᠠᠷᠤᠭ᠎ᠠ ᠵᠠᠩ ᠶᠢᠩ ᠯᠦᠩ ᠬᠡᠯᠡᠪᠡ᠃ | ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠳᠠᠭᠤᠷᠢᠶᠠᠯ ᠪᠣᠯᠤᠭᠰᠠᠨ ᠤ ᠬᠤᠪᠢ ᠳᠤ᠂ ᠡᠳᠡᠭᠡᠷ ᠵᠢᠯ ᠤᠳ ᠲᠤ ᠲᠡᠷᠡ | ᠪᠦᠯᠭᠦᠮ ᠲᠠᠢ ᠪᠠᠨ ᠮᠤᠤᠠᠤᠰᠤ ᠳᠤ ᠡᠯ᠎ᠡ ᠵᠦᠢᠯ ᠤᠨ ᠲᠤᠷᠰᠢᠯᠲᠠ ᠬᠢᠭᠰᠡᠭᠡᠷ ᠢᠷᠡᠵᠠᠢ᠂ ︽ᠪᠢᠳᠡ ᠮᠤᠤᠠᠤᠰᠤ ᠳᠤ ᠬᠠᠮᠤᠭ ᠠᠴᠠ ᠲᠣᠬᠢᠷᠠᠬᠤ ᠡᠯᠡᠰᠦᠷᠬᠡᠭ ᠭᠠᠵᠠᠷ ᠤᠨ | ᠠᠵᠤ ᠦᠢᠯᠡᠰ ᠢ ᠡᠷᠢᠯᠬᠢᠯᠡᠵᠦ ᠪᠠᠶᠢᠨ᠎ᠠ︾᠃ | ᠱᠠᠨᠰᠢ ᠮᠤᠵᠢ ᠶᠢᠨ ᠱᠧᠨ ᠮᠦ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠨᠡᠶᠢᠭᠡᠮᠯᠢᠭ ᠤᠨ ᠡᠯᠡᠰᠦ ᠶᠢ ᠵᠠᠰᠠᠵᠤ | ᠣᠶᠢᠵᠢᠭᠤᠯᠬᠤ ᠰᠠᠭᠤᠷᠢᠨ ᠮᠤᠤᠠᠤᠰᠤ ᠶᠢᠨ ᠡᠯᠡᠰᠦᠷᠬᠡᠭ ᠭᠠᠵᠠᠷ ᠤᠨ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ᠂ ᠠᠳᠡᠬᠢ ᠡᠷᠭᠢᠨ ᠲᠣᠭᠤᠷᠢᠨ ᠨᠢ ᠢᠭᠴᠤ ᠰᠠᠬᠤᠯᠢᠭ | ᠤᠢ ᠮᠣᠳᠣ ᠪᠠᠷ ᠬᠦᠷᠢᠶᠡᠯᠡᠭᠳᠡᠵᠦ ᠪᠠᠶᠢᠳᠠᠭ᠃ ᠭᠡᠪᠡᠴᠦ 61 ᠨᠠᠰᠤᠲᠠᠢ ᠵᠠᠩ ᠶᠢᠩ ᠯᠦᠩ ᠠᠳᠡᠬᠢ ᠵᠠᠰᠠᠬᠤ ᠠᠴᠠ ᠡᠮᠦᠨᠡᠬᠢ ᠪᠠᠶᠢᠳᠠᠯ ᠢ ᠲᠣᠳᠣᠷᠬᠠᠢ ᠴᠡᠭᠡᠵᠢᠯᠡᠵᠦ | ᠪᠤᠶ - ᠡᠯᠡᠰᠦᠨ ᠳᠣᠪᠣᠴᠠᠭ ᠨᠢ ᠡᠯᠡᠰᠦᠨ ᠳᠣᠪᠣᠴᠠᠭ ᠲᠠᠢ ᠵᠠᠯᠭᠠᠯᠳᠤᠵᠤ᠂ ᠲᠡᠭᠷᠢ ᠶᠢᠨ ᠬᠠᠶᠠᠭᠠᠨ ᠳᠤ ᠭᠦᠷᠲᠡᠯ᠎ᠡ ᠦᠷᠭᠦᠯᠵᠢᠯᠡᠵᠡᠢ᠃ | 21 ᠵᠢᠯ ᠤᠨ ᠬᠤᠭᠤᠴᠠᠭᠠᠨ ᠳᠤ᠂ ᠡᠯᠡᠰᠦ ᠶᠢ ᠵᠠᠰᠠᠵᠤ ᠣᠶᠢᠵᠢᠭᠤᠯᠬᠤ ᠰᠠᠭᠤᠷᠢᠨ ᠤ ᠡᠯᠡᠰᠦᠷᠬᠡᠭ ᠭᠠᠵᠠᠷ ᠢ ᠵᠠᠰᠠᠭᠰᠠᠨ ᠲᠠᠯᠠᠪᠠᠶ 42.8 ᠲᠦᠮᠡᠨ ᠮᠦ ᠳᠤ | ᠬᠦᠷᠴᠦ᠂ ᠵᠠᠰᠠᠯᠲᠠ ᠶᠢᠨ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ 3% ᠪᠠᠶᠢᠭᠰᠠᠨ ᠠᠴᠠ ᠪᠠᠨ ᠳᠡᠭᠡᠭᠰᠢᠯᠡᠭᠡᠳ 65% ᠪᠣᠯᠵᠠᠢ᠃ 2005 | ᠣᠨ ᠠᠴᠠ ᠡᠬᠢᠯᠡᠨ᠂ ᠰᠠᠭᠤᠷᠢᠨ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠤᠯᠠᠨ ᠨᠢᠭᠡᠴᠢ ᠵᠢᠴᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ ᠮᠤᠤᠠᠤᠰᠤ ᠶᠢᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠡᠯᠡᠰᠦᠨ ᠤ ᠤᠷᠭᠤᠮᠠᠯ ᠢ ᠨᠡᠭᠡᠭᠡᠨ ᠠᠰᠢᠭᠯᠠᠬᠤ ᠵᠡᠷᠭᠡ ᠰᠡᠳᠦᠪ ᠤᠨ ᠲᠣᠭᠤᠷᠢᠨ ᠳᠤ ᠠᠯᠢ ᠤᠯᠠᠨ ᠰᠢᠨᠵᠢᠯᠡᠬᠦ | ᠤᠬᠠᠭᠠᠨ ᠤ ᠰᠤᠳᠤᠯᠭᠠᠨ ᠥᠷᠨᠢᠭᠦᠯᠵᠡᠢ᠃ | ᠰᠤᠷᠪᠤᠯᠵᠢᠯᠠᠬᠴᠢ ᠵᠠᠩ ᠶᠢᠩ ᠯᠦᠩ ᠢ ᠳᠠᠭᠠᠵᠤ ᠬᠠᠶᠢᠯᠠᠷ ᠨᠠᠷᠠᠰᠤᠨ ᠣᠢ ᠳᠤ ᠢᠷᠡᠪᠡ᠃ ︽ᠡᠨᠡ ᠤᠯᠠᠭᠠᠨ ᠨᠠᠷᠠᠰᠤᠨ ᠴᠢᠰᠤᠨ ᠡᠪᠡᠷ ᠤᠨ ᠴᠢᠨᠠᠷ ᠨᠢ ᠬᠡᠳᠦᠢ | ᠰᠠᠶᠢᠨ᠂ ᠬᠡᠳᠦᠢ ᠪᠦᠳᠦᠭᠦᠨ ᠤᠷᠭᠤᠭᠰᠠᠨ ᠢ ᠦᠵᠡ︾᠃ ᠵᠠᠩ ᠶᠢᠩ ᠯᠦᠩ ᠭᠠᠷ ᠤᠨ ᠠᠶ᠎ᠠ ᠪᠠᠷ ᠨᠢᠭᠡ ᠬᠠᠶᠢᠯᠠᠷ ᠨᠠᠷᠠᠰᠤᠨ ᠤ ᠳᠣᠣᠷᠠᠬᠢ ᠨᠠᠷᠠᠰᠤᠨ ᠵᠡᠭᠦᠦ ᠪᠠ | ᠮᠣᠳᠣᠨ ᠦᠷᠦᠪᠳᠡᠰᠦ ᠶᠢ ᠰᠤᠭᠤᠯᠬᠤ ᠳᠤ ᠨᠢᠭᠡ ᠪᠠᠭᠴᠠ ᠤᠯᠠᠭᠠᠨ ᠨᠠᠷᠠᠰᠤᠨ ᠴᠢᠰᠤᠨ ᠡᠪᠡᠷ ᠨᠢᠳᠦᠨ ᠡᠮᠦᠨ᠎ᠡ ᠬᠠᠷᠠᠭᠳᠠᠨ᠎ᠠ᠃ | ᠵᠠᠩ ᠶᠢᠩ ᠯᠦᠩ᠂ ᠮᠤᠤᠠᠤᠰᠤ ᠶᠢᠨ ᠡᠯᠡᠰᠦᠷᠬᠡᠭ ᠭᠠᠵᠠᠷ ᠲᠤ ᠬᠥᠮᠥᠨ ᠤ ᠬᠦᠴᠦ ᠪᠠᠷ ᠤᠯᠠᠭᠠᠨ ᠨᠠᠷᠠᠰᠤᠨ ᠴᠢᠰᠤᠨ ᠡᠪᠡᠷ ᠳᠠᠷᠢᠬᠤ ᠶᠢᠨ ᠲᠥᠯᠥᠭᠡ᠂ | ᠰᠠᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠣᠯᠠᠨ ᠵᠢᠯ ᠵᠠᠷᠤᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠥᠮᠥᠵᠢᠭᠦᠯᠦᠯ ᠢᠶᠠᠷ ᠳᠡᠮᠵᠢᠨ᠂ | ᠪᠠᠺᠲ᠋ᠧᠷᠢ ᠶᠢᠨ ᠲᠥᠷᠥᠯ ᠢ ᠳᠠᠰᠬᠠᠭᠰᠠᠨ ᠤ ᠳᠠᠷᠠᠭ᠎ᠠ ᠰᠠᠶ᠋ᠢ ᠤᠯᠠᠭᠠᠨ ᠨᠠᠷᠠᠰᠤᠨ ᠴᠢᠰᠤᠨ ᠡᠪᠡᠷ ᠢ ᠲᠤᠷᠰᠢᠯᠲᠠ ᠶᠢᠨ ᠲᠠᠰᠤᠭ ᠠᠴᠠ ᠬᠠᠶᠢᠯᠠᠷ ᠨᠠᠷᠠᠰᠤᠨ ᠣᠶ ᠳᠤ | ᠠᠪᠴᠤ ᠣᠷᠣᠵᠤ ᠲᠤᠷᠰᠢᠨ ᠳᠠᠷᠢᠪᠠ ᠭᠡᠵᠦ ᠬᠡᠯᠡᠪᠡ᠃ ᠲᠠᠳᠠ ᠬᠠᠶᠢᠯᠠᠷ ᠨᠠᠷᠠᠰᠤ᠂ ᠬᠤᠨᠢᠨ ᠪᠤᠶᠢᠯᠠᠰᠤ ᠳᠠᠷᠢᠵᠤ ᠪᠠᠶᠢᠬᠤ ᠪᠠᠷ ᠪᠠᠷᠠᠬᠤ ᠦᠭᠡᠢ᠂ ᠡᠯᠡᠰᠦᠨ | ᠳᠣᠪᠣᠴᠠᠭ ᠤᠨ ᠨᠥᠮᠥᠷᠢ ᠪᠠᠯ ᠳᠤ ᠪᠥᠭᠡᠷᠡᠯᠵᠢᠭᠡᠨ᠎ᠡ᠂ ᠨᠠᠷᠰᠦ᠂ ᠦᠬᠡᠷ ᠪᠦᠯᠵᠢᠷᠭᠡᠨᠡ᠂ ᠠᠷᠢᠬᠢ ᠨᠡᠷᠡᠬᠦ ᠦᠵᠦᠮ ᠵᠡᠷᠭᠡ ᠶᠢ ᠲᠤᠷᠰᠢᠨ ᠳᠠᠷᠢᠵᠤ᠂ ᠠᠳᠡ | ᠤᠷᠭᠤᠬᠤ ᠳᠤ ᠲᠣᠬᠢᠷᠠᠮᠵᠢᠲᠠᠢ ᠡᠭᠦᠯᠳᠡᠷ ᠢ ᠪᠤᠶᠢᠵᠢᠭᠤᠯᠵᠤ᠂ ᠡᠯᠡᠰᠦᠷᠬᠡᠭ ᠣᠷᠣᠨ ᠤ ᠠᠮᠢ ᠠᠬᠤᠢ ᠶᠢᠨ ᠠᠵᠤ ᠠᠬᠤᠢ ᠶᠢ ᠳᠠᠶᠢᠴᠢᠯᠠᠬᠤ ᠶᠢᠨ ᠬᠠᠮᠲᠤ | ᠮᠤᠤᠠᠤᠰᠤ ᠶᠢᠨ ᠡᠯᠡᠰᠦᠷᠬᠡᠭ ᠭᠠᠵᠠᠷ ᠤᠨ ᠤᠷᠭᠤᠮᠠᠯ ᠤᠨ ᠭᠧᠨ ᠤ ᠬᠥᠮᠥᠷᠭᠡ ᠶᠢ ᠪᠠᠶᠢᠭᠤᠯᠬᠤ ᠶᠢ ᠬᠦᠰᠡᠵᠦ ᠪᠠᠶᠢᠨ᠎ᠠ᠃ | ︽ᠪᠢᠳᠡ ᠡᠯᠡᠰᠦ ᠶᠢ ᠵᠠᠰᠠᠬᠤ ᠪᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠠᠵᠤ ᠦᠢᠯᠡᠰ ᠲᠤ ᠲᠦᠰᠢᠭᠯᠡᠨ ᠡᠯᠡᠰᠦ ᠶᠢ ᠵᠠᠰᠠᠬᠤ ᠦᠢᠯᠡᠰ ᠢ | ᠠᠬᠢᠭᠤᠯᠬᠤ ᠶᠢ ᠰᠤᠷᠬᠤ ᠬᠡᠷᠡᠭᠲᠡᠢ᠃ ᠡᠶᠢᠮᠦᠷᠬᠦᠦ ᠰᠠᠶᠢᠨ ᠣᠷᠴᠢᠯ ᠪᠣᠯ ᠰᠠᠶ᠋ᠢ ᠵᠢᠩᠬᠢᠨᠢ ᠦᠷᠭᠦᠯᠵᠢᠯᠡᠨ ᠡᠯᠡᠰᠦ ᠶᠢ ᠵᠠᠰᠠᠬᠤ ᠵᠠᠮ ᠮᠥᠨ︾ ᠭᠡᠵᠦ ᠵᠠᠩ ᠶᠢᠩ ᠯᠦᠩ | ᠬᠡᠯᠡᠪᠡ᠃ | |