ᠭᠠᠭᠴᠠᠮᠣᠳᠤ ᠬᠢᠯᠢ ᠶᠢᠨ ᠪᠣᠭᠤᠮᠲᠠ ᠶᠢᠨ ᠬᠠᠭᠤᠴᠢᠨ ᠠᠮᠢᠳᠤᠷᠠᠯ ᠤᠨ  ᠲᠣᠭᠤᠷᠢᠭ ᠤᠨ  ᠥᠭᠡᠷᠡᠴᠢᠯᠡᠯᠲᠡ ᠶᠢᠨ ᠲᠣᠷᠤᠯ ᠵᠦᠢᠯ ᠤᠨ ᠲᠠᠲᠠᠪᠤᠷᠢᠯᠠᠭᠳᠠᠭᠰᠠᠨ ᠡᠷᠦᠬᠡ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/9/2
ᠡᠯ᠎ᠡ ᠬᠠᠮᠢᠶ᠎ᠠ ᠪᠦᠬᠦᠢ ᠭᠠᠵᠠᠷ ᠰᠢᠷᠣᠢ ᠶᠢᠨ ᠡᠷᠬᠡᠲᠦ ᠬᠥᠮᠥᠨ᠄    ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠵᠢᠨ‌ᠬᠠᠮᠢᠶᠠᠷᠤᠯᠳᠠ  ᠶᠢᠨ ᠬᠠᠤᠯᠢ︾ ᠶᠢᠨ  ᠲᠠᠪᠢᠨ ᠨᠠᠢᠮᠠᠳᠤᠭᠠᠷ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠰᠢᠯᠵᠢᠭᠦᠯᠦᠨ ᠥᠭᠬᠦ  ᠶᠢᠨ ᠲᠦᠷ ᠬᠡᠷᠡᠭᠵᠢᠭᠦᠯᠬᠦ ᠳᠦᠷᠢᠮ︾ ᠤᠨ ᠳᠥᠴᠢᠨ ᠬᠤᠶᠠᠳᠤᠭᠠᠷ ᠵᠦᠢᠯ᠂ ᠳᠥᠴᠢᠨ ᠳᠣᠯᠣᠳᠤᠭᠠᠷ ᠵᠦᠢᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠭᠠᠭᠴᠠᠮᠣᠳᠤ ᠬᠢᠯᠢ  ᠶᠢᠨ  ᠪᠣᠭᠤᠮᠲᠠ ᠶᠢᠨ ᠬᠠᠭᠤᠴᠢᠨ ᠠᠮᠢᠳᠤᠷᠠᠯ ᠤᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠲᠠᠲᠠᠪᠤᠷᠢᠯᠠᠭᠳᠠᠭᠰᠠᠨ ᠡᠷᠦᠬᠡ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠲᠤᠬᠠᠢ ᠴᠣᠬᠤᠯᠠᠪᠤᠷᠢ︾ ︵ᠤᠷᠠᠳ ᠤᠨ ᠲᠤᠮᠳᠠᠳᠤ ᠵᠠᠰᠠᠭ ᠥᠰᠥᠭ ﹇2024﹈ 49 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠢ ᠦᠨᠳᠦᠰᠦᠯᠡᠨ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠠᠮᠢᠳᠤᠷᠠᠯ ᠤᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠲᠠᠲᠠᠪᠤᠷᠢᠯᠠᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠯᠦ ᠸᠧᠢ ᠳ᠋ᠦ᠋ ᠵᠡᠷᠭᠡ 120 ᠲᠠᠲᠠᠪᠤᠷᠢᠯᠠᠭᠳᠠᠭᠰᠠᠨ ᠡᠷᠦᠬᠡ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠪᠠᠷ ᠲᠣᠭᠲᠠᠪᠠ᠃    ᠳᠡᠭᠡᠷᠡᠬᠢ ᠬᠤᠷᠢᠶᠠᠨ ᠠᠪᠤᠭᠰᠠᠨ ᠭᠠᠵᠠᠷ ᠰᠢᠷᠦᠢ ᠶᠢᠨ ᠳᠣᠲᠣᠷᠠᠬᠢ ᠨᠤᠷᠠᠭᠠᠵᠤ ᠨᠡᠭᠦᠯᠭᠡᠬᠦ ᠳᠤ ᠨᠥᠬᠦᠪᠦᠷᠢ ᠥᠭᠴᠦ ᠲᠥᠪᠬᠢᠨᠡᠭᠦᠯᠬᠦ ᠠᠵᠢᠯ ᠢ ᠲᠠᠲᠠᠪᠤᠷᠢᠯᠠᠬᠤ ᠲᠣᠪᠴᠢᠶ᠎ᠠ ᠠᠴᠠ ᠬᠠᠷᠢᠭᠤᠴᠠᠵᠤ ᠂ ᠬᠤᠯᠪᠣᠭᠳᠠᠬᠤ ᠨᠢᠭᠡᠴᠡ ᠪᠣᠯᠣᠨ ᠬᠤᠪᠢ ᠬᠥᠮᠥᠨ ᠤ ᠡᠷᠬᠡ ᠶᠢᠨ ᠬᠠᠷᠢᠶᠠᠯᠠᠯ ᠤᠨ ᠦᠨᠡᠮᠯᠡᠯ ᠬᠢᠭᠡᠳ ᠬᠠᠮᠢᠶ᠎ᠠ ᠪᠦᠬᠦᠢ ᠵᠥᠪᠰᠢᠶᠡᠷᠡᠭᠰᠡᠨ ᠪᠢᠴᠢᠭ ᠢ ᠲᠠᠲᠠᠪᠤᠷᠢᠯᠠᠬᠤ ᠲᠣᠪᠴᠢᠶ᠎ᠠ ᠠᠴᠠ ᠣᠷᠣᠯᠠᠨ ᠬᠤᠷᠢᠶᠠᠨ ᠠᠪᠴᠤ ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠲᠤᠰᠢᠶᠠᠨ ᠳᠠᠩᠰᠠᠯᠠᠭᠤᠯᠵᠤ ᠬᠦᠴᠦᠨ ᠦᠭᠡᠢ ᠪᠣᠯᠭᠠᠨ᠎ᠠ ᠂ ᠬᠤᠭᠤᠴᠠᠭ᠎ᠠ ᠬᠡᠲᠦᠷᠡᠲᠡᠯ᠎ᠡ ᠲᠤᠰᠢᠶᠠᠬᠤ ᠦᠭᠡᠢ ᠪᠣᠯ ᠥᠪᠡᠷ ᠲᠡᠭᠡᠨ ᠬᠦᠴᠦᠨ ᠦᠭᠡᠢ ᠪᠣᠯᠭᠠᠨ᠎ᠠ ᠃    ᠣᠲᠣ ᠠᠯᠪᠠᠨ ᠵᠠᠷ ᠢᠶᠠᠷ ᠬᠤᠷᠢᠶᠠᠨ ᠠᠪᠤᠨ᠎ᠠ᠂ ᠠᠯᠪᠠᠨ ᠵᠠᠷ ᠤᠨ ᠬᠤᠭᠤᠴᠠᠭ᠎ᠠ ᠨᠢ 7 ᠡᠳᠦᠷ ︵2024 ᠣᠨ ᠤ 9 ᠰᠠᠷ᠎ᠠ ᠶᠢᠨ 2 ᠤᠨ ᠡᠳᠦᠷ ᠠᠴᠠ 2024 ᠣᠨ ᠤ 9 ᠰᠠᠷ᠎ᠠ ᠶᠢᠨ 8 ᠤ ᠡᠳᠦᠷ︶ ᠪᠣᠯᠣᠨ᠎ᠠ᠂ ᠳᠡᠭᠡᠷᠡᠬᠢ ᠬᠡᠰᠡᠭ ᠭᠠᠵᠠᠷ ᠲᠤ ᠬᠡᠷᠪᠡ ᠣᠨᠳᠣᠣ ᠰᠠᠨᠠᠯ ᠲᠠᠢ ᠪᠣᠯ ᠠᠯᠪᠠᠨ ᠵᠠᠷ ᠤᠨ ᠬᠤᠭᠤᠴᠠᠭᠠᠨ ᠳᠤ ᠤᠷᠠᠳ ᠤᠨ ᠳᠤᠮᠳᠠᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 209 ᠠᠯᠪᠠᠨ ᠭᠡᠷ ᠲᠤ ᠬᠦᠷᠴᠦ ᠪᠢᠴᠢᠭ ᠤᠨ ᠬᠡᠯᠪᠡᠷᠢ  ᠪᠠᠷ ᠣᠨᠳᠣᠣ ᠰᠠᠨᠠᠯ ᠢᠶᠠᠨ ᠳᠤᠷᠠᠳᠤᠭᠠᠷᠠᠢ᠃ ᠬᠤᠭᠤᠴᠠᠭ᠎ᠠ ᠬᠡᠲᠦᠷᠡᠲᠡᠯ᠎ᠡ ᠣᠨᠳᠣᠣ ᠰᠠᠨᠠᠯ ᠦᠭᠡᠢ ᠪᠠᠶᠢᠪᠠᠯ ᠂ ᠲᠤᠰ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠨ᠎ᠡ ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃    ᠬᠠᠷᠢᠯᠴᠠᠬᠤ ᠤᠲᠠᠰᠤ᠄ 0478 -- 7139032    ᠳᠠᠭᠠᠯᠳᠤᠭᠤᠯᠤᠯ ᠄ ᠲᠠᠲᠠᠪᠤᠷᠢᠯᠠᠭᠳᠠᠭᠰᠠᠨ ᠡᠷᠦᠬᠡ ᠶᠢᠨ ᠭᠠᠵᠠᠷ ᠰᠢᠷᠣᠢ ᠬᠡᠷᠡᠭᠯᠡᠬᠦ ᠦᠨᠡᠮᠯᠡᠯ ᠢ ᠬᠦᠴᠦᠨ ᠦᠭᠡᠢ ᠪᠤᠯᠭᠠᠬᠤ ᠨᠡᠷᠡᠰ ᠤᠨ ᠪᠦᠷᠢᠳᠬᠡᠯ                       ᠤᠷᠠᠳ ᠤᠨ ᠳᠤᠮᠳᠠᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                                    2024 ᠣᠨ ᠤ 9 ᠰᠠᠷ᠎ᠠ ᠶᠢᠨ 2 ᠤᠨ ᠡᠳᠦᠷ   ᠳᠠᠭᠠᠯᠳᠤᠭᠤᠯᠤᠯ ᠪᠠᠭᠤᠯᠭᠠᠬᠤ ᠄http://www.wltzq.gov.cn/ywdt/tzgg/202409/P020240902603625479142.pdf
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ