ᠠᠮᠢᠳᠤᠷᠠᠯ ᠤᠨ ᠣᠷᠣᠨ ᠵᠠᠢ ᠪᠠ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢᠨ ᠲᠥᠯᠥᠭᠡ᠂ ᠮᠠᠰᠢ ᠤᠯᠠᠨ ᠭᠡᠷ ᠪᠦᠯᠢ ᠶᠢᠨ ᠬᠢᠨ ᠭᠡᠷ ᠪᠠᠶᠢᠰᠢᠩ ᠢᠶᠠᠨ | ᠵᠠᠰᠠᠵᠤ ᠴᠢᠮᠡᠭᠯᠡᠬᠦ ᠪᠠ ᠬᠡᠰᠡᠭ ᠲᠠᠯ᠎ᠠ ᠶᠢᠨ ᠥᠭᠡᠷᠡᠴᠢᠯᠡᠯᠲᠡ ᠬᠢᠳᠡᠭ᠃ ᠭᠡᠪᠡᠴᠦ ᠵᠠᠰᠠᠨ ᠴᠢᠮᠡᠭᠯᠡᠵᠦ ᠥᠭᠡᠷᠡᠴᠢᠯᠡᠬᠦ ᠶᠠᠪᠤᠴᠠ ᠳᠤ ᠪᠠᠰᠠ ᠭᠡᠷ ᠪᠠᠶᠢᠰᠢᠩ ᠤᠨ | ᠪᠦᠲᠦᠴᠡ ᠶᠢ ᠳᠤᠷ᠎ᠠ ᠪᠠᠷ ᠢᠶᠠᠨ ᠥᠭᠡᠷᠡᠴᠢᠯᠡᠵᠦ᠂ ᠬᠥᠷᠰᠢ ᠵᠡᠷᠭᠡᠯᠡᠳᠡᠭᠡ ᠠᠶᠢᠯ ᠤᠨ ᠢᠶᠠᠨ ᠡᠷᠬᠡ ᠠᠰᠢᠭ ᠢ ᠬᠤᠬᠢᠷᠠᠭᠤᠯᠬᠤ ᠪᠠᠶᠢᠳᠠᠯ ᠦᠷᠭᠦᠯᠵᠢ ᠭᠠᠷᠳᠠᠭ᠃ | ᠪᠡᠭᠡᠵᠢᠩ ᠬᠤᠲᠠ ᠶᠢᠨ ᠨᠢᠭᠡᠨ ᠰᠠᠭᠤᠭᠠᠯᠢ ᠲᠣᠭᠤᠷᠢᠭ ᠤᠨ 202 ᠭᠡᠷ ᠤᠨ ᠡᠵᠡᠨ ᠵᠠᠩ ᠠᠪᠤᠭᠠᠢ ᠥᠪᠡᠷ ᠤᠨ ᠲᠣᠭᠤᠭᠠᠨ ᠭᠡᠷ ᠤᠨ ᠬᠢᠨᠢ ᠠᠲᠠᠷ ᠠᠴᠠ ᠤᠰᠤ | ᠭᠤᠭᠤᠵᠢᠭᠰᠠᠨ ᠢ ᠣᠯᠵᠤ ᠮᠡᠳᠡᠵᠡᠢ᠃ ᠨᠠᠷᠢᠨ ᠪᠠᠶᠢᠴᠠᠭᠠᠬᠤ ᠪᠠᠷ ᠳᠠᠮᠵᠢᠨ ᠤᠰᠤ ᠨᠢ ᠠᠰᠠᠷ ᠳᠡᠭᠡᠷᠡᠬᠢ 302 ᠭᠡᠷ ᠠᠴᠠ ᠭᠤᠭᠤᠵᠢᠭᠰᠠᠨ ᠬᠡᠮᠡᠨ ᠲᠡᠷᠡ ᠦᠵᠡᠵᠦ᠂ | ᠠᠰᠠᠷ ᠳᠡᠭᠡᠷ᠎ᠡ ᠭᠠᠷᠴᠤ ᠪᠠᠶᠢᠴᠠᠭᠠᠨ ᠦᠵᠡᠭᠰᠡᠨ ᠤ ᠳᠠᠷᠠᠭ᠎ᠠ᠂ ᠥᠪᠡᠷ ᠤᠨ ᠲᠣᠭᠤᠭᠠᠨ ᠭᠡᠷ ᠤᠨ ᠳᠡᠭᠡᠷ᠎ᠡ ᠲᠠᠯ᠎ᠠ ᠨᠢ ᠳᠡᠭᠡᠷ᠎ᠡ ᠠᠶᠢᠯ ᠤᠨ ᠬᠢᠨᠢ ᠠᠷᠢᠭᠤᠨ ᠴᠡᠪᠡᠷ ᠤᠨ | ᠲᠠᠰᠤᠯᠭ᠎ᠠ ᠪᠤᠯᠬᠤ ᠶᠢ ᠣᠯᠵᠤ ᠮᠡᠳᠡᠪᠡ᠃ ᠤᠤᠯ ᠨᠢ 302 ᠭᠡᠷ ᠤᠨ ᠡᠵᠡᠨ ᠭᠤᠤ ᠠᠪᠤᠭᠠᠢ ᠠᠷᠢᠭᠤᠨ ᠴᠡᠪᠡᠷ ᠤᠨ ᠲᠠᠰᠤᠯᠭ᠎ᠠ ᠶᠢᠨ ᠣᠷᠣᠨ ᠪᠠᠶᠢᠷᠢ ᠶᠢ | ᠳᠤᠷ᠎ᠠ ᠪᠠᠷ ᠢᠶᠠᠨ ᠥᠭᠡᠷᠡᠴᠢᠯᠡᠵᠦ᠂ ᠠᠷᠢᠭᠤᠨ ᠴᠡᠪᠡᠷ ᠤᠨ ᠲᠠᠰᠤᠯᠭ᠎ᠠ ᠪᠠᠨ ᠶᠠᠭ ᠰᠠᠶᠢᠬᠠᠨ ᠵᠠᠩ ᠠᠪᠤᠭᠠᠢ ᠶᠢᠨ ᠭᠡᠷ ᠤᠨ ᠲᠣᠭᠤᠭᠠᠨ ᠭᠡᠷ ᠤᠨ ᠳᠡᠭᠡᠷ᠎ᠡ ᠲᠠᠯ᠎ᠠ ᠳᠤ | ᠪᠠᠶᠢᠷᠢᠯᠠᠭᠤᠯᠤᠭᠰᠠᠨ ᠪᠠᠶᠢᠪᠠ᠃ ᠵᠠᠩ ᠠᠪᠤᠭᠠᠢ ᠶᠢᠨ ᠨᠢᠭᠡ ᠭᠡᠷ ᠤᠨ ᠬᠢᠨ ᠡᠨᠡᠬᠦ ᠪᠠᠶᠢᠳᠠᠯ ᠢ ᠭᠥᠯᠢᠶᠡᠨ ᠠᠪᠬᠤ ᠳᠤ ᠪᠡᠷᠬᠡ ᠪᠠᠶᠢᠵᠤ᠂ ᠬᠡᠳᠦᠨᠲᠡ ᠵᠥᠪᠳᠡᠯᠴᠡᠭᠡᠳ | ᠦᠷ᠎ᠡ ᠳ᠋ᠦᠩ ᠭᠠᠷᠤᠭᠰᠠᠨ ᠦᠭᠡᠢ ᠪᠣᠯᠬᠤᠷ ᠭᠤᠤ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠵᠤ᠂ ᠨᠦᠭᠦᠭᠡ ᠡᠲᠡᠭᠡᠳ ᠢᠶᠠᠷ ᠭᠡᠷ ᠪᠠᠶᠢᠰᠢᠩ ᠤᠨ | ᠪᠦᠲᠦᠴᠡ ᠶᠢᠨ ᠪᠠᠶᠢᠷᠢᠰᠢᠯ ᠢ ᠰᠡᠷᠭᠦᠭᠡᠯᠭᠡᠭᠦ ᠪᠠᠷ ᠱᠠᠭᠠᠷᠳᠠᠵᠠᠢ᠃ | ᠲᠡᠭᠡᠪᠡᠯ ᠥᠪᠡᠷ ᠤᠨ ᠭᠡᠷ ᠢᠶᠠᠨ ᠳᠤᠷ᠎ᠠ ᠪᠠᠷ ᠢᠶᠠᠨ ᠵᠠᠰᠠᠵᠤ ᠪᠣᠯᠣᠨ᠎ᠠ ᠦᠦ︖ ︽ᠮᠠᠨ ᠤ ᠤᠯᠤᠰ ᠤᠨ ᠢᠷᠭᠡᠨ ᠤ ᠬᠠᠤᠯᠢ ᠶᠢᠨ ᠪᠢᠴᠢᠭ ᠲᠤ | ᠲᠣᠭᠲᠠᠭᠠᠭᠰᠠᠨ ᠢᠶᠠᠷ᠂ ᠦᠯᠦ ᠬᠥᠳᠡᠯᠬᠦ ᠬᠥᠷᠥᠩᠭᠡ ᠶᠢᠨ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ | ᠲᠦᠭᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠥᠪ | ᠰᠢᠢᠳᠪᠦᠷᠢᠯᠡᠬᠦ ᠬᠡᠷᠡᠭᠲᠡᠢ︾ ᠭᠡᠰᠡᠨ ᠪᠠᠶᠢᠳᠠᠭ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ | ᠰᠢᠶᠠ ᠯᠢ ᠬᠡᠯᠡᠬᠦ ᠶᠢᠨ ᠳᠠᠭᠠᠤ ᠭᠡᠷ ᠪᠠᠶᠢᠰᠢᠩ ᠢᠶᠠᠨ ᠥᠭᠡᠷᠡᠴᠢᠯᠡᠵᠦ ᠵᠠᠰᠠᠬᠤ ᠨᠢ ᠭᠡᠷ ᠤᠨ ᠡᠵᠡᠨ ᠤ ᠡᠷᠬᠡ ᠴᠢᠯᠦᠭᠡ ᠪᠤᠯᠬᠤ ᠪᠤᠯᠪᠠᠴᠤ ᠵᠢᠷᠤᠮᠵᠢᠭᠤᠨ | ᠵᠥᠪᠰᠢᠶᠡᠷᠡᠭᠰᠡᠨ ᠬᠡᠪᠴᠢᠶᠡᠨ ᠳᠣᠲᠣᠷ᠎ᠠ ᠪᠠᠶᠢᠬᠤ ᠬᠡᠷᠡᠭᠲᠡᠢ᠃ | ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ ᠢ ᠦᠨᠳᠦᠰᠦᠯᠡᠨ᠂ ᠵᠣᠷᠯᠣᠩ ᠢ ᠰᠢᠭᠤᠳ ᠳᠣᠣᠷ᠎ᠠ ᠳᠠᠪᠬᠤᠷᠭ᠎ᠠ ᠶᠢᠨ ᠰᠠᠭᠤᠬᠤ ᠡᠷᠦᠭᠡ ᠶᠢᠨ | ᠤᠨᠲᠠᠬᠤ ᠥᠷᠥᠭᠡ᠂ ᠵᠣᠴᠢᠨ ᠤ ᠦᠷᠦᠭᠡ᠂ ᠲᠣᠭᠤᠭᠠᠨ ᠭᠡᠷ ᠪᠣᠯᠣᠨ ᠬᠤᠭᠤᠯᠠᠨ ᠭᠡᠷ ᠤᠨ ᠳᠡᠭᠡᠳᠦ ᠳᠠᠪᠬᠤᠷᠭ᠎ᠠ ᠳᠤ ᠪᠠᠶᠢᠷᠢᠯᠠᠭᠤᠯᠵᠤ ᠪᠤᠯᠬᠤ ᠦᠭᠡᠢ᠃ ︽ᠲᠤᠰ | ᠵᠦᠢᠯ ᠵᠤᠷᠪᠤᠰ ᠪᠣᠯ ᠠᠯᠪᠠᠳᠠᠯᠭ᠎ᠠ ᠶᠢᠨ ᠴᠢᠨᠠᠷᠲᠠᠢ ᠵᠦᠢᠯ ᠵᠤᠷᠪᠤᠰ ᠲᠤ ᠲᠣᠭᠠᠴᠠᠭᠳᠠᠨ᠎ᠠ︾᠃ ᠰᠢᠭᠦᠬᠦ ᠬᠤᠷᠢᠶ᠎ᠠ ᠰᠢᠭᠦᠭᠰᠡᠨ ᠤ ᠲᠠᠷᠠᠭ᠎ᠠ᠂ 302 ᠭᠡᠷ ᠤᠨ | ᠡᠵᠡᠨ ᠤ ᠭᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠤᠭᠰᠠᠨ ᠠᠵᠢᠯᠯᠠᠭ᠎ᠠ ᠨᠢ ᠲᠣᠭᠲᠠᠭᠠᠯ ᠢ ᠵᠥᠷᠢᠴᠡᠭᠰᠡᠨ ᠳᠤ ᠲᠣᠭᠠᠴᠠᠭᠳᠠᠨ᠎ᠠ ᠭᠡᠵᠦ ᠦᠵᠡᠭᠡᠳ᠂ ᠭᠤᠤ | ᠠᠪᠤᠭᠠᠢ ᠶᠢ ᠭᠡᠷ ᠪᠠᠶᠢᠰᠢᠩ ᠤᠨ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠤᠨ ᠪᠦᠲᠦᠴᠡ ᠶᠢ ᠤᠤᠯ ᠪᠠᠶᠢᠳᠠᠯ ᠢᠶᠠᠷ ᠨᠢ ᠰᠡᠷᠭᠦᠭᠡᠯᠭᠡᠭᠦ ᠪᠠᠷ ᠰᠢᠭᠦᠨ | ᠳᠠᠰᠤᠯᠵᠠᠢ᠃ | ᠭᠡᠷ ᠲᠤ ᠣᠷᠣᠬᠤ ᠡᠭᠦᠳᠡ ᠶᠢ ᠳᠣᠲᠣᠭᠰᠢ ᠨᠡᠭᠡᠭᠡᠳᠡᠭ ᠪᠠᠶᠢᠭᠰᠠᠨ ᠢ ᠭᠠᠳᠠᠭᠰᠢ ᠨᠡᠭᠡᠭᠡᠬᠦ ᠪᠣᠯᠭᠠᠨ ᠥᠭᠡᠷᠡᠴᠢᠯᠡᠭᠰᠡᠨ ᠰᠦᠢ ᠠᠪᠤᠭᠠᠢ ᠶᠢᠨ ᠬᠢᠳᠡᠯ ᠨᠢ | ᠵᠡᠷᠭᠡᠯᠡᠳᠡᠭᠡ ᠯᠢ ᠠᠪᠤᠭᠠᠢ ᠶᠢᠨ ᠳᠤᠷ᠎ᠠ ᠦᠭᠡᠶᠢᠴᠡᠯ ᠢ ᠬᠦᠷᠭᠡᠵᠡᠢ᠃ ᠰᠦᠢ ᠠᠪᠤᠭᠠᠢ 1505 ᠥᠷᠥᠭᠡᠨ ᠳᠤ᠂ ᠯᠢ ᠠᠪᠤᠭᠠᠢ 1507 ᠥᠷᠥᠭᠡᠨ ᠳᠤ ᠰᠠᠭᠤᠵᠤ | ᠪᠠᠶᠢᠭ᠎ᠠ ᠪᠣᠯᠬᠤᠷ ᠬᠠᠮᠲᠤ ᠨᠢᠭᠡᠨ ᠶᠠᠪᠤᠬᠤ ᠵᠠᠮ ᠢ ᠬᠡᠷᠡᠭᠯᠡᠵᠦ᠂ ᠬᠤᠶᠠᠷ ᠡᠷᠦᠭᠡ ᠶᠢᠨ ᠣᠷᠣᠬᠤ ᠡᠭᠦᠳᠡ ᠨᠢ 90 ᠭᠷᠡᠳᠦ᠋ᠰ ᠤᠨ ᠬᠠᠪᠴᠢᠭᠰᠠᠨ ᠥᠨᠴᠥᠭ ᠲᠠᠢ᠃ ᠯᠢ | ᠠᠪᠤᠭᠠᠢ ᠶᠢᠨ ᠦᠵᠡᠬᠦ ᠪᠠᠷ᠂ ᠰᠦᠢ ᠠᠪᠤᠭᠠᠢ ᠶᠢᠨ ᠭᠡᠷ ᠢᠶᠠᠨ ᠥᠭᠡᠷᠡᠴᠢᠯᠡᠭᠰᠡᠨ ᠨᠢ ᠥᠪᠡᠷ ᠤᠨ ᠶᠠᠪᠤᠵᠤ ᠰᠠᠭᠤᠬᠤ ᠵᠢᠴᠢ ᠠᠮᠤᠷ ᠲᠦᠪᠰᠢᠨ ᠳᠤ ᠬᠤᠬᠢᠷᠠᠯ | ᠤᠴᠠᠷᠠᠭᠤᠯᠤᠭᠰᠠᠨ ᠭᠡᠵᠡᠢ᠃ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠠᠶᠢᠳᠠᠯ ᠳᠣᠣᠷ᠎ᠠ᠂ ᠯᠢ ᠠᠪᠤᠭᠠᠢ ᠰᠢᠭᠦᠬᠦ ᠬᠤᠷᠢᠶᠠᠨ ᠳᠤ ᠵᠠᠭᠠᠯᠳᠤᠨ᠂ ᠭᠡᠷ ᠲᠤ | ᠣᠷᠣᠬᠤ ᠡᠭᠦᠳᠡ ᠪᠠᠨ ᠤᠤᠯ ᠶᠠᠩᠵᠤ ᠪᠠᠷ ᠨᠢ ᠥᠭᠡᠷᠡᠴᠢᠯᠡᠬᠦ ᠶᠢ ᠱᠠᠭᠠᠷᠳᠠᠪᠠ᠃ | ᠵᠠᠭᠤᠷᠠᠯᠳᠤᠭᠠᠨ ᠡᠭᠦᠰᠦᠭᠰᠡᠨ ᠤ ᠲᠠᠷᠠᠭ᠎ᠠ᠂ ᠰᠦᠢ ᠠᠪᠤᠭᠠᠢ ᠣᠷᠣᠨ ᠰᠠᠭᠤᠴᠠ ᠶᠢᠨ ᠭᠡᠯᠪᠡᠷᠢ ᠶᠢᠨ ᠵᠢᠷᠤᠭ ᠢ ᠪᠠᠶᠢᠴᠠᠭᠠᠨ ᠦᠵᠡᠬᠦ ᠳᠡᠭᠡᠨ᠂ ᠯᠢ ᠠᠪᠤᠭᠠᠢ | ᠭᠡᠷ ᠤᠨ ᠡᠭᠦᠳᠡ ᠪᠠᠨ ᠰᠢᠯᠵᠢᠭᠦᠯᠵᠦ ᠥᠩᠭᠡᠷᠡᠭᠰᠡᠨ ᠪᠥᠭᠡᠳ ᠤᠤᠯ ᠤᠨ ᠣᠷᠣᠨ ᠪᠠᠶᠢᠷᠢ ᠠᠴᠠ ᠨᠢ 55 ᠰᠡᠨᠲ᠋ᠢᠮᠧᠲᠷ ᠭᠠᠳᠠᠭᠰᠢ ᠲᠦᠯᠬᠢᠵᠦ᠂ ᠬᠠᠮᠲᠤ ᠨᠡᠶᠢᠳᠡ ᠶᠢᠨ | ᠨᠡᠪᠲᠡᠷᠡᠬᠦ ᠵᠠᠮ ᠢ ᠡᠵᠡᠯᠡᠭᠰᠡᠨ ᠢ ᠣᠯᠵᠤ ᠮᠡᠳᠡᠭᠡᠳ᠂ ᠲᠡᠷᠡ ᠳᠠᠷᠤᠢ ᠳᠤᠨᠢ ᠯᠢ ᠠᠪᠤᠭᠠᠢ ᠶᠢᠨ ᠨᠡᠶᠢᠲᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠭᠰᠡᠨ ᠪᠠᠶᠢᠳᠠᠯ ᠳᠤ | ᠭᠡᠳᠡᠷᠭᠦ ᠵᠠᠭᠠᠯᠳᠤᠯᠭ᠎ᠠ ᠬᠢᠵᠦ᠂ ᠡᠰᠡᠷᠭᠦ ᠡᠲᠡᠭᠡᠳ ᠢᠶᠠᠷ ᠭᠡᠷ ᠲᠤ ᠣᠷᠣᠬᠤ ᠡᠭᠦᠳᠡ ᠶᠢᠨ ᠤᠤᠯ ᠤᠨ ᠪᠠᠶᠢᠳᠠᠯ ᠢ ᠰᠡᠷᠭᠦᠭᠡᠯᠭᠡᠭᠦ ᠪᠠᠷ ᠱᠠᠭᠠᠷᠳᠠᠪᠠ᠃ | ︽ᠣᠷᠣᠨ ᠰᠠᠭᠤᠴᠠ ᠶᠢᠨ ᠵᠢᠷᠤᠭ ᠲᠥᠯᠥᠪᠯᠡᠭᠡ ᠳᠤ ᠵᠢᠷᠤᠮᠵᠢᠭᠤᠨ ᠪᠥᠭᠡᠳ ᠲᠣᠳᠣᠷᠬᠠᠢ ᠵᠢᠭᠠᠭᠰᠠᠨ ᠪᠠᠶᠢᠳᠠᠭ᠂ ᠭᠠᠳᠠᠭᠰᠢ ᠨᠡᠭᠡᠭᠡᠬᠦ ᠡᠭᠦᠳᠡ ᠨᠢ ᠣᠯᠠᠨ | ᠨᠡᠶᠢᠲᠡ ᠶᠢᠨ ᠭᠠᠷᠴᠤ ᠣᠷᠣᠬᠤ ᠵᠢᠴᠢ ᠬᠥᠷᠰᠢ ᠵᠡᠷᠭᠡᠯᠡᠳᠡᠭᠡ ᠡᠷᠦᠭᠡ ᠶᠢᠨ ᠡᠭᠦᠳᠡ ᠨᠡᠭᠡᠭᠡᠬᠦ ᠶᠢ ᠬᠠᠷᠰᠢᠯᠠᠵᠤ ᠪᠤᠯᠬᠤ ᠦᠭᠡᠢ᠃ ᠡᠭᠦᠨ ᠤ ᠬᠠᠮᠲᠤ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠠᠮᠤᠷ ᠲᠦᠪᠰᠢᠨ ᠤ ᠵᠠᠮ ᠵᠢᠴᠢ ᠠᠰᠠᠷ ᠤᠨ ᠱᠠᠲᠤᠨ ᠤ | ᠬᠤᠭᠤᠷᠣᠨᠳᠣᠭᠢ ᠡᠭᠦᠳᠡ ᠴᠣᠩᠬᠤ ᠶᠢ ᠭᠦᠢᠴᠡᠳ ᠨᠡᠭᠡᠭᠡᠭᠰᠡᠨ ᠤ ᠳᠠᠷᠠᠭ᠎ᠠ᠂ ᠶᠠᠪᠤᠬᠤ ᠵᠠᠮ ᠵᠢᠴᠢ ᠠᠰᠠᠷ ᠤᠨ ᠱᠠᠲᠤᠨ ᠤ ᠲᠠᠪᠴᠠᠩ ᠤᠨ ᠲᠠᠷᠬᠠᠭᠠᠬᠤ ᠥᠷᠭᠡᠴᠡ ᠶᠢ | ᠨᠥᠯᠥᠭᠡᠯᠡᠵᠦ ᠪᠤᠯᠬᠤ ᠦᠭᠡᠢ︾ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ ᠸᠠᠩ ᠲᠢᠶᠠᠨ | ᠱᠦᠢ ᠬᠡᠯᠡᠵᠦ ᠪᠠᠶᠢᠯ᠎ᠠ᠃ | ᠲᠤᠰ ᠬᠡᠷᠡᠭ ᠲᠤ ᠯᠢ ᠠᠪᠤᠭᠠᠢ ᠪᠡᠶ᠎ᠡ ᠪᠠᠨ ᠥᠮᠥᠭᠯᠡᠬᠦ ᠳᠡᠭᠡᠨ᠂ ᠲᠤᠬᠠᠢ ᠶᠢᠨ ᠦᠶ᠎ᠡ ᠳᠤ ᠭᠡᠷ ᠤᠨ ᠡᠭᠦᠳᠡ ᠪᠠᠨ ᠰᠢᠯᠵᠢᠭᠦᠯᠬᠦ ᠳᠤ 1505 ᠦᠷᠦᠭᠡ ᠶᠢᠨ | ᠤᠤᠯ ᠤᠨ ᠡᠵᠡᠨ ᠤ ᠵᠥᠪᠰᠢᠶᠡᠷᠡᠯ ᠢ ᠣᠯᠣᠭᠰᠠᠨ ᠶᠤᠮ᠂ ᠡᠨᠡ ᠨᠢ ᠰᠦᠢ ᠠᠪᠤᠭᠠᠢ ᠶᠢᠨ ᠵᠣᠷᠢᠯᠲᠠ ᠶᠢ ᠡᠰᠡᠷᠭᠦᠴᠡᠵᠦ ᠪᠤᠯᠬᠤ ᠦᠦ︖ ︽ᠲᠡᠭᠦᠨ ᠤ ᠦᠢᠯᠡ | ᠠᠵᠢᠯᠯᠠᠭ᠎ᠠ ᠨᠢ ᠵᠥᠪᠰᠢᠶᠡᠷᠡᠯ ᠣᠯᠣᠭᠰᠠᠨ ᠪᠤᠯᠪᠠᠴᠤ ᠵᠦᠢ ᠶᠣᠰᠣᠴᠢ ᠴᠢᠨᠠᠷ ᠲᠠᠢ ᠪᠢᠰᠢ︾ ᠭᠡᠵᠦ ᠸᠠᠩ ᠲᠢᠶᠠᠨ ᠱᠦᠢ ᠬᠡᠯᠡᠬᠦ ᠶᠢᠨ ᠬᠠᠮᠲᠤ᠂ 1505 | ᠥᠷᠥᠭᠡ ᠶᠢᠨ ᠤᠤᠯ ᠤᠨ ᠥᠮᠴᠢᠯᠡᠬᠦ ᠡᠷᠬᠡᠲᠦ ᠬᠥᠮᠥᠨ ᠤ ᠵᠥᠪᠰᠢᠶᠡᠷᠡᠯ ᠨᠢ ᠣᠲᠣ ᠶᠢᠨ ᠪᠠᠶᠢᠭ᠎ᠠ ᠥᠮᠴᠢᠯᠡᠬᠦ ᠡᠷᠬᠡᠲᠦ ᠬᠥᠮᠥᠨ ᠰᠦᠢ ᠠᠪᠤᠭᠠᠢ ᠶᠢᠨ ᠬᠢᠳᠡᠯ ᠢ | ᠬᠢᠵᠠᠭᠠᠷᠯᠠᠵᠤ ᠲᠡᠶᠢᠯᠭᠦ ᠦᠭᠡᠢ᠂ ᠯᠢ ᠠᠪᠤᠭᠠᠢ ᠶᠢᠨ ᠣᠯᠠᠨ ᠨᠡᠶᠢᠲᠡ ᠶᠢᠨ ᠨᠡᠪᠲᠡᠷᠡᠬᠦ ᠵᠠᠮ ᠤᠨ ᠣᠷᠣᠨ ᠵᠠᠢ ᠶᠢ ᠰᠢᠬᠠᠨ ᠡᠵᠡᠯᠡᠭᠰᠡᠨ ᠦᠢᠯᠡ ᠠᠵᠢᠯᠯᠠᠭ᠎ᠠ ᠨᠢ ᠰᠦᠢ | ᠠᠪᠤᠭᠠᠢ ᠶᠢᠨ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠪᠠᠨ ᠬᠡᠷᠡᠭᠵᠢᠭᠦᠯᠬᠦ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ ᠭᠡᠵᠡᠢ᠃ ᠰᠢᠭᠦᠬᠦ | ᠬᠤᠷᠢᠶ᠎ᠠ ᠠᠴᠠ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠪᠤᠰᠤᠳ ᠢ ᠬᠠᠷᠰᠢᠯᠠᠭᠰᠠᠨ ᠠᠵᠢᠯᠯᠠᠭ᠎ᠠ ᠪᠠᠨ ᠵᠣᠭᠰᠣᠭᠠᠵᠤ᠂ ᠥᠪᠡᠷᠰᠡᠳ ᠤᠨ ᠭᠡᠷ ᠲᠤ | ᠣᠷᠣᠬᠤ ᠡᠭᠦᠳᠡ ᠪᠠᠨ ᠤᠤᠯ ᠪᠠᠶᠢᠳᠠᠯ ᠳᠤᠨᠢ ᠪᠤᠴᠠᠭᠠᠨ ᠰᠡᠷᠭᠦᠭᠡᠬᠦ ᠬᠡᠷᠡᠭᠲᠡᠢ ᠭᠡᠵᠦ ᠰᠢᠭᠦᠨ ᠳᠠᠰᠤᠯᠵᠠᠢ᠃ | ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠰᠠᠨᠠᠭᠤᠯᠬᠤ ᠳᠠᠭᠠᠨ᠂ ᠠᠰᠠᠷ ᠢ ᠥᠭᠡᠷᠡᠴᠢᠯᠡᠨ ᠰᠢᠨᠡᠳᠬᠡᠬᠦ | ᠵᠢᠷᠤᠭ ᠲᠥᠯᠥᠪᠯᠡᠭᠡ ᠶᠢᠨ ᠲᠥᠰᠥᠯ ᠳᠤ ᠪᠦᠲᠦᠴᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠤᠯᠭᠠᠭᠤᠷ ᠬᠡᠷᠡᠮ᠂ ᠨᠢᠷᠤᠭᠤᠨ ᠤ ᠲᠤᠯᠭᠠᠭᠤᠷ ᠵᠡᠷᠭᠡ | ᠵᠠᠩᠭᠢᠯᠠᠭ᠎ᠠ ᠶᠢᠨ ᠪᠦᠲᠦᠴᠡ ᠶᠢᠨ ᠲᠣᠨᠣᠭᠯᠠᠭᠠᠰᠤ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠨᠤᠷᠠᠭᠠᠵᠤ ᠪᠤᠯᠬᠤ ᠦᠭᠡᠢ︔ ᠲᠣᠭᠤᠭᠠᠨ ᠭᠡᠷ᠂ ᠠᠷᠢᠭᠤᠨ | ᠴᠡᠪᠡᠷ ᠤᠨ ᠲᠠᠰᠤᠯᠭ᠎ᠠ ᠵᠡᠷᠭᠡ ᠣᠨᠴᠠᠭᠠᠶ ᠦᠢᠯᠡᠳᠦᠯ ᠲᠠᠢ ᠣᠷᠣᠨ ᠤ ᠣᠷᠣᠨ ᠪᠠᠶᠢᠷᠢ ᠶᠢ ᠳᠤᠷ᠎ᠠ ᠪᠠᠷ ᠢᠶᠠᠨ ᠰᠣᠯᠢᠵᠤ ᠪᠤᠯᠬᠤ ᠦᠭᠡᠢ᠃ | |