【ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠬᠠᠨ ᠶᠠᠷᠢᠶ᠎ᠠ 】᠄ ᠤᠷᠠᠳ ᠤᠨ ᠳᠤᠮᠳᠠᠳᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ — ︽ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠯᠤᠰ ᠤᠨ ᠲᠤᠭ ᠤᠨ ᠳᠣᠣᠷᠠᠬᠢ ᠦᠵᠡᠯ ᠰᠠᠨᠠᠭ᠎ᠠ ᠤᠯᠤᠰ ᠲᠥᠷᠥ ᠶᠢᠨ ᠠᠩᠬᠠᠨ ᠤ ᠬᠢᠴᠢᠶᠡᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/28
    ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠤ᠂ ᠳᠤᠮᠳᠠᠳᠤ  ᠶᠢᠨ ᠦᠨᠳᠦᠰᠦᠲᠡᠨ  ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ  ᠤ ᠪᠦᠯᠬᠦᠮᠳᠡᠯ ᠲᠠᠪᠰᠢᠯᠳᠠ  ᠶᠢᠨ ᠵᠢᠱᠢᠶ᠎ᠡ ᠦᠵᠡᠭᠦᠯᠬᠦ ᠬᠤᠳᠠ  ᠶᠢ ᠡᠭᠦᠳᠦᠨ ᠪᠠᠶᠢᠭᠤᠯᠬᠤ ᠪᠦᠬᠦ ᠬᠤᠳᠠ ᠶᠢᠨ ᠠᠵᠢᠯ ᠳᠤ ᠬᠦᠴᠦ ᠨᠡᠮᠡᠷᠢᠯᠡᠬᠦ ᠶᠢᠨ ᠲᠦᠯᠦᠭᠡ᠂ 8 ᠰᠠᠷ᠎ᠠ  ᠶᠢᠨ 26 ᠤ ᠡᠳᠦᠷ᠂ 2024 ᠣᠨ ᠤ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠩᠬᠠᠨ ᠤ ᠡᠳᠦᠷ ᠲᠤ᠂ ᠤᠷᠠᠳ  ᠤᠨ ᠳᠤᠮᠳᠠᠳᠤ ᠬᠤᠰᠢᠭᠤᠨ ᠤ ᠪᠦᠬᠦ ᠬᠤᠰᠢᠭᠤᠨ ᠤ ᠬᠡᠪᠴᠢᠶᠡᠨ ᠳᠠᠬᠢ 16 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ  ᠤᠨ ᠴᠡᠴᠡᠷᠯᠢᠭ ᠲᠣᠰ ᠲᠣᠰ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤ ᠴᠣᠭᠴᠠᠯᠠᠬᠤ — ︽ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠯᠤᠰ  ᠤᠨ ᠲᠤᠭ  ᠤᠨ ᠳᠣᠣᠷᠠᠬᠢ ᠦᠵᠡᠯ ᠰᠠᠨᠠᠭ᠎ᠠ ᠤᠯᠤᠰ ᠲᠥᠷᠥ  ᠶᠢᠨ ᠠᠩᠬᠠᠨ ᠤ ᠬᠢᠴᠢᠶᠡᠯ︾ ᠤᠨ ᠠᠵᠢᠯᠯᠠᠭ᠎ᠠ ᠥᠷᠨᠢᠭᠦᠯᠪᠡ᠃    ᠡᠯ᠎ᠡ ᠬᠡᠤᠬᠡᠳ ᠤᠨ ᠴᠡᠴᠡᠷᠯᠢᠭ᠂ ᠰᠤᠷᠭᠠᠭᠤᠯᠢ  ᠶᠢᠨ ᠵᠠᠬᠢᠷᠤᠯ ᠨᠠᠷ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ  ᠪᠠᠨ ᠦᠪᠡᠷ ᠦᠪᠡᠷ ᠤᠨ ᠣᠨᠴᠠᠯᠢᠭ  ᠲᠠᠢ ᠦᠵᠡᠯ ᠰᠠᠨᠠᠭ᠎ᠠ ᠤᠯᠤᠰ ᠲᠦᠷᠦ  ᠶᠢᠨ ᠬᠢᠴᠢᠶᠡᠯ ᠬᠥᠮᠦᠵᠢᠯ ᠢ ᠠᠮᠢᠳᠤᠯᠢᠭ ᠰᠠᠶᠢᠬᠠᠨ ᠶᠠᠪᠤᠭᠳᠠᠭᠤᠯᠵᠠᠢ᠃ ᠬᠤᠰᠢᠭᠤᠨ ᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ  ᠤᠨ ᠳᠠᠷᠤᠭ᠎ᠠ ᠪᠦᠷᠢᠨ᠂ ᠰᠤᠷᠭᠠᠨ ᠬᠥᠮᠦᠵᠢᠯ ᠤᠨ ᠲᠣᠪᠴᠢᠶᠠᠨ ᠤ ᠪᠠᠶᠢᠭᠤᠯᠭ᠎ᠠ ᠶᠢᠨ ᠨᠠᠮ  ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠠᠩ ᡁᠢ ᠨᠠᠷ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ︽ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠯᠤᠰ  ᠤᠨ ᠲᠤᠭ  ᠤᠨ ᠳᠣᠣᠷᠠᠬᠢ ᠦᠵᠡᠯ ᠰᠠᠨᠠᠭ᠎ᠠ ᠤᠯᠤᠰ ᠲᠥᠷᠥ  ᠶᠢᠨ ᠠᠩᠬᠠᠨ ᠤ ᠬᠢᠴᠢᠶᠡᠯ︾ ᠤᠨ ᠠᠬᠤᠢ ᠲᠠᠯᠠᠪᠠᠢ ᠳᠤ ᠲᠣᠭᠤᠷᠢᠨ ᠦᠵᠡᠪᠡ᠃ ᠤᠯᠤᠰ  ᠤᠨ ᠲᠤᠭ ᠤᠨ ᠳᠣᠣᠷᠠᠬᠢ ᠦᠵᠡᠯ ᠰᠠᠨᠠᠭ᠎ᠠ ᠤᠯᠤᠰ ᠲᠥᠷᠥ  ᠶᠢᠨ ᠬᠢᠴᠢᠶᠡᠯ ᠬᠦᠮᠦᠵᠢᠯ ᠨᠢ ᠪᠠᠭᠰᠢ ᠰᠣᠷᠣᠭᠴᠢᠳ ᠤᠨ ᠬᠠᠯᠠᠭᠤᠨ ᠬᠦᠷᠢᠶᠡᠯᠡᠯ ᠢ ᠣᠯᠵᠣ ᠪᠠᠶᠢᠯ᠎ᠠ᠃ ᠲᠤᠰ ᠤᠳᠠᠭᠠᠨ ᠤ ᠠᠵᠢᠯᠯᠠᠭ᠎ᠠ  ᠨᠢ᠂ ᠰᠢᠨ᠎ᠡ ᠰᠤᠷᠤᠯᠭ᠎ᠠ ᠶᠢᠨ ᠬᠤᠭᠤᠴᠠᠭᠠᠨ  ᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ︾ ᠤᠨ ᠰᠣᠷᠭᠠᠨ ᠬᠦᠮᠦᠵᠢᠯ ᠤᠨ ᠴᠢᠳᠠᠮᠵᠢ  ᠶᠢ ᠭᠦᠢᠴᠡᠳ ᠪᠠᠳᠠᠷᠠᠭᠤᠯᠵᠤ᠂ ︽ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ  ᠢᠶᠠᠨ ᠨᠢᠭᠡᠳᠬᠡᠵᠦ ᠳᠤᠮᠳᠠᠳᠤ  ᠶᠢᠨ ᠬᠦᠰᠡᠯ ᠵᠡᠭᠦᠳᠦ  ᠪᠠᠨ ᠬᠠᠮᠲᠤᠪᠠᠷ ᠲᠡᠷᠭᠡᠯᠰᠢᠭᠦᠯᠬᠦ ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠤᠷᠤᠭᠴᠢ ᠬᠡᠤᠬᠡᠳ ᠤᠳ ᠲᠤ ᠦᠵᠡᠯ ᠰᠠᠨᠠᠭᠠᠨ  ᠤ ᠲᠠᠯ᠎ᠠ ᠪᠠᠷ ᠭᠦᠨᠵᠡᠭᠡᠢ ᠬᠥᠮᠦᠵᠢᠯ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠰᠡᠳᠬᠢᠯ ᠤᠨ ᠣᠭ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠮᠡᠳᠡᠷᠡᠭᠦᠯᠵᠦ᠂ ᠰᠤᠷᠤᠭᠴᠢ ᠬᠡᠤᠬᠡᠳ ᠤᠨ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ  ᠶᠢ ᠨᠡᠮᠡᠭᠳᠡᠭᠦᠯᠵᠦ᠂ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠡᠳᠬᠢᠯ ᠵᠢᠷᠦᠬᠡᠨ ᠳᠤ ᠪᠠᠨ ᠬᠠᠲᠠᠩᠰᠢᠭᠤᠯᠵᠤ᠂ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠬᠠᠮᠠᠭᠠᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠶᠢ ᠠᠬᠢᠭᠤᠯᠪᠠ᠃
333.png
 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ