8 ᠰᠠᠷ᠎ᠠ ᠶᠢᠨ 12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠦᠦ ᠯᠢᠨ ᠪᠦᠯᠬᠦᠮ | ᠳᠠᠭᠠᠭᠤᠯᠤᠨ ᠥᠪᠥᠷ ᠮᠣᠩᠭᠤᠯ ᠤᠨ ᠪᠸᠢ ᠫᠢᠩ ᠨᠡᠬᠡᠮᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠶᠠᠷ ᠪᠣᠭᠲᠠ ᠠᠭᠤᠯᠠ ᠶᠢᠨ ᠮᠠᠯᠵᠢᠯ ᠤᠨ ᠲᠠᠯᠠᠪᠠᠶ ᠳᠤ | ᠭᠦᠨᠵᠡᠭᠡᠶᠢᠷᠡᠨ᠂ ᠪᠥᠬᠦ ᠬᠤᠰᠢᠭᠤᠨ ᠤ ᠴᠠᠭᠠᠨ ᠨᠣᠯᠤᠤᠷ ᠤᠨ ᠢᠮᠠᠭᠠᠨ ᠤ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠠ᠃ ᠪᠦᠦ ᠯᠢᠨ ᠠᠴᠠ᠂ ᠡᠯ᠎ᠡ ᠰᠠᠯᠠᠭ᠎ᠠ ᠮᠥᠴᠢᠷ ᠦᠢᠯᠡᠴᠢᠯᠡᠭᠡᠨ ᠤ ᠤᠬᠠᠮᠰᠠᠷ ᠢᠶᠠᠨ ᠪᠠᠲᠤ ᠪᠠᠬᠢᠵᠢᠬᠦᠯᠵᠦ᠂ ᠬᠥᠭᠵᠢᠯᠲᠡ ᠶᠢᠨ ᠲᠥᠯᠥᠪᠵᠢᠭᠦᠯᠭᠡ | ᠶᠢᠨ ᠵᠢᠷᠤᠭ ᠲᠥᠯᠥᠪᠯᠡᠭᠡ᠂ ᠴᠢᠳᠠᠪᠤᠷᠢᠲᠠᠨ ᠢ ᠣᠷᠢᠨ ᠬᠦᠮᠦᠵᠢᠭᠦᠯᠬᠦ᠂ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠵᠦ ᠥᠷᠭᠡᠳᠬᠡᠬᠦ ᠵᠡᠷᠭᠡ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠡᠩ ᠣᠨᠣᠪᠴᠢᠲᠠᠢ᠂ ᠥᠨᠳᠥᠷ ᠪᠦᠲᠦᠮᠵᠢᠲᠡᠢ᠂ ᠪᠣᠳᠠᠲᠠᠢ ᠶᠢ ᠡᠷᠬᠢᠮᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠰᠢᠢᠳᠪᠦᠷᠢᠯᠡᠵᠦ ᠥᠭᠬᠦ ᠬᠡᠷᠡᠭᠲᠡᠢ᠃ ᠮᠦᠨᠴᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠣᠳᠤᠯᠭ᠎ᠠ ᠶᠢ | ᠬᠡᠷᠡᠭᠵᠢᠬᠦᠯᠵᠦ ᠠᠵᠤ ᠠᠬᠤᠶᠢᠯᠠᠯ ᠢ ᠬᠠᠪᠰᠤᠷᠤᠨ ᠲᠡᠳᠬᠦᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠮᠠᠭᠠᠨ | ᠨᠤᠯᠤᠤᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ |