ᠤᠷᠠᠳ ᠤᠨ ᠲᠤᠮᠳᠠᠳᠤ ᠬᠤᠰᠢᠭᠤᠨ ᠤ ᠨᠡᠷᠡᠳᠤ ᠬᠦᠮᠦᠰ ᠤᠨ ᠨᠠᠮᠳᠠᠷ — ᠮᠸᠢ ᠶᠢᠨ ᠱᠠᠨ
ᠨᠡᠶᠢᠲᠡᠯᠡᠭᠰᠡᠨ ᠴᠠᠭ᠄
2024/8/28
    ᠮᠸᠢ ᠶᠢᠨ ᠱᠠᠨ ︵1927.9—1989.11︶ ᠡᠷᠡᠭᠳᠡᠢ᠂ ᠮᠤᠩᠭᠤᠯ ᠦᠨᠳᠤᠰᠤᠳᠡᠨ᠂ ᠤᠭ ᠨᠤᠳᠤᠭ ᠤᠷᠠᠳ ᠤᠨ ᠲᠤᠮᠳᠠᠳᠤ ᠭᠦᠩ ᠤᠨ ᠬᠤᠰᠢᠭᠤ︵ᠤᠳᠤ ᠤᠷᠠᠳ ᠤᠨ ᠡᠮᠤᠨᠡᠳᠤ ᠬᠤᠰᠢᠭᠤᠨ ᠤ ᠰᠠᠭᠠᠳᠠᠭ ᠰᠤᠮᠤ ᠶᠢᠨ ᠮᠡᠷᠭᠡᠨ ᠭᠠᠴᠠᠭ᠎ᠠ ᠳᠤ ᠪᠠᠭᠳᠠᠵᠤ ᠪᠤᠢ︶᠂ ᠲᠤᠷᠤᠶᠢᠳᠠᠭᠰᠠᠨ ᠢᠵᠠᠭᠤᠷᠳᠠᠨ ᠲᠠᠶᠢᠵᠢ ᠶᠢᠨ ᠭᠡᠷ  ᠤᠨ ᠭᠠᠷᠤᠯ ᠲᠠᠢ᠂ 1949 ᠤᠨ ᠳᠤ ᠰᠦᠢᠶᠦᠸᠠᠨ ᠤ《 9.19 ᠶᠢᠨ ᠪᠤᠰᠤᠯᠭ᠎ᠠ ᠳᠤ ᠤᠷᠤᠯᠴᠠᠵᠤ ᠬᠤᠪᠢᠰᠬᠠᠯ ᠤᠨ ᠠᠵᠢᠯ ᠳᠤ ᠤᠷᠤᠪᠡ᠃    1949 ᠤᠨ ᠤ 9 ᠳ᠋ᠤᠭᠡᠷ ᠰᠠᠷ᠎ᠠ ᠠᠴᠠ ᠨᠠᠰᠢ᠂ ᠲᠡᠷᠡ ᠤᠷᠢᠳ ᠬᠤᠵᠢᠳ ᠤᠷᠠᠳ ᠤᠨ ᠲᠤᠮᠳᠠᠳᠤ ᠬᠤᠰᠢᠭᠤᠨ ᠤ ᠲᠠᠢ ᠯᠢᠶᠠᠩ ᠨᠤᠳᠤᠭ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠪᠠᠶᠢᠬᠰᠠᠨ ᠪᠦᠭᠡᠳ ᠠᠵᠢᠯ ᠳᠠᠭᠠᠨ ᠴᠢᠷᠮᠠᠶᠢᠯᠳᠡ ᠲᠠᠢ ᠨᠠᠷᠢᠨ ᠬᠢᠨᠠᠮᠠᠭᠠᠢ ᠬᠦᠮᠦᠨ ᠪᠠᠶᠢᠵᠠᠢ᠃ 1953 ᠤᠨ ᠤ 3 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠤ᠂ ᠲᠤᠰ ᠵᠢᠯ ᠤᠨ 9 ᠳ᠋ᠤᠭᠡᠷ ᠰᠠᠷ᠎ᠠ ᠳᠤ ᠬᠤᠰᠢᠭᠤᠨ ᠤ ᠠᠷᠠᠳ ᠤᠨ ᠰᠢᠬᠦᠬᠦ ᠬᠤᠷᠢᠶᠠᠨ  ᠳᠤ ᠰᠢᠯᠵᠢᠨ ᠠᠵᠢᠯᠯᠠᠵᠤ᠂ ᠤᠷᠢᠳ ᠬᠤᠵᠢᠳ ᠲᠡᠳ᠋ ᠬᠤᠷᠢᠶᠠᠨ ᠲᠠᠷᠤᠭ᠎ᠠ᠂ ᠬᠤᠷᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠡ᠃ ᠲᠡᠷᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠨ᠂ ᠲᠦᠪ ᠭᠤᠤᠯᠴᠢ ᠪᠠᠷ ᠬᠠᠤᠯᠢ ᠬᠡᠷᠡᠭᠵᠢᠭᠦᠯᠵᠤ᠂ ᠨᠡᠶᠢᠭᠡᠮ ᠤᠨ ᠠᠮᠤᠷ ᠲᠦᠪᠰᠢᠨ ᠪᠡ ᠬᠠᠤᠯᠢ ᠴᠠᠭᠠᠵᠠ ᠶᠢᠨ ᠨᠡᠷ᠎ᠡ ᠭᠦᠨᠳᠤ ᠶᠢ ᠬᠠᠮᠠᠭᠠᠯᠠᠬᠤ ᠶᠢᠨ ᠲᠦᠯᠤᠭᠡ ᠰᠢᠷᠭᠠᠭᠤ ᠬᠠᠳᠠᠭᠤᠵᠢᠯᠳᠠᠢ ᠭᠦᠳᠡᠯᠮᠤᠷᠢ ᠪᠠᠨ ᠵᠠᠷᠤᠴᠠᠭᠤᠯᠪᠠ᠃ 1961 ᠤᠨ ᠤ 2 ᠳ᠋ᠤᠭᠠᠷ ᠰᠠᠷ᠎ᠠ  ᠳᠤ ᠲᠡᠷᠡ ᠪᠠᠶᠠᠨᠬᠠᠳᠠᠢ ᠨᠢᠭᠡᠳᠤᠯ ᠤᠨ ᠨᠠᠮ ᠤᠨ ᠬᠤᠷᠢᠶᠠᠨ ᠤ ᠲᠡᠳ᠋ ᠱᠦᠵᠢ ᠪᠠᠷ ᠰᠢᠯᠵᠢᠨ ᠲᠤᠮᠢᠯᠠᠭᠳᠠᠵᠤ᠂ ᠤᠯᠠᠮ ᠲᠦᠮᠡᠨ ᠤ ᠭᠦᠴᠢᠷ ᠵᠤᠪᠠᠯᠠᠩ ᠢ ᠰᠶᠢᠳᠪᠤᠷᠢᠯᠠᠨ᠂ ᠦᠷᠭᠡᠨ ᠤᠯᠠᠨ ᠮᠠᠯᠴᠢᠨ ᠲᠦᠮᠡᠨ ᠤ ᠮᠠᠭᠳᠠᠭᠠᠯ ᠢ ᠤᠯᠤᠭᠰᠠᠨ ᠶᠤᠮ᠃ 1962 ᠤᠨ ᠤ 7 ᠳ᠋ᠤᠭᠠᠷ ᠰᠠᠷ᠎ᠠ ᠳᠤ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠳᠤ ᠪᠤᠴᠠᠵᠤ ᠢᠷᠡᠭᠡᠳ ᠳᠡᠳ᠋ ᠬᠤᠷᠢᠶᠠᠨ ᠲᠠᠷᠤᠭ᠎ᠠ ᠪᠠᠷ ᠲᠤᠮᠢᠯᠠᠭᠳᠠᠪᠡ᠃《 ᠠᠷᠪᠠᠨ ᠵᠢᠯ ᠤᠨ ᠰᠠᠮᠠᠭᠤᠷᠠᠯ 》 ᠤᠨ ᠬᠤᠭᠤᠴᠠᠭᠠᠨ ᠳᠤ᠂ ᠬᠡᠳᠤᠶᠢᠪᠡᠷ ᠴᠤᠬᠢᠯᠳᠠ ᠤᠯᠵᠤ ᠲᠡᠮᠡᠴᠡᠭᠳᠡᠭᠰᠡᠨ ᠪᠤᠯᠪᠠᠴᠦ ᠲᠡᠷᠡ ᠶᠡᠷᠤᠨᠢ ᠨᠡᠮ ᠪᠡ ᠤᠯᠤᠰ ᠭᠦᠷᠦᠨ ᠤ ᠠᠵᠢᠯ ᠤᠶᠢᠯᠡᠰ ᠢ ᠴᠢᠬᠤᠯᠠᠴᠢᠯᠠᠨ ᠦᠵᠡᠵᠤ  ᠪᠦᠬᠦ ᠲᠠᠯ᠎ᠠ  ᠠᠴᠠ ᠡᠭᠦᠰᠴᠦ᠂ ᠭᠦᠴᠢᠷᠳᠡᠯ ᠢ ᠢᠯᠠᠨ ᠲᠠᠪᠠᠵᠤ᠂ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠪᠡ᠃ 1971 ᠤᠨ ᠤ 12 ᠳ᠋ᠤᠭᠠᠷ ᠰᠠᠷ᠎ᠠ ᠳᠤ ᠲᠡᠷᠡ ᠬᠤᠰᠢᠭᠤᠨ ᠤ ᠮᠠᠯ ᠠᠵᠤ ᠠᠬᠤᠢ ᠶᠢᠨ ᠮᠠᠰᠢᠨ ᠤ ᠭᠤᠷᠪᠠᠳᠤᠭᠠᠷ ᠱᠠᠳᠤᠨ ᠤ ᠦᠷᠳᠡᠭᠡ ᠶᠢᠨ ᠲᠡᠳ᠋ ᠦᠷᠳᠡᠭᠡᠨ ᠲᠠᠷᠤᠭ᠎ᠠ ᠪᠠᠷ ᠰᠢᠯᠵᠢᠨ ᠲᠤᠮᠢᠯᠠᠭᠳᠠᠵᠤ᠂ ᠲᠠᠷᠢᠶᠠᠯᠠᠩ  ᠤᠨ ᠮᠠᠰᠢᠨ ᠤ ᠪᠦᠳᠤᠭᠡᠭᠳᠡᠭᠦᠨ ᠢ ᠬᠤᠪᠢᠶᠠᠷᠢᠯᠠᠬᠤ ᠠᠵᠢᠯ ᠢ ᠬᠠᠷᠢᠭᠤᠴᠠᠵᠤ ᠪᠠᠶᠢᠪᠡ᠃ ᠡᠨᠡ ᠦᠶᠡᠰ ᠲᠤ ᠵᠠᠷᠢᠮ ᠭᠦᠮᠤᠨ ᠪᠠᠴᠢᠮ ᠬᠠᠩᠭᠠᠯᠭ᠎ᠠ ᠶᠢᠨ ᠡᠳ᠋ ᠮᠠᠲ᠋ᠧᠷᠢᠶᠡᠯ ᠢ ᠬᠤᠳᠠᠯᠳᠤᠨ ᠠᠪᠬᠤ ᠬᠡᠳ ᠲᠡᠭᠦᠨ ᠳᠤ ᠮᠢᠬ᠎ᠠ ᠲᠤᠰᠤ ᠬᠦᠷᠭᠡᠭᠰᠡᠨ ᠳᠤ ᠲᠡᠷᠡ ᠤᠭᠳᠤ ᠬᠠᠯᠭᠠᠬᠤ ᠦᠬᠡᠢ ᠪᠠᠶᠢᠯ᠎ᠠ᠃ 1973 ᠤᠨ ᠤ 5 ᠳ᠋ᠤᠭᠠᠷ ᠰᠠᠷ᠎ᠠ ᠳᠤ ᠲᠡᠷᠡ ᠬᠤᠰᠢᠭᠤᠨ ᠤ ᠠᠵᠤ ᠤᠶᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠲᠤᠪᠴᠢᠶᠠᠨ ᠳᠤ ᠲᠤᠪᠴᠢᠶᠠᠨ ᠲᠠᠷᠤᠭ᠎ᠠ ᠪᠠᠷ ᠲᠤᠮᠢᠯᠠᠭᠳᠠᠭᠰᠠᠨ ᠬᠤᠶᠢᠨ᠎ᠠ᠂ ᠤᠯᠤᠰ ᠤᠨ ᠬᠠᠤᠯᠢ ᠵᠠᠷᠯᠠᠯ᠂ ᠬᠠᠤᠯᠢ ᠲᠤᠭᠳᠠᠭᠠᠯ ᠢ ᠵᠢᠱᠢᠶᠡᠴᠢ ᠪᠠᠷ ᠬᠡᠷᠡᠭᠵᠢᠭᠦᠯᠤᠨ᠂ ᠵᠠᠷᠴᠢᠮ ᠢ ᠪᠠᠷᠢᠮᠳᠠᠯᠠᠭᠠᠳ ᠬᠤᠪᠢ ᠶᠢᠨ ᠨᠢᠭᠤᠷ ᠲᠠᠯ᠎ᠠ ᠶᠢ ᠤᠬᠳᠤ ᠬᠠᠷᠠᠬᠤ ᠦᠬᠡᠢ᠃ 1977 ᠤᠨ ᠤ10 ᠳ᠋ᠤᠭᠠᠷ ᠰᠠᠷ᠎ᠠ ᠳᠤ ᠲᠡᠷᠡ ᠬᠠᠯᠢᠭᠤᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠤᠯᠤᠨ ᠬᠤᠪᠢᠰᠬᠠᠯ ᠤᠨ ᠵᠦᠪᠯᠡᠯ  ᠤᠨ ᠡᠷᠬᠢᠯᠡᠭᠴᠢ ᠪᠠᠷ ᠲᠤᠮᠢᠯᠠᠭᠳᠠᠵᠤ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠬᠠᠯᠢᠭᠤᠳᠤ ᠪᠠᠯᠭᠠᠰᠤᠨ ᠤ ᠪᠦᠬᠦᠶᠢᠯᠡ ᠴᠤᠭᠴᠠ ᠶᠢᠨ ᠭᠦᠭᠵᠢᠯᠳᠡ ᠶᠢᠨ ᠲᠦᠯᠤᠪᠵᠢᠬᠦᠯᠬᠡ ᠶᠢ ᠲᠤᠭᠳᠠᠭᠠᠵᠤ᠂ ᠵᠡᠭᠡᠯᠢ ᠭᠤᠳᠤᠮᠵᠢ ᠶᠢᠨ ᠴᠡᠪᠡᠷᠯᠡᠭᠦ ᠲᠤᠭᠤᠶᠢᠯᠠᠩ ᠢ ᠵᠤᠬᠢᠶᠠᠨ ᠪᠠᠶᠢᠭᠤᠯᠤᠨ᠂ ᠰᠠᠭᠤᠭᠠᠯᠢ ᠠᠷᠠᠳ ᠤᠨ ᠵᠦᠪᠯᠡᠯ ᠢ ᠴᠡᠭᠴᠡᠯᠡᠵᠦ᠂ ᠬᠤᠳᠠ ᠪᠠᠯᠭᠠᠰᠤᠨ ᠤ ᠨᠡᠶᠢᠭᠡᠮ ᠤᠨ ᠠᠰᠠᠷᠠᠮᠵᠢ ᠶᠢᠨ ᠤᠶᠢᠯᠡᠰ ᠢ ᠢᠳᠡᠪᠬᠢᠳᠡᠢ ᠭᠦᠭᠵᠢᠭᠦᠯᠤᠨ᠂ ᠬᠠᠯᠢᠭᠤᠳᠤ ᠪᠠᠯᠭᠠᠰᠤ ᠶᠢ ᠪᠤᠯᠪᠠᠰᠤᠨ ᠪᠠᠯᠭᠠᠰᠤ ᠪᠤᠯᠭᠠᠨ ᠪᠠᠶᠢᠭᠤᠯᠬᠤ ᠠᠵᠢᠯ ᠳᠤ ᠰᠠᠭᠤᠷᠢ ᠲᠠᠯᠪᠢᠵᠤ ᠦᠭᠭᠦᠭᠰᠡᠨ ᠶᠤᠮ᠃ 1978 ᠤᠨ ᠤ 10 ᠳ᠋ᠤᠭᠠᠷ ᠰᠠᠷ᠎ᠠ ᠳᠤ ᠲᠡᠷᠡ ᠪᠠᠶᠠᠨᠬᠠᠳᠠᠢ ᠨᠢᠭᠡᠳᠤᠯ ᠤᠨ ᠨᠠᠮ ᠤᠨ ᠬᠤᠷᠢᠶᠠᠨ ᠤ ᠱᠦᠵᠢ ᠪᠠᠷ ᠲᠤᠮᠢᠯᠠᠭᠳᠠᠭᠰᠠᠨ ᠤ ᠬᠤᠶᠢᠨ᠎ᠠ᠂ ᠤᠯᠠᠨ ᠲᠦᠮᠡᠨ ᠢ ᠲᠠᠶᠢᠴᠢᠯᠠᠨ ᠨᠤᠳᠤᠭ ᠪᠡᠯᠴᠢᠭᠡᠷ ᠤᠨ ᠦᠨᠳᠤᠰᠤᠨ ᠪᠦᠳᠤᠭᠡᠨ ᠪᠠᠶᠢᠭᠤᠯᠤᠯᠳᠠ ᠶᠢ ᠶᠡᠬᠡᠪᠡᠷ ᠬᠢᠵᠤ᠂ ᠤᠰᠤᠨ ᠠᠰᠢᠭᠯᠠᠯᠳᠠ  ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠲᠠᠢ ᠲᠡᠮᠡᠴᠡᠭᠦ ᠴᠢᠳᠡᠪᠤᠷᠢ ᠪᠠᠨ ᠲᠡᠭᠡᠭᠰᠢᠯᠡᠭᠦᠯᠪᠡ᠃ ᠲᠡᠭᠦᠨ ᠤ ᠠᠪᠤᠭᠰᠠᠨ ᠠᠷᠭ᠎ᠠ ᠨᠢ ᠵᠤᠬᠢᠰ ᠲᠠᠢ ᠪᠠᠶᠢᠭᠰᠠᠨ ᠠᠴᠠ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠬᠤᠶᠢᠰᠢᠳᠠ ᠶᠢᠨ ᠬᠦᠭᠵᠢᠯᠳᠡ ᠶᠢᠨ ᠭᠦᠴᠦᠨ ᠴᠢᠳᠡᠪᠤᠷᠢ ᠶᠢ ᠲᠡᠭᠡᠭᠰᠢᠯᠡᠭᠦᠯᠵᠦ᠂ ᠮᠠᠯᠴᠢᠨ ᠲᠦᠮᠡᠨ ᠤ ᠢᠳᠡᠭᠡᠯ ᠭᠦᠷᠢᠶᠡᠯᠡᠯ ᠢ ᠤᠯᠤᠭᠰᠠᠨ ᠪᠠᠶᠢᠨ᠎ᠠ᠃ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠡᠷᠡ ᠬᠤᠪᠢᠨ ᠳᠠᠭᠠᠨ ᠨᠢᠬᠡ ᠮᠠᠯ ᠴᠦ ᠦᠯᠡᠳᠡᠭᠡᠭᠰᠡᠨ ᠦᠬᠡᠢ᠂ ᠵᠢᠯ ᠪᠦᠷᠢ ᠶᠢᠨ ᠦᠬᠦᠴᠡᠨ ᠤ ᠦᠶ᠎ᠡ ᠳᠤ ᠦᠨ᠎ᠡ ᠬᠠᠩᠰᠢ ᠶᠤᠰᠤ ᠪᠠᠷ ᠮᠠᠯ ᠮᠢᠬ᠎ᠠ ᠬᠤᠳᠠᠯᠳᠤᠨ ᠠᠪᠳᠠᠭ ᠤᠴᠢᠷ ᠠᠴᠠ ᠵᠠᠷᠢᠮ ᠬᠦᠮᠤᠰ ᠲᠡᠭᠦᠨ ᠢ ᠤᠶᠢᠯᠠᠭᠠᠵᠤ ᠶᠠᠳᠠᠳᠠᠭ ᠪᠢᠯᠡ᠃ ᠲᠡᠷᠡ ᠵᠢᠷᠠᠭᠠᠳ ᠤᠨ ᠠᠴᠠ ᠠᠪᠤᠭᠠᠳ ᠪᠠᠶᠢᠭᠤᠯᠤᠯᠭ᠎ᠠ ᠠᠴᠠ ᠬᠤᠪᠢᠶᠠᠭᠰᠠᠨ ᠠᠷᠪᠠᠭᠠᠳ ᠲᠡᠭᠰᠢ ᠲᠦᠷᠪᠡᠯᠵᠢᠨ ᠮᠧᠲᠷ ᠤᠨ ᠨᠢᠭᠡ ᠲᠠᠰᠤᠯᠭ᠎ᠠ ᠰᠢᠪᠡᠷ ᠪᠠᠶᠢᠰᠢᠩ ᠳᠤ ᠲᠦᠷᠪᠡᠨ ᠠᠮᠠ ᠭᠦᠮᠤᠨ ᠰᠢᠬᠠᠯᠳᠤᠨ ᠰᠠᠭᠤᠵᠤ᠂ ᠴᠢᠨᠠᠭᠰᠢᠯᠠᠪᠡᠯ ᠤᠳᠠᠭᠠᠨ ᠵᠢᠯ ᠡᠪᠡᠳᠴᠢᠯᠡᠭᠰᠡᠨ ᠡᠬᠡᠨᠡᠷ ᠨᠢ ᠨᠠᠰᠤ ᠪᠠᠷᠠᠳᠠᠯ᠎ᠠ ᠲᠤᠰ ᠪᠠᠶᠢᠰᠢᠩ ᠢᠶᠠᠨ ᠬᠤᠪᠢᠷᠠᠭᠤᠯᠵᠤ ᠴᠢᠳᠠᠭᠰᠠᠨ ᠦᠬᠡᠢ᠃ 1981 ᠤᠨ ᠪᠤᠯᠬᠤ ᠳᠤ ᠰᠠᠶ᠋ᠢ ᠨᠢᠭᠡ ᠲᠤᠳᠤᠷ᠎ᠠ ᠭᠠᠳᠠᠨ᠎ᠠ ᠦᠷᠤᠬᠡ ᠲᠠᠢ ᠰᠢᠪᠠᠷ ᠪᠠᠶᠢᠰᠢᠩ ᠳᠤ ᠨᠡᠭᠦᠵᠤ ᠤᠷᠤᠵᠠᠢ᠃ ᠡᠨᠡᠭᠦ ᠬᠤᠭᠤᠴᠠᠭᠠᠨ ᠳᠤ᠂ ᠲᠡᠷᠡ ᠴᠦᠬᠡᠨ ᠪᠤᠰᠤ ᠭᠦᠮᠤᠰ ᠲᠤ ᠪᠠᠶᠢᠰᠢᠩ ᠲᠤᠬᠢᠷᠠᠭᠤᠯᠵᠤ ᠦᠭᠭᠦᠭᠰᠡᠨ ᠪᠤᠯᠪᠠᠴᠦ ᠬᠤᠪᠢᠨ  ᠳᠠᠭᠠᠨ ᠶᠡᠭᠡ ᠰᠢᠭ ᠪᠠᠶᠢᠰᠢᠩ ᠰᠤᠯᠢᠵᠤ ᠠᠪᠬᠤ ᠪᠤᠳᠤᠯ ᠶᠡᠷᠤ ᠲᠦᠷᠦᠭᠳᠡᠭᠰᠡᠨ ᠦᠬᠡᠢ ᠪᠢᠯᠡ᠃ 1982 ᠤᠨ ᠤ 4 ᠳ᠋ᠤᠭᠡᠷ ᠰᠠᠷ᠎ᠠ ᠳᠤ ᠲᠡᠷᠡ ᠮᠠᠯ ᠠᠵᠤ ᠠᠬᠤᠢ  ᠶᠢᠨ ᠲᠤᠪᠴᠢᠶᠠᠨ ᠤ ᠲᠠᠷᠤᠭ᠎ᠠ ᠪᠠᠷ ᠲᠤᠮᠢᠯᠠᠭᠳᠠᠪᠡ᠃ ᠲᠡᠭᠡᠳᠤ ᠱᠠᠳᠤᠨ ᠠᠴᠠ ᠪᠠᠶᠢᠰᠢᠩ ᠪᠠᠷᠢᠬᠤ ᠰᠤᠶᠢᠳᠭᠡᠯ ᠪᠠᠭᠤᠯᠭᠠᠬᠤ ᠦᠶ᠎ᠡ ᠳᠤ ᠲᠡᠭᠦᠨ ᠳᠤ ᠪᠠᠶᠢᠰᠢᠩ ᠦᠭᠭᠦ  ᠪᠠᠷ ᠪᠤᠯᠵᠠᠢ᠂ ᠬᠡᠳᠡᠯ᠎ᠡ ᠲᠡᠷᠡ ᠪᠠᠶᠢᠰᠢᠩ ᠪᠠᠷᠢᠬᠤ ᠪᠠᠷᠢᠮᠵᠢᠶ᠎ᠡ ᠶᠢ ᠡᠷᠡᠰ ᠴᠢᠩᠭ᠎ᠠ ᠪᠠᠷᠢᠮᠳᠠᠯᠠᠭᠰᠠᠨ ᠢᠶᠠᠷ ᠦᠯᠤ ᠪᠠᠷᠠᠨ ᠦᠪᠡᠷ ᠤᠨ ᠪᠠᠶᠢᠰᠢᠩ ᠪᠠᠷᠢᠬᠤ ᠬᠡᠰᠡᠭ ᠵᠤᠭᠤᠰ  ᠢᠶᠠᠨ ᠭᠠᠷᠭᠠᠵᠤ᠂ ᠨᠢᠭᠡ ᠠᠵᠢᠯ ᠠᠴᠠ ᠪᠠᠨ ᠪᠠᠭᠤᠭᠰᠠᠨ ᠠᠬᠠᠮᠠᠳ ᠺᠠᠳ᠋ᠷ ᠲᠤ ᠪᠠᠶᠢᠰᠢᠩ ᠪᠠᠷᠢᠵᠤ ᠦᠭᠭᠦᠭᠰᠡᠨ ᠶᠤᠮ᠃ 1984 ᠤᠨ ᠤ 1 ᠳ᠋ᠤᠭᠡᠷ ᠰᠠᠷ᠎ᠠ ᠳᠤ᠂ ᠲᠡᠷᠡ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠠᠷ ᠲᠠᠪᠰᠢᠭᠰᠠᠨ ᠪᠤᠯᠪᠠᠴᠦ ᠮᠦᠨ ᠯᠡ ᠵᠢᠷ ᠤᠨ ᠨᠢᠭᠡᠨ ᠡᠪ ᠬᠠᠮᠳᠤ ᠨᠠᠮ ᠤᠨ ᠭᠡᠰᠢᠭᠦᠨ ᠤ ᠤᠭ ᠴᠢᠨᠡᠷ ᠢᠶᠠᠨ ᠪᠠᠷᠢᠮᠳᠠᠯᠠᠳᠠᠭ ᠪᠤᠯᠬᠤᠷ ᠦᠷᠭᠡᠨ ᠤᠯᠠᠨ ᠲᠦᠮᠡᠨ ᠤ ᠰᠠᠶᠢᠰᠢᠶᠠᠯ ᠢ ᠤᠯᠤᠭᠰᠠᠨ ᠶᠤᠮ᠃ 1987 ᠤᠨ ᠤ 12 ᠳ᠋ᠤᠭᠠᠷ ᠰᠠᠷ᠎ᠠ ᠳᠤ ᠲᠠᠷᠠ ᠠᠵᠢᠯ ᠤᠨ ᠠᠮᠠᠷᠠᠯᠳᠠ ᠠᠪᠤᠪᠡ᠃ ᠭᠡᠳᠡᠯ᠎ᠡ ᠲᠡᠷᠡ ᠦᠪᠡᠷ ᠢ ᠪᠠᠨ ᠮᠦᠨ ᠯᠡ ᠦᠨᠳᠤᠷ ᠪᠠᠷᠢᠮᠵᠢᠶ᠎ᠡ ᠪᠠᠷ ᠴᠢᠩᠭ᠎ᠠ ᠱᠠᠭᠠᠷᠳᠠᠵᠤ᠂ ᠦᠳᠡᠯᠤᠭᠡ ᠨᠠᠰᠤ ᠪᠠᠨ ᠦᠩᠭᠡᠷᠡᠭᠦᠯᠦᠭᠰᠡᠨ ᠪᠢᠯᠡ᠃ 1988 ᠤᠨ ᠳᠤ ᠲᠡᠷᠡ ᠬᠦᠨᠳᠤ ᠡᠪᠡᠳᠴᠢᠯᠡᠭᠰᠡᠨ ᠪᠤᠯᠪᠠᠴᠦ ᠡᠳᠤᠷ ᠪᠤᠯᠭᠠᠨ ᠲᠠᠶᠠᠭ ᠲᠤᠯᠵᠤ ᠡᠮᠨᠡᠯᠭᠡ ᠶᠢᠨ ᠬᠤᠷᠢᠶᠠᠨ ᠳᠤ ᠬᠦᠷᠴᠦ ᠡᠮ ᠠᠪᠬᠤ ᠶᠢ ᠪᠠᠷᠢᠮᠳᠠᠯᠠᠨ᠂ ᠵᠠᠮ ᠳᠠᠭᠠᠨ ᠭᠤᠷᠪᠡ ᠲᠦᠷᠪᠡ ᠠᠮᠠᠷᠠᠭᠠᠳ ᠰᠠᠶ᠋ᠢ ᠡᠮᠨᠡᠯᠭᠡ ᠳᠤ ᠬᠦᠷᠳᠡᠭ ᠶᠤᠮ᠃ ᠬᠡᠤᠬᠡᠳ  ᠤᠳ ᠨᠢ ᠲᠡᠭᠦᠨ ᠢ ᠠᠬᠠᠮᠠᠳ ᠺᠠᠳ᠋ᠷ ᠤᠨ ᠲᠤᠪᠴᠢᠶᠠᠨ ᠠᠴᠠ ᠲᠡᠷᠭᠡ ᠠᠪᠴᠦ ᠬᠦᠷᠭᠡᠭᠦᠯᠭᠦ ᠶᠢ ᠱᠠᠭᠠᠷᠳᠠᠭᠰᠠᠨ ᠪᠤᠯᠪᠠᠴᠦ ᠲᠡᠷᠡ ᠮᠦᠨ ᠯᠠ ᠦᠪᠡᠷ ᠢᠶᠠᠨ ᠶᠠᠪᠤᠵᠤ ᠤᠴᠢᠬᠤ ᠶᠢ ᠪᠠᠷᠢᠮᠳᠠᠯᠠᠵᠤ ᠪᠠᠶᠢᠪᠡ᠃ 1989 ᠤᠨ ᠳᠤ ᠲᠡᠭᠦᠨ ᠤ ᠡᠪᠡᠳᠴᠢᠨ ᠨᠢ ᠬᠦᠨᠳᠦᠷᠡᠵᠦ᠂ ᠡᠮᠴᠢ ᠴᠢᠰᠤ ᠶᠡᠬᠦᠯᠡᠬᠦ ᠵᠠᠰᠠᠯᠭ᠎ᠠ ᠬᠢᠬᠦ ᠬᠡᠰᠡᠨ ᠳᠤ ᠲᠡᠷᠡ ᠦᠪᠡᠷ ᠤᠨ ᠡᠪᠡᠳᠴᠢᠨ ᠢᠶᠠᠨ ᠡᠳᠡᠭᠡᠷᠡᠰᠢ ᠦᠬᠡᠢ ᠡᠮᠵᠡᠭ ᠬᠡᠳᠡᠭ ᠢᠶᠠᠨ ᠤᠯᠵᠤ ᠮᠡᠳᠡᠭᠡᠳ᠄《 ᠪᠢ ᠪᠤᠯ ᠡᠪ ᠬᠠᠮᠳᠤ ᠨᠡᠮ ᠤᠨ ᠬᠦᠮᠦᠨ᠂ ᠮᠢᠨᠤ ᠬᠢᠭᠰᠡᠨ ᠠᠵᠢᠯ ᠢ ᠨᠠᠮ ᠪᠡ ᠲᠦᠷᠦ ᠭᠦᠷᠦᠨ ᠠᠴᠠ ᠨᠠᠳᠠᠳᠤ ᠦᠭᠭᠦᠭᠰᠡᠨ ᠲᠠᠢ ᠠᠳᠠᠯᠢᠳᠬᠠᠪᠡᠯ ᠪᠠᠰᠠ ᠶᠡᠭᠡ ᠵᠦᠷᠢᠶ᠎ᠡ ᠲᠠᠢ ᠪᠠᠶᠢᠨ᠎ᠠ᠂ ᠪᠢ ᠶᠠᠭᠠᠬᠢᠭᠰᠠᠨ ᠴᠦ ᠴᠢᠰᠤ ᠶᠡᠭᠦᠯᠡᠵᠤ ᠤᠯᠤᠰ ᠭᠡᠷ ᠤᠨ ᠲᠠᠷᠤᠭᠠᠰᠤ ᠶᠢ ᠭᠦᠨᠳᠤᠷᠡᠭᠦᠯᠭᠦ ᠦᠬᠡᠢ︕》ᠬᠡᠵᠤ ᠰᠡᠳᠬᠢᠯ ᠰᠢᠮᠰᠢᠷᠡᠵᠤ ᠬᠡᠯᠡᠭᠰᠡᠨ ᠪᠢᠯᠡ᠃ ᠲᠡᠭᠦᠨᠴᠡ ᠬᠤᠶᠢᠰᠢ ᠲᠡᠷᠡ ᠨᠠᠰᠤ ᠪᠠᠷᠠᠳᠠᠯ᠎ᠠ ᠪᠠᠨ ᠲᠠᠬᠢᠨ ᠴᠢᠰᠤ ᠶᠡᠬᠦᠯᠡᠭᠰᠡᠨ ᠦᠬᠡᠢ᠂ ᠡᠮᠨᠡᠯᠭᠡ ᠶᠢᠨ ᠬᠤᠷᠢᠶ᠎ᠠ ᠰᠢᠯᠵᠢᠵᠤ ᠡᠮᠨᠡᠭᠦᠯᠭᠦ ᠱᠠᠭᠠᠷᠳᠠᠯᠭ᠎ᠠ ᠴᠦ ᠲᠠᠯᠪᠢᠭᠰᠠᠨ ᠦᠬᠡᠢ᠂ ᠲᠡᠷᠡ ᠵᠤᠬᠢᠶᠠᠨ ᠪᠠᠶᠢᠭᠤᠯᠤᠯᠳᠠ ᠪᠤᠯᠤᠨ ᠦᠷ᠎ᠡ ᠬᠡᠤᠬᠡᠳ ᠲᠡᠭᠡᠨ᠄ ᠨᠠᠰᠤ ᠡᠴᠤᠰᠯᠡᠭᠰᠡᠨ ᠤ ᠬᠤᠶᠢᠨ᠎ᠠ ᠭᠠᠰᠢᠭᠤᠳᠠᠯ ᠤᠨ ᠬᠤᠷᠠᠯ ᠬᠢᠬᠦ ᠦᠬᠡᠢ᠂ ᠪᠦᠷᠢᠯᠭᠡᠨ ᠰᠤᠶᠢᠳᠬᠡᠵᠤ ᠪᠤᠯᠬᠤ ᠦᠬᠡᠢ᠂ ᠠᠯᠢᠪᠡ ᠤᠴᠢᠷ ᠶᠠᠪᠤᠳᠠᠯ  ᠢ ᠲᠦᠭᠦᠮᠴᠢᠯᠡᠭᠦ ᠬᠡᠷᠡᠭᠳᠡᠢ︔ ᠱᠠᠷᠢᠯ ᠢ ᠬᠠᠶᠢᠯᠠᠭᠤᠯᠤᠬᠰᠠᠠ ᠤ ᠬᠤᠶᠢᠨ᠎ᠠ ᠠᠵᠢᠯᠯᠠᠵᠤ ᠠᠮᠢᠳᠤᠷᠠᠵᠤ ᠦᠩᠭᠡᠷᠡᠭᠰᠡᠨ ᠰᠢᠷᠡᠭᠡ ᠶᠢᠨ ᠠᠭᠤᠯᠠᠨ ᠳᠤ ᠰᠠᠴᠤᠭᠠᠷᠠᠢ ᠬᠡᠵᠤ ᠲᠤᠷᠠᠳᠴᠠᠢ᠃ 1989 ᠤᠨ ᠤ 11 ᠳ᠋ᠤᠭᠡᠷ ᠰᠠᠷ᠎ᠠ ᠶᠢᠨ 12 ᠤᠨ ᠰᠦᠨᠢ᠂ ᠲᠡᠷᠡ ᠵᠤᠯ ᠪᠤᠰᠤ ᠪᠠᠷ ᠡᠪᠡᠳᠴᠢᠨ ᠢᠶᠠᠷ ᠨᠠᠰᠤ ᠪᠠᠷᠠᠪᠡ᠂ 62 ᠨᠠᠰᠤᠳᠠᠢ᠃     ᠮᠸᠢ ᠶᠢᠨ ᠱᠠᠨ ᠨᠠᠰᠤ ᠪᠠᠷᠠᠭᠰᠠᠨ   ᠤ ᠬᠤᠶᠢᠨ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠠᠳ ᠤᠨ ᠲᠤᠮᠳᠠᠳᠤ ᠬᠤᠰᠢᠭᠤᠨ ᠤ ᠬᠤᠷᠢᠶᠠᠨ ᠠᠴᠠ ᠪᠦᠬᠦ  ᠬᠤᠰᠢᠭᠤᠨ ᠤ ᠡᠪ ᠬᠠᠮᠳᠤ ᠨᠠᠮ ᠤᠨ ᠭᠡᠰᠢᠭᠦᠨ ᠮᠸᠢ ᠶᠢᠨ ᠱᠠᠨ ᠨᠦᠭᠦᠷ ᠠᠴᠠ ᠰᠤᠷᠤᠯᠴᠠᠳᠤᠭᠠᠢ ᠬᠡᠵᠤ ᠤᠷᠢᠶᠠᠯᠠᠭᠰᠠᠨ ᠪᠠᠶᠢᠨ᠎ᠠ᠃                                            ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ